ᠬᠦᠬᠡᠬᠤᠳᠠ ᠶᠢᠨ ᠬᠢᠵᠢᠭ ᠰᠡᠷᠬᠡᠶᠢᠯᠡᠬᠦ ᠠᠵᠢᠯ ᠳᠤ ᠳᠤᠰᠠᠯᠠᠭᠰᠡᠨ ᠤᠳᠤᠭ ᠤᠨ ᠡᠮᠤᠨᠡᠳᠤ ᠬᠤᠰᠢᠭᠤᠨ ᠤ ᠠᠵᠢᠯᠳᠠᠨ ᠠᠮᠵᠢᠯᠳᠠ ᠲᠠᠢ ᠪᠤᠴᠠᠵᠤ ᠢᠷᠡᠪᠡ
ᠨᠡᠶᠢᠲᠡᠯᠡᠭᠰᠡᠨ ᠴᠠᠭ᠄
2022/3/14
    3 ᠰᠠᠷ᠎ᠠ ᠶᠢᠨ 10 ᠤ ᠡᠳᠤᠷ᠂ ᠬᠦᠬᠡᠬᠤᠳᠠ ᠶᠢᠨ ᠬᠢᠵᠢᠭ ᠢ ᠰᠡᠷᠬᠡᠶᠢᠯᠡᠬᠦ ᠠᠵᠢᠯ ᠳᠤ ᠳᠤᠰᠠᠯᠠᠬᠤ ᠪᠠᠷ ᠮᠤᠷᠳᠠᠭᠰᠡᠨ ᠤᠳᠤᠭ ᠤᠨ ᠡᠮᠤᠨᠡᠳᠤ ᠬᠤᠰᠢᠭᠤᠨ ᠤ ᠡᠪᠡᠤᠨᠴᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ ᠲᠦᠪ ᠤᠨ ᠠᠵᠢᠯᠳᠠᠨ ᠱᠢ ᠬᠤᠢ ᠳᠤᠰᠠᠯᠠᠬᠤ ᠡᠬᠦᠷᠬᠡ ᠪᠠᠨ ᠠᠮᠵᠢᠯᠳᠠ ᠲᠠᠢ ᠪᠡᠶᠡᠯᠡᠬᠦᠯᠤᠬᠡᠤᠨ ᠠᠮᠤᠷ ᠲᠦᠪᠰᠢᠨ ᠪᠤᠴᠠᠵᠤ ᠢᠷᠡᠪᠡ᠃
    ᠱᠢ ᠬᠤᠢ 2 ᠰᠠᠷ᠎ᠠ ᠶᠢᠨ 18 ᠤ ᠡᠳᠤᠷ ᠬᠦᠬᠡᠬᠤᠳᠠ ᠳᠤ ᠬᠦᠷᠴᠤ ᠬᠢᠵᠢᠭ ᠰᠡᠷᠬᠡᠶᠢᠯᠡᠬᠦ ᠠᠵᠢᠯ ᠳᠤ ᠳᠤᠰᠠᠯᠠᠭᠰᠡᠨ ᠶᠤᠮ᠃ ᠬᠦᠬᠡᠬᠤᠳᠠ ᠶᠢᠨ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠵᠠᠩᠬᠢᠯᠠᠭ᠎ᠠ ᠶᠢᠨ ᠦᠶ᠎ᠡ ᠳᠤ᠂ ᠳᠠᠷᠠ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠬᠢᠵᠢᠭ ᠢ ᠡᠰᠡᠷᠬᠦᠴᠡᠬᠦ ᠬᠠᠮᠤᠭ ᠤᠨ ᠡᠮᠤᠨ᠎ᠡ ᠹᠷᠤᠨᠲ ᠲᠤ ᠬᠦᠷᠴᠤ ᠡᠳᠤᠷ ᠰᠦᠨᠢ ᠢᠯᠭᠠᠯ ᠦᠬᠡᠢ ᠪᠦᠬᠦᠯᠢ 20 ᠡᠳᠤᠷ ᠡᠷᠡᠯᠬᠡᠭᠯᠡᠨ ᠳᠡᠮᠡᠴᠡᠵᠤ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠠᠭ ᠮᠦᠴᠠ ᠲᠠᠢ ᠤᠷᠤᠯᠳᠤᠨ᠂ ᠸᠢᠷᠦ᠋ᠰ ᠲᠠᠢ ᠳᠡᠮᠡᠴᠡᠵᠤ᠂ ᠬᠢᠵᠢᠭ ᠬᠠᠯᠳᠠᠪᠤᠷᠢᠯᠠᠬᠤ ᠪᠤᠯᠤᠮᠵᠢ ᠮᠦᠷ ᠢ ᠵᠢᠭᠰᠠᠭᠠᠨ ᠨᠢᠭᠳᠠᠯᠠᠵᠤ᠂ ᠪᠤᠯᠤᠮᠵᠢ ᠮᠦᠷ ᠤᠨ ᠮᠡᠳᠡᠬᠦᠯᠤᠯᠳᠠ ᠶᠢ ᠪᠢᠴᠢᠬᠦ᠂ ᠨᠠᠶᠢᠬᠡᠮ ᠳᠤᠭᠤᠷᠢᠭ ᠪᠠ ᠳᠤᠰᠭᠠᠷᠯᠠᠬᠤ ᠭᠠᠵᠠᠷ ᠢ ᠰᠡᠷᠬᠡᠶᠢᠯᠡᠨ ᠡᠵᠡᠮᠳᠡᠵᠤ ᠵᠢᠯᠤᠭᠤᠤᠨᠬᠤ ᠵᠡᠷᠬᠡ ᠠᠵᠢᠯ ᠢ ᠴᠢᠨᠠᠷ ᠰᠠᠶᠢᠳᠠᠢ ᠪᠡᠶᠡᠯᠡᠬᠦᠯᠤᠬᠡᠤᠨ ᠡᠳᠤᠬᠡ ᠠᠮᠵᠢᠯᠳᠠ ᠲᠠᠢ ᠮᠦᠷᠳᠡᠬᠡᠨ ᠠᠮᠤᠷ ᠲᠦᠪᠰᠢᠨ ᠬᠠᠷᠢᠵᠤ ᠢᠷᠡᠭᠰᠡᠨ ᠪᠠᠶᠢᠨ᠎ᠠ᠃     ᠤᠳᠤᠭ ᠤᠨ ᠡᠮᠤᠨᠡᠳᠤ ᠬᠤᠰᠢᠭᠤᠨ ᠤ ᠡᠪᠡᠤᠨᠴᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ ᠲᠦᠪ ᠤᠨ ᠠᠵᠢᠯᠳᠠᠨ ᠱᠢ ᠬᠤᠢ᠄ ᠪᠠᠶᠢᠭᠤᠯᠭ᠎ᠠ ᠠᠴᠠ ᠨᠠᠮ᠎ᠠ ᠶᠢ ᠢᠳᠡᠬᠡᠵᠤ ᠳᠡᠮᠵᠢᠭᠰᠡᠨ ᠳᠤ ᠳᠠᠯᠠᠷᠬᠠᠵᠤ ᠪᠠᠶᠢᠨ᠎ᠠ᠂ ᠪᠢ ᠡᠨᠡ ᠤᠳᠠᠭ᠎ᠠ ᠮᠠᠰᠢ ᠤᠯᠠᠨ ᠶᠠᠭᠤᠮ᠎ᠠ ᠰᠤᠷᠴᠤ ᠡᠵᠡᠮᠰᠢᠭᠰᠡᠨ ᠪᠦᠬᠡᠤᠨ ᠳᠤᠬᠠᠢ ᠶᠢᠨ ᠭᠠᠵᠠᠷ ᠤᠷᠤᠨ ᠤ ᠠᠷᠠᠤᠨ ᠢᠷᠬᠡᠤᠨ ᠤᠨ ᠠᠮᠤᠷ ᠳᠠᠶᠢᠪᠤᠩ ᠢ ᠪᠠᠳᠤᠯᠠᠵᠤ ᠴᠢᠳᠠᠭᠰᠡᠨ ᠳᠤ ᠪᠠᠨ ᠮᠠᠰᠢ ᠪᠠᠶᠠᠷᠯᠠᠵᠤ ᠪᠠᠶᠢᠨ᠎ᠠ᠂ ᠬᠤᠶᠢᠰᠢᠳᠠ ᠠᠵᠢᠯ ᠳᠤ ᠪᠠᠨ ᠨᠠᠩ ᠢᠯᠡᠬᠦᠤ ᠴᠢᠷᠮᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号