ᠶᠠᠩ ᠶᠢᠩ ᠰᠢᠨ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠣᠶᠢᠯ ᠤᠨ ᠭᠠᠷ ᠭᠦᠢᠴᠡᠳᠬᠡᠯ ᠢ ᠲᠦᠷᠭᠡᠳᠬᠡᠬᠦ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/2/23
    2 ᠰᠠᠷ᠎ᠠ ᠶᠢᠨ 18 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ᠴᠢᠬᠤᠯᠠ ᠶᠡᠭᠡ ᠲᠦᠷᠦᠯ ᠵᠣᠶᠢᠯ ᠤᠨ ᠭᠠᠷ ᠭᠦᠢᠴᠡᠳᠭᠡᠯ ᠢ ᠲᠦᠷᠭᠡᠳᠬᠡᠬᠦ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠷᠠᠯ ᠲᠡᠭᠡᠷ᠎ᠡ ᠬᠤᠳᠠ ᠶᠢᠨ ᠲᠡᠰ ᠤᠨ 13 ᠲᠦᠷᠦᠯ ᠤᠨ ᠬᠤᠯᠪᠣᠭᠠᠯᠠᠨ ᠴᠣᠬᠤᠯᠠᠪᠦᠷᠢᠯᠠᠬᠤ ᠲᠦᠷᠦᠯ ᠵᠣᠶᠢᠯ ᠤᠨ ᠭᠠᠷ ᠭᠦᠢᠴᠡᠳᠬᠡᠯ ᠤᠨ ᠪᠠᠶᠢᠳᠠᠯ ᠵᠢᠴᠢ ᠠᠬᠢᠭᠤᠯᠣᠯᠳᠠ ᠶᠢᠨ ᠲᠦᠰᠦᠪ ᠢ ᠨᠡᠶᠢᠳᠡᠯᠡᠨ᠂ ᠬᠡᠰᠡᠭ ᠲᠦᠷᠦᠯ ᠵᠣᠶᠢᠯ12 ᠬᠡᠷᠡᠭᠵᠢᠭᠦᠯᠬᠦ ᠪᠠᠶᠢᠭᠤᠯᠭ᠎ᠠ ᠶᠢᠨ ᠭᠠᠷ ᠭᠦᠢᠴᠡᠳᠬᠡᠯ᠂ ᠰᠠᠯᠠᠭ᠎ᠠ ᠮᠦᠴᠢᠷ ᠠᠴᠠ ᠴᠣᠬᠤᠯᠠᠪᠦᠷᠢᠯᠠᠬᠤ ᠲᠦᠷᠦᠯ ᠵᠣᠶᠢᠯ ᠵᠡᠷᠭᠡ ᠬᠤᠯᠪᠣᠭᠳᠠᠯ ᠪᠦᠬᠦᠢ ᠪᠠᠶᠢᠳᠠᠯ ᠢ ᠰᠣᠨᠣᠰᠪᠠ᠃     ᠶᠠᠩ ᠶᠢᠩ ᠰᠢᠨ᠂ ᠦᠨᠦᠳᠦᠷ ᠤᠨ ᠲᠦᠷᠦᠯ ᠵᠣᠶᠢᠯ ᠤᠨ ᠪᠠᠶᠢᠭᠤᠯᠣᠯᠳᠠ ᠶᠢᠨ ᠣᠷᠣᠨ ᠵᠠᠢ ᠪᠣᠯ ᠮᠠᠷᠭᠠᠰᠢ  ᠶᠢᠨ ᠣᠶᠢᠯᠠᠳᠪᠦᠷᠢᠯᠠᠯ ᠤᠨ ᠬᠦᠴᠦᠨ ᠤ ᠬᠦᠭᠵᠢᠯᠳᠡ ᠶᠢᠨ ᠪᠠᠶᠢᠷᠢᠰᠢᠭᠤᠯᠣᠯ ᠮᠦᠨ᠂ ᠪᠦᠬᠦ ᠬᠤᠰᠢᠭᠤ ᠪᠠᠷ ᠢᠶᠠᠨ ᠬᠤᠳᠠ ᠬᠤᠰᠢᠭᠤ ᠬᠤᠶᠠᠷ ᠱᠠᠳᠣᠨ ᠤ ︽ᠳᠠᠪᠰᠢᠩᠭᠤᠢ ᠲᠠᠢ ᠬᠠᠷᠢᠴᠠᠭᠤᠯᠵᠤ᠂ ᠬᠦᠢᠴᠡᠵᠦ ᠳᠠᠪᠠᠭ᠋ᠤ︾ ᠵᠢᠴᠢ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠬᠦᠯᠬᠦ ᠬᠤᠷᠠᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢᠨ ᠲᠣᠭᠤᠷᠢᠨ ᠳᠤ᠂ ︽ᠡᠬᠢᠯᠡᠯᠳᠡ ᠪᠣᠯ ᠰᠢᠢᠳᠪᠦᠷᠢᠳᠦ ᠪᠠᠶᠢᠯᠳᠣᠭᠠᠨ᠂ ᠡᠬᠢᠯᠡᠯᠳᠡ ᠪᠣᠯ ᠡᠷᠴᠢᠳᠦ ᠰᠢᠪᠳᠦᠯᠦᠯᠳᠡ︾ ᠶᠢᠨ ᠪᠠᠶᠢᠳᠠᠯ ᠢ ᠪᠠᠷᠢᠮᠳᠠᠯᠠᠵᠣ᠂ ︽ᠲᠦᠷᠦᠯ ᠵᠣᠶᠢᠯ ᠢ ᠠᠳᠬᠤᠬᠤ᠂ ᠨᠠᠶᠢᠳᠠᠪᠦᠷᠢᠵᠢᠭᠤᠯᠣᠯᠳᠠ ᠶᠢ ᠴᠢᠬᠤᠯᠠᠴᠢᠯᠠᠬᠤ᠂ ᠬᠦᠭᠵᠢᠯᠳᠡ ᠶᠢ ᠠᠬᠢᠭᠤᠯᠬᠤ︾ ᠰᠢᠪᠳᠣᠯᠣᠯᠳᠠ ᠶᠢᠨ ᠱᠠᠭᠠᠷᠳᠠᠯᠭ᠎ᠠ  ᠶᠢ ᠪᠦᠬᠦ ᠲᠠᠯ᠎ᠠ ᠪᠠᠷ ᠲᠣᠣᠱᠯᠠᠭᠤᠯᠣᠨ᠂ ᠦᠵᠡᠯ ᠰᠠᠨᠠᠭ᠎ᠠ ᠪᠠᠨ ᠨᠢᠭᠡᠳᠬᠡᠵᠣ᠂ ᠴᠢᠮᠡᠭᠡ ᠵᠠᠩᠬᠢ ᠪᠠᠨ ᠰᠣᠯᠢᠯᠴᠠᠨ᠂ ᠡᠭᠦᠷᠭᠡ ᠪᠠᠨ ᠨᠠᠷᠢᠯᠢᠭᠵᠢᠭᠤᠯᠣᠨ ᠵᠠᠳᠠᠯᠵᠣ᠂ ᠲᠦᠷᠦᠯ ᠵᠣᠶᠢᠯ ᠤᠨ ᠡᠮᠦᠨ᠎ᠡ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠳᠬᠡᠨ᠂ ᠬᠠᠪᠣᠷ ᠤᠨ ᠣᠯᠠᠷᠢᠯ ᠤᠨ ᠴᠢᠬᠤᠯᠠ ᠶᠡᠭᠡ ᠲᠦᠷᠦᠯ ᠵᠣᠶᠢᠯ ᠢ ᠲᠦᠪᠯᠡᠷᠡᠩᠬᠦᠢ ᠪᠠᠷ ᠪᠠᠷᠢᠯᠭ᠎ᠠ ᠡᠬᠢᠯᠡᠭᠦᠯᠬᠦ ᠪᠣᠯᠣᠨ ᠪᠦᠬᠦ ᠵᠢᠯ ᠤᠨ ᠡᠭᠦᠷᠭᠡ ᠬᠠᠷᠠᠯᠳᠠ ᠪᠠᠨ ᠪᠡᠶᠡᠯᠡᠭᠦᠯᠬᠦ ᠰᠠᠭᠤᠷᠢ ᠶᠢ ᠪᠠᠬᠢᠵᠢᠭᠦᠯᠬᠦ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠶᠠᠩ ᠶᠢᠩ ᠰᠢᠨ᠂ ᠡᠯ᠎ᠡ ᠠᠵᠣ ᠠᠬᠤᠶᠢᠯᠠᠯ ᠭᠤᠣᠯ ᠴᠣᠭᠴᠠ ᠶᠢᠨ ᠣᠶᠢᠯᠠᠳᠣᠯ ᠢᠶᠠᠨ ᠭᠦᠢᠴᠡᠳ ᠪᠠᠳᠠᠷᠠᠭᠤᠯᠣᠨ᠂ ᠲᠦᠷᠦ ᠶᠢᠨ ᠪᠣᠳᠣᠯᠭ᠎ᠠ ᠶᠢᠨ ᠲᠣᠬᠢᠶᠠᠯ ᠪᠣᠯᠣᠨ ᠴᠣᠬᠤᠯᠠᠪᠦᠷᠢᠯᠠᠯᠳᠠ ᠶᠢᠨ ᠴᠣᠩᠬᠤᠪᠴᠢ ᠶᠢᠨ ᠬᠤᠭᠤᠴᠠᠭ᠎ᠠ ᠶᠢ ᠠᠰᠢᠭᠯᠠᠵᠣ᠂ ︽ᠬᠦᠯᠢᠶᠡᠬᠦ ᠪᠠᠷᠠᠯᠠᠬᠤ︾ ᠦᠵᠡᠯᠳᠡ ᠶᠢ ᠲᠠᠶᠠᠭᠳᠠᠨ᠂ ᠴᠣᠬᠤᠯᠠᠪᠦᠷᠢᠯᠠᠬᠤ ᠰᠠᠯᠠᠭ᠎ᠠ ᠮᠦᠴᠢᠷ ᠲᠠᠢ ᠬᠠᠷᠢᠯᠴᠠᠭ᠎ᠠ ᠪᠠᠨ ᠴᠢᠩᠭᠠᠳᠬᠠᠵᠣ᠂ ᠡᠯ᠎ᠡ ᠲᠦᠷᠦᠯ ᠤᠨ ᠭᠠᠷ ᠭᠦᠢᠴᠡᠳᠬᠡᠯ ᠤᠨ ᠠᠵᠢᠯ ᠢ ᠪᠦᠬᠦ ᠲᠠᠯ᠎ᠠ ᠪᠠᠷ ᠡᠬᠢᠯᠡᠭᠦᠯᠣᠨ᠂ ᠲᠦᠷᠦᠯ ᠵᠣᠶᠢᠯ ᠢ ᠲᠠᠷᠠᠭᠠᠯᠠᠯ ᠶᠣᠰᠣᠭᠠᠷ ᠠᠬᠢᠭᠤᠯᠬᠤ ᠶᠢ ᠪᠠᠳᠣᠯᠠᠵᠣ᠂ ᠲᠣᠭᠳᠠᠭᠰᠠᠨ ᠬᠤᠭᠤᠴᠠᠭᠠᠨ ᠳᠤ ᠠᠰᠢᠭᠯᠠᠯᠳᠠ ᠳᠤ ᠣᠷᠣᠭᠤᠯᠵᠣ ᠪᠦᠳᠦᠮᠵᠢ ᠭᠠᠷᠭᠠᠨ᠂ ᠠᠵᠣ ᠠᠬᠤᠶᠢᠯᠠᠯ ᠭᠠᠵᠠᠷ ᠣᠷᠣᠨ ᠤ ᠬᠠᠮᠳᠦ ᠶᠢᠨ ᠢᠯᠠᠯᠳᠠ ᠶᠢ ᠪᠡᠶᠡᠯᠡᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠶᠠᠩ ᠶᠢᠩ ᠰᠢᠨ᠂ ᠨᠡᠭᠡᠭᠡᠯᠳᠡ ᠶᠢᠨ ᠣᠷᠣᠨ ᠭᠤᠣᠯ ᠵᠢᠯᠣᠭᠤᠳᠣᠯᠭ᠎ᠠ ᠶᠢᠨ ᠣᠶᠢᠯᠠᠳᠣᠯ ᠢᠶᠠᠨ ᠪᠠᠳᠠᠷᠠᠭᠤᠯᠣᠨ᠂ ᠠᠴᠢᠶᠠᠯᠠᠬᠤ ᠴᠢᠳᠠᠪᠬᠢ ᠪᠠᠨ ᠲᠡᠭᠡᠭᠰᠢᠯᠡᠭᠦᠯᠵᠣ᠂ ᠬᠢᠵᠠᠭᠠᠷᠯᠠᠯ ᠢ ᠰᠢᠪᠳᠣᠯᠣᠨ᠂ ᠲᠣᠭᠳᠠᠴᠠ ᠲᠣᠭᠳᠠᠯᠴᠠᠭ᠎ᠠ ᠶᠢ ᠵᠣᠬᠢᠴᠠᠭᠤᠯᠵᠣ᠂ ᠠᠵᠣ ᠠᠬᠤᠶᠢᠯᠠᠯ ᠤᠨ ᠬᠦᠭᠵᠢᠯᠳᠡ ᠪᠠ ᠲᠦᠷᠦᠯ ᠵᠣᠶᠢᠯ ᠤᠨ ᠨᠠᠶᠢᠳᠠᠪᠦᠷᠢᠵᠢᠭᠤᠯᠣᠯᠳᠠ ᠳᠤ ᠣᠬᠢ ᠰᠠᠶᠢᠨ ᠣᠷᠴᠢᠨ ᠢ ᠪᠦᠷᠢᠯᠳᠣᠭᠦᠯᠣᠨ᠂ ᠣᠶᠢᠯᠡᠴᠢᠯᠡᠭᠡᠨ ᠤ ᠲᠠᠪᠴᠠᠩ ᠢ ᠪᠠᠶᠢᠭᠤᠯᠣᠨ ᠴᠢᠨᠠᠷᠵᠢᠭᠤᠯᠬᠤ ᠬᠡᠷᠡᠭᠳᠡᠢ᠃ ᠪᠠᠯᠭᠠᠰᠦ ᠪᠣᠯᠣᠨ ᠰᠠᠯᠠᠭ᠎ᠠ ᠮᠦᠴᠢᠷ ᠤᠨ ᠬᠢᠨ ᠵᠣᠬᠢᠴᠠᠭᠤᠯᠬᠤ ᠣᠶᠢᠯᠡᠴᠢᠯᠡᠭᠡᠨ ᠤ ᠣᠶᠢᠯᠠᠳᠣᠯ ᠢᠶᠠᠨ ᠪᠠᠳᠠᠷᠠᠭᠤᠯᠣᠨ᠂ ᠰᠠᠨᠠᠭᠠᠴᠢᠯᠠᠭ᠎ᠠ ᠠᠴᠠ ᠪᠠᠨ ᠠᠵᠣ ᠠᠬᠤᠶᠢᠯᠠᠯ ᠲᠠᠢ ᠬᠠᠷᠢᠯᠴᠠᠵᠣ᠂ ᠲᠦᠷᠦ ᠶᠢᠨ ᠪᠣᠳᠣᠯᠭ᠎ᠠ ᠶᠢᠨ ᠲᠠᠶᠢᠯᠣᠮᠵᠢ ᠶᠢ ᠰᠠᠶᠢᠳᠦᠷ ᠬᠢᠨ᠂ ᠠᠵᠣ ᠠᠬᠤᠶᠢᠯᠠᠯ ᠤᠨ ᠲᠦᠯᠦᠪᠵᠢᠭᠦᠯᠭᠡ ᠶᠢᠨ ︽ᠣᠶᠢᠷ᠎ᠠ ᠲᠣᠮᠳᠠ ᠠᠯᠣᠰ︾ ᠭᠤᠷᠪᠠᠨ ᠱᠠᠳᠣᠨ  ᠤ ᠬᠠᠷᠠᠯᠳᠠ ᠡᠭᠦᠷᠭᠡ ᠶᠢ ᠵᠢᠯᠣᠭᠤᠳᠴᠦ᠂ ᠭᠤᠣᠯᠳᠠᠯᠭᠠᠳᠦ ᠡᠭᠦᠷᠭᠡ᠂ ᠵᠠᠩᠬᠢᠯᠠᠭ᠎ᠠ ᠶᠢᠨ ᠭᠤᠭᠴᠣᠭᠠᠨ ᠤ ᠡᠷᠴᠢᠮ  ᠢᠶᠠᠨ ᠴᠢᠩᠭᠠᠳᠬᠠᠨ᠂ ᠲᠦᠷᠦᠯ ᠵᠣᠶᠢᠯ ᠤᠨ ᠭᠠᠷ ᠭᠦᠢᠴᠡᠳᠬᠡᠯ ᠤᠨ ᠲᠦᠷ ᠴᠠᠭ ᠤᠨ ᠪᠣᠳᠠᠳᠦ ᠬᠦᠴᠢᠷᠳᠡᠯ ᠪᠣᠯᠣᠨ ᠠᠰᠠᠭᠤᠳᠠᠯ ᠤᠨ ᠰᠢᠢᠳᠪᠦᠷᠢᠯᠡᠯᠳᠡ ᠳᠤ ᠬᠦᠴᠦᠨ ᠢᠶᠠᠨ ᠬᠠᠮᠳᠣᠳᠬᠠᠵᠣ᠂ ᠲᠦᠷᠦᠯ ᠵᠣᠶᠢᠯ ᠤᠨ ᠲᠣᠭᠳᠠᠭᠤᠨ ᠠᠬᠢᠯᠳᠠ ᠶᠢ ᠮᠠᠨ ᠤ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢᠨ ᠬᠦᠳᠡᠯᠭᠡᠭᠴᠢ ᠬᠦᠴᠦᠨ ᠪᠣᠯᠭᠠᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠰᠦᠨ ᠶᠢᠣ ᠵᠢᠶᠦ᠋ᠨ᠂ ᠶᠢᠣ ᠵᠢᠶᠠᠨ ᠴᠢᠩ᠂ ᠱᠢ ᠬᠤᠢ᠂ ᠶᠠᠩ ᠵᠢᠢ ᠴᠢᠶᠠᠩ ᠵᠢᠴᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠣᠯᠵᠠᠴᠢ ᠪᠠᠯᠭᠠᠰᠦ᠂ ᠱᠠᠩᠬᠠᠢ ᠶᠢᠨ ᠰᠦᠮ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠬᠠᠮᠢᠶ᠎ᠠ ᠪᠦᠬᠦᠢ ᠠᠵᠣ ᠠᠬᠤᠶᠢᠯᠠᠯ  ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号