ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ︾ ᠶᠢ ᠡᠮᠬᠢᠲᠡᠢ ᠠᠬᠢᠭᠤᠯᠬᠤ ᠬᠡᠷᠡᠭᠵᠢᠬᠦᠯᠬᠦ ᠲᠦᠰᠦᠯ ᠢ ᠲᠠᠷᠣᠮᠠᠯᠯᠠᠨ | ᠲᠠᠷᠬᠠᠭᠠᠬᠤ ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ | | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ | ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠵᠢᠴᠢ ᠬᠤᠯᠪᠤᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠳᠤ᠄ | ᠡᠳᠦᠬᠡ ︽ᠣᠲᠤᠭ ᠤᠨ ᠡᠮᠦᠨᠡᠲᠦ ᠬᠤᠰᠢᠭᠤᠨ ᠤ ︿ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ﹀ ᠶᠢ ᠡᠮᠬᠢᠲᠡᠢ ᠠᠬᠢᠭᠤᠯᠬᠤ ᠬᠡᠷᠡᠭᠵᠢᠬᠦᠯᠬᠦ ᠲᠦᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ | ᠪᠤᠲᠠᠲᠠᠢ ᠲᠠᠢ ᠪᠠᠨ ᠣᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠳᠣᠭᠠᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠰᠠᠷ᠎ᠠ ᠶᠢᠨ 22 ᠤᠨ ᠡᠳᠦᠷ | | ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ︾ ᠶᠢ ᠡᠮᠬᠢᠲᠡᠢ ᠠᠬᠢᠭᠤᠯᠬᠤ ᠬᠡᠷᠡᠭᠵᠢᠬᠦᠯᠬᠦ ᠲᠦᠰᠦᠯ | | | ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠡᠮᠬᠢᠲᠡᠢ | ᠠᠬᠢᠭᠤᠯᠵᠤ᠂ ᠠᠷᠠᠳ ᠤᠯᠠᠨ ᠤ ᠲᠤᠯᠠᠭᠠᠯᠠᠭ᠎ᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠤᠰᠠᠳᠠ᠂ | ︽︿ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ﹀ ᠠᠵᠢᠯ ᠤᠨ ᠬᠤᠯᠪᠤᠭᠳᠠᠯ ᠪᠦᠬᠦᠢ ᠣᠴᠢᠷ | ᠶᠠᠪᠤᠳᠠᠯ ᠢ ᠡᠮᠬᠢᠲᠡᠢ ᠦᠷᠨᠢᠬᠦᠯᠬᠦ ᠲᠤᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠤᠨ ᠪᠠᠴᠢᠮ ᠮᠡᠳᠡᠭᠳᠡᠯ︾ | ︵ᠦᠪᠦᠷ ᠡᠨᠧᠷᠬᠢ ᠴᠠᠬᠢᠯᠭᠠᠨ ᠬᠦᠴᠦᠨ ᠦᠰᠦᠭᠲᠦ ﹇2021﹈ 722 ᠲᠤᠭᠠᠲᠤ︶ ᠢ ᠦᠨᠳᠦᠰᠦᠯᠡᠨ᠂ ᠪᠦᠬᠦ | ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠪᠠ ᠬᠦᠳᠡᠭᠡ | ᠲᠤᠰᠬᠤᠨ ᠤ ᠡᠨᠧᠷᠬᠢ ᠶᠢᠨ ᠬᠦᠭᠵᠢᠯᠲᠡ ᠶᠢᠨ ᠪᠤᠲᠠᠲᠠᠢ ᠲᠠᠢ ᠣᠶᠠᠯᠳᠣᠭᠤᠯᠵᠣ᠂ ︽ᠬᠡᠰᠡᠭ ᠭᠠᠵᠠᠷ᠂ ᠪᠦᠬᠦ | ᠲᠤᠰᠬᠤᠨ ᠢᠶᠠᠷ ᠠᠬᠢᠭᠤᠯᠬᠤ᠂ ᠱᠠᠲᠤ᠂ ᠠᠯᠬᠤᠮ ᠳᠠᠷᠠᠭ᠎ᠠ ᠬᠤᠪᠢᠶᠠᠵᠤ ᠬᠡᠷᠡᠭᠵᠢᠬᠦᠯᠬᠦ︾ ᠵᠠᠷᠴᠢᠮ ᠶᠤᠰᠤᠭᠠᠷ᠂ | ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠨᠢᠭᠡᠳᠦᠯᠲᠡᠢ | ᠲᠦᠯᠦᠪᠵᠢᠬᠦᠯᠦᠨ ᠠᠬᠢᠭᠤᠯᠬᠤ ᠪᠠᠷ ᠣᠨᠴᠠᠭᠠᠶᠢᠯᠠᠨ ᠲᠤᠰ ᠲᠦᠰᠦᠯ ᠢ ᠲᠤᠭᠲᠠᠭᠠᠪᠠ᠄ | ᠨᠢᠭᠡ᠂ ᠵᠢᠯᠤᠭᠤᠳᠬᠤ ᠦᠵᠡᠯ ᠰᠠᠨᠠᠭ᠎ᠠ | ᠶᠡᠷᠦᠩᠬᠡᠢ ᠱᠦᠵᠢ ᠰᠢ ᠶᠢᠨ ᠫᠢᠩ ᠤᠨ ᠣᠮᠠᠷᠠᠲᠤ ᠤᠷᠤᠨ ᠤ ᠡᠪᠤᠯ ᠤᠨ ᠣᠯᠠᠷᠢᠯ ᠤᠨ ᠴᠡᠪᠡᠷ ᠲᠤᠯᠠᠭᠠᠯᠠᠭ᠎ᠠ | ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ | ᠨᠠᠶᠢᠲᠠᠪᠤᠷᠢᠵᠢᠭᠤᠯᠵᠤ᠂ ᠠᠬᠤ ᠠᠬᠤᠶᠢᠯᠠᠯ ᠢᠶᠠᠷ ᠭᠤᠤᠯ ᠪᠤᠯᠭᠠᠬᠤ᠂ ᠵᠠᠰᠠᠭ ᠤᠨ ᠣᠷᠳᠣᠨ ᠠᠴᠠ ᠠᠬᠢᠭᠤᠯᠬᠤ᠂ | ᠲᠤᠬᠠᠢ ᠶᠢᠨ ᠭᠠᠵᠠᠷ ᠲᠤᠨᠢ ᠲᠤᠬᠢᠷᠠᠭᠤᠯᠬᠤ᠂ ᠰᠠᠭᠤᠭᠠᠯᠢ ᠠᠷᠠᠳ ᠬᠦᠯᠢᠶᠡᠨ ᠠᠪᠴᠤ ᠳᠡᠶᠢᠯᠬᠦ ᠴᠢᠭᠯᠡᠯᠲᠡ ᠶᠤᠰᠤᠭᠠᠷ᠂ | ︽ᠴᠠᠬᠢᠯᠭᠠᠨ᠂ ᠨᠡᠬᠦᠷᠡᠰᠦ᠂ ᠰᠢᠲᠠᠮᠠᠬᠠᠢ ᠬᠡᠢ ᠶᠢᠨ ᠠᠯᠢᠨ ᠨᠢ ᠲᠤᠬᠢᠷᠠᠪᠠᠯ ᠠᠯᠢ ᠶᠢ ᠨᠢ ᠬᠡᠷᠡᠭᠯᠡᠬᠦ︾ ᠵᠠᠷᠴᠢᠮ ᠢᠶᠠᠷ | ᠲᠤᠬᠢᠷᠠᠮᠵᠢᠲᠠᠢ ᠴᠡᠪᠡᠷ ᠳᠣᠯᠠᠭᠠᠯᠠᠭ᠎ᠠ ᠶᠢᠨ ᠠᠷᠭ᠎ᠠ ᠪᠤᠳᠤᠯᠭ᠎ᠠ ᠶᠢ ᠠᠪᠴᠣ᠂ ᠴᠡᠪᠡᠷ ᠡᠨᠧᠷᠬᠢ ᠶᠢᠨ ᠠᠰᠢᠭᠯᠠᠯᠲᠠ ᠶᠢ | ᠶᠡᠬᠡᠪᠡᠷ ᠲᠦᠭᠡᠮᠡᠯᠵᠢᠬᠦᠯᠦᠨ᠂ ᠬᠤᠲᠠ ᠪᠠᠯᠭᠠᠰᠣᠨ ᠤ ᠢᠯᠴᠢ ᠬᠠᠩᠭᠠᠬᠤ ᠡᠨᠧᠷᠬᠢ ᠶᠢᠨ ᠴᠡᠪᠡᠷ ᠠᠰᠢᠭᠯᠠᠯᠲᠠ ᠪᠠ | ᠢᠯᠴᠢ ᠬᠠᠩᠭᠠᠬᠤ ᠰᠢᠰᠲ᠋ᠧᠮ ᠤᠨ ᠦᠨᠳᠦᠷ ᠴᠢᠳᠠᠮᠵᠢ ᠶᠢ ᠠᠬᠢᠭᠤᠯᠵᠤ᠂ ᠵᠢᠵᠢᠭ ᠬᠡᠯᠪᠡᠷᠢ ᠶᠢᠨ ᠨᠡᠬᠦᠷᠡᠰᠦ ᠲᠦᠯᠡᠬᠦ | ᠵᠤᠤᠬ᠎ᠠ ᠬᠡᠷᠡᠭᠯᠡᠬᠦ ᠶᠢ ᠲᠠᠶᠠᠭᠳᠠᠨ᠂ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ | ᠠᠭᠠᠷ ᠮᠠᠨᠳᠠᠯ ᠤᠨ ᠪᠤᠬᠢᠷᠳᠣᠯ ᠤᠨ ᠵᠠᠰᠠᠯᠲᠠ ᠵᠢᠴᠢ ᠴᠠᠬᠢᠯᠭᠠᠨ ᠲᠤᠤᠷ ᠤᠨ ᠦᠬᠡᠷᠡᠴᠢᠯᠡᠯᠲᠡ ᠵᠡᠷᠭᠡ ᠠᠵᠢᠯ ᠲᠠᠢ | ᠤᠷᠭᠠᠨᠢᠭ ᠢᠶᠠᠷ ᠤᠶᠠᠯᠳᠣᠭᠤᠯᠵᠣ᠂ ᠴᠡᠪᠡᠷ ᠳᠣᠯᠠᠭᠠᠯᠠᠭ᠎ᠠ ᠶᠢᠨ ᠬᠤᠪᠢ ᠶᠢᠨ ᠵᠢᠩ ᠢ ᠳᠡᠭᠡᠭᠰᠢᠯᠡᠬᠦᠯᠦᠨ᠂ ᠪᠣᠬᠢᠷᠳᠣᠯ | ᠦᠬᠡᠢ᠂ ᠠᠷᠪᠢᠴᠢ᠂ ᠦᠨᠳᠦᠷ ᠪᠦᠲᠦᠮᠵᠢᠲᠡᠢ᠂ ᠵᠤᠬᠢᠴᠠᠩᠭᠤᠢ ᠴᠡᠪᠡᠷ ᠳᠣᠯᠠᠭᠠᠯᠠᠭ᠎ᠠ ᠶᠢᠨ ᠰᠢᠰᠲ᠋ᠧᠮ ᠢ ᠪᠠᠶᠢᠭᠤᠯᠵᠤ᠂ | ᠴᠡᠯᠮᠡᠭ ᠠᠭᠠᠷ ᠢᠶᠠᠨ ᠬᠠᠮᠠᠭᠠᠯᠠᠬᠤ ᠳᠤ ᠣᠬᠢ ᠰᠠᠶᠢᠨ ᠰᠠᠭᠤᠷᠢ ᠲᠠᠯᠪᠢᠨ᠎ᠠ᠃ | ᠬᠤᠶᠠᠷ᠂ ᠭᠤᠤᠯ ᠡᠬᠦᠷᠭᠡ | ᠴᠠᠬᠢᠯᠭᠠᠨ ᠬᠡᠷᠡᠭᠯᠡᠬᠦ ᠳᠤ ᠲᠤᠬᠢᠷᠠᠮᠵᠢᠲᠠᠢ ᠪᠣᠯ ᠴᠠᠬᠢᠯᠭᠠᠨ ᠬᠡᠷᠡᠭᠯᠡᠬᠦ ᠵᠠᠷᠴᠢᠮ ᠶᠤᠰᠤᠭᠠᠷ᠂ 2022 ᠣᠨ ᠳᠤ | 4 ᠪᠠᠯᠭᠠᠰᠣ ᠶᠢᠨ 68 ᠭᠠᠴᠠᠭ᠎ᠠ ᠲᠤᠰᠬᠤᠨ ᠳᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ | ᠬᠡᠷᠡᠭᠴᠡᠭᠡᠨ ᠤ ᠪᠦᠬᠦ ᠲᠠᠯ᠎ᠠ ᠶᠢᠨ ᠮᠦᠷᠳᠡᠨ ᠪᠠᠶᠢᠴᠠᠭᠠᠯᠲᠠ ᠶᠢᠨ ᠠᠵᠢᠯ ᠢ ᠦᠷᠨᠢᠬᠦᠯᠵᠦ᠂ ᠬᠡᠷᠡᠭᠯᠡᠭᠴᠢᠳ ᠤᠨ | ᠬᠡᠷᠡᠭᠴᠡᠭᠡ᠂ ᠠᠬᠢᠭᠤᠯᠤᠯᠲᠠ ᠶᠢᠨ ᠠᠯᠬᠤᠮ ᠳᠠᠷᠠᠭ᠎ᠠ ᠶᠤᠰᠤᠭᠠᠷ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ︾ ᠴᠠᠬᠢᠯᠭᠠᠨ ᠲᠦᠬᠡᠬᠡᠬᠦ ᠵᠠᠮ ᠱᠣᠭᠤᠮ ᠪᠠ ᠴᠠᠬᠢᠯᠭᠠᠨ ᠬᠤᠪᠢᠰᠬᠠᠭᠤᠷ ᠤᠨ ᠳᠠᠭᠠᠭᠠᠴᠠ ᠬᠡᠲᠦᠷᠡᠬᠦ | ᠪᠠᠶᠢᠳᠠᠯ ᠤᠨ ᠦᠬᠡᠷᠡᠴᠢᠯᠡᠯᠲᠡ ᠶᠢ ᠱᠠᠲᠤ᠂ ᠠᠯᠬᠤᠮ ᠳᠠᠷᠠᠭ᠎ᠠ ᠬᠤᠪᠢᠶᠠᠵᠤ ᠡᠮᠬᠢᠲᠡᠢ ᠦᠷᠨᠢᠬᠦᠯᠦᠨ᠂ ᠡᠪᠣᠯ ᠤᠨ | ᠣᠯᠠᠷᠢᠯ ᠤᠨ ᠳᠤᠯᠠᠭᠠᠯᠠᠭ᠎ᠠ ᠶᠢᠨ ᠬᠤᠭᠤᠴᠠᠭᠠᠨ ᠳᠤ ︽ᠴᠠᠬᠢᠯᠭᠠᠨ ᠤ ᠳᠣᠯᠠᠭᠠᠯᠠᠭ᠎ᠠ︾ ᠶᠢᠨ ᠬᠡᠷᠡᠭᠴᠡᠭᠡ ᠬᠡᠲᠦᠷᠡᠬᠦ | ᠠᠴᠠ ᠵᠠᠶᠢᠯᠠᠰᠬᠢᠨ᠎ᠠ᠃ | ︵ᠨᠢᠬᠡ︶ ᠮᠦᠷᠳᠡᠨ ᠪᠠᠶᠢᠴᠠᠭᠠᠬᠤ ᠱᠠᠲᠤ ︵2022 ᠣᠨ ᠤ 2 ᠰᠠᠷ᠎ᠠ — 8 ᠰᠠᠷ᠎ᠠ︶᠃ ᠭᠠᠴᠠᠭ᠎ᠠ | ᠲᠤᠰᠬᠤᠨ ᠢᠶᠠᠷ ᠨᠢᠬᠡᠴᠡ ᠪᠣᠯᠭᠠᠵᠤ᠂ ᠴᠠᠬᠢᠯᠭᠠᠨ ᠬᠤᠪᠢᠰᠬᠠᠭᠤᠷ ᠤᠨ ᠬᠦᠷᠢᠶ᠎ᠡ ᠬᠡᠪᠴᠢᠶ᠎ᠠ ᠶᠤᠰᠤᠭᠠᠷ ︽ᠨᠡᠬᠦᠷᠡᠰᠦᠨ | ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠬᠡᠷᠡᠭᠴᠡᠭᠡ ᠶᠢ ᠪᠦᠷᠢᠳᠬᠡᠨ᠂ ᠬᠡᠷᠡᠭᠯᠡᠭᠴᠢ᠂ ᠭᠠᠴᠠᠭ᠎ᠠ | ᠲᠤᠰᠬᠤᠨ᠂ ᠪᠠᠯᠭᠠᠰᠣᠨ ᠠᠴᠠ ᠭᠠᠷ ᠤᠨ ᠦᠰᠦᠭ ᠵᠢᠷᠤᠭᠰᠠᠨ ᠤ ᠳᠠᠷᠠᠭ᠎ᠠ ᠬᠦᠳᠡᠭᠡ ᠲᠤᠰᠬᠤᠨ ᠢ ᠬᠦᠭᠵᠢᠬᠦᠯᠦᠨ | ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠲᠤ ᠮᠡᠳᠡᠬᠦᠯᠵᠦ᠂ ᠡᠯᠧᠺᠲᠷᠤᠨ ᠬᠦᠰᠦᠨᠦᠭ ᠢᠶᠠᠨ ᠵᠡᠷᠭᠡ | ᠪᠠᠷ ᠶᠠᠪᠤᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ | ᠲᠦᠪ ᠠᠴᠠ ᠪᠢᠴᠢᠭ ᠮᠡᠲ᠋ᠧᠷᠢᠶᠡᠯ ᠤᠨ ᠬᠡᠯᠪᠡᠷᠢ ᠪᠠᠷ ᠣᠲᠤᠭ ᠤᠨ ᠡᠮᠦᠨᠡᠲᠦ ᠬᠤᠰᠢᠭᠤᠨ ᠤ ᠴᠠᠬᠢᠯᠭᠠᠨ ᠬᠠᠩᠭᠠᠯᠭ᠎ᠠ | ᠶᠢᠨ ᠺᠤᠮᠫᠠᠨᠢ ᠳᠤ ᠨᠢᠭᠡᠳᠦᠯᠲᠡᠢ ᠲᠤᠰᠢᠶᠠᠵᠤ᠂ ᠴᠠᠬᠢᠯᠭᠠᠨ ᠬᠠᠩᠭᠠᠯᠭ᠎ᠠ ᠶᠢᠨ ᠺᠣᠮᠫᠠᠨᠢ ᠠᠴᠠ ᠲᠤᠬᠠᠢ ᠶᠢᠨ ᠲᠠᠯᠠᠪᠠᠢ | ᠳᠤ ᠬᠠᠶᠢᠨ ᠰᠢᠨᠵᠢᠯᠡᠬᠦ ᠶᠢᠨ ᠬᠠᠮᠲᠤ ᠦᠬᠡᠷᠡᠴᠢᠯᠡᠯᠲᠡ ᠶᠢᠨ ᠲᠦᠯᠦᠪᠵᠢᠬᠦᠯᠬᠡ ᠪᠠᠨ ᠲᠤᠭᠤᠷᠪᠢᠵᠦ ᠨᠠᠶᠢᠷᠠᠭᠤᠯᠤᠨ᠂ | ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠢᠶᠠᠷ | ᠵᠦᠪᠰᠢᠶᠡᠷᠡᠬᠦᠯᠦᠭᠰᠡᠨ ᠤ ᠳᠠᠷᠠᠭ᠎ᠠ ᠲᠦᠯᠦᠪᠵᠢᠬᠦᠯᠬᠡ ᠶᠤᠰᠤᠭᠠᠷ ᠬᠡᠷᠡᠭᠵᠢᠬᠦᠯᠦᠨ᠎ᠡ᠃ | ︵ᠬᠤᠶᠠᠷ︶ ᠵᠤᠬᠢᠶᠠᠨ ᠪᠠᠶᠢᠭᠤᠯᠤᠨ ᠬᠡᠷᠡᠭᠵᠢᠬᠦᠯᠬᠦ ᠱᠠᠲᠤ ︵2022 ᠣᠨ ᠤ 4 ᠰᠠᠷ᠎ᠠ — 2023 ᠣᠨ | ᠤ 12 ᠰᠠᠷ᠎ᠠ︶᠃ ᠡᠯ᠎ᠡ ᠪᠠᠯᠭᠠᠰᠣᠨ ᠠᠴᠠ ᠬᠠᠷᠢᠶ᠎ᠠ ᠭᠠᠵᠠᠷ ᠤᠨ ᠭᠠᠴᠠᠭ᠎ᠠ ᠲᠤᠰᠬᠤᠨ ᠤ ︽ᠨᠡᠬᠦᠷᠡᠰᠦᠨ | ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠡᠮᠦᠨ᠎ᠡ ᠬᠤᠶᠢᠨ᠎ᠠ | ᠶᠢᠨ ᠳᠠᠷᠠᠭᠠᠯᠠᠯ ᠢᠶᠠᠷ ᠮᠦᠷᠳᠡᠨ ᠪᠠᠶᠢᠴᠠᠭᠠᠬᠤ ᠪᠠ ᠪᠦᠷᠢᠳᠬᠡᠬᠦ ᠠᠵᠢᠯ ᠢᠶᠠᠨ ᠦᠷᠨᠢᠬᠦᠯᠵᠦ᠂ ᠨᠢᠬᠡ ᠭᠠᠴᠠᠭ᠎ᠠ | ᠲᠤᠰᠬᠤᠨ ᠢ ᠪᠦᠷᠢᠳᠬᠡᠵᠦ ᠪᠠᠷᠠᠪᠠᠯ ᠨᠢᠭᠡ ᠣᠳᠠᠭ᠎ᠠ ᠳᠡᠭᠡᠭᠰᠢ ᠮᠡᠳᠡᠬᠦᠯᠬᠦ ᠶᠢᠨ ᠬᠠᠮᠲᠤ ᠠᠬᠢᠭᠤᠯᠤᠯᠲᠠ ᠶᠢᠨ ᠠᠯᠬᠤᠮ | ᠳᠠᠷᠠᠭ᠎ᠠ ᠶᠤᠰᠤᠭᠠᠷ᠂ ᠬᠡᠷᠡᠭᠵᠢᠬᠦᠯᠦᠯᠲᠡ ᠶᠢᠨ ᠶᠠᠪᠤᠴᠠ ᠳᠣᠮᠳᠠᠬᠢ ᠵᠤᠬᠢᠴᠠᠭᠤᠯᠤᠯᠲᠠ᠂ ᠲᠠᠶᠢᠯᠪᠤᠷᠢᠯᠠᠯᠲᠠ ᠶᠢᠨ | ᠠᠵᠢᠯ ᠢᠶᠠᠨ ᠰᠠᠶᠢᠲᠤᠷ ᠬᠢᠨ᠎ᠠ᠃ | ︵ᠭᠤᠷᠪᠠ︶ ᠪᠤᠲᠠᠲᠠᠢ ᠠᠵᠢᠯ ᠤᠨ ᠲᠤᠲᠤᠷᠬᠠᠶᠢᠯᠠᠯᠲᠠ᠃ | 1. ᠲᠠᠷᠬᠠᠢ ᠪᠤᠲᠠᠷᠬᠠᠢ ᠰᠠᠭᠤᠷᠢᠰᠢᠭᠰᠠᠨ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ | ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠰᠠᠭᠤᠭ᠎ᠠ ᠭᠠᠵᠠᠷ ᠤᠨ ᠭᠠᠴᠠᠭ᠎ᠠ ᠲᠤᠰᠬᠤᠨ ᠳᠤ | ᠮᠡᠳᠡᠬᠦᠯᠵᠦ᠂ ᠡᠯ᠎ᠡ ᠪᠠᠯᠭᠠᠰᠣᠨ ᠠᠴᠠ ᠨᠢᠬᠡᠳᠦᠯᠲᠡᠢ ᠲᠤᠬᠢᠷᠠᠭᠤᠯᠤᠭᠰᠠᠨ ᠤ ᠳᠠᠷᠠᠭ᠎ᠠ ᠠᠬᠢᠭᠤᠯᠤᠯᠲᠠ ᠶᠢᠨ ᠠᠯᠬᠤᠮ | ᠳᠠᠷᠠᠭ᠎ᠠ ᠶᠤᠰᠤᠭᠠᠷ ᠳᠡᠭᠡᠭᠰᠢ ᠲᠤᠰᠢᠶᠠᠨ᠂ ᠪᠦᠷᠢᠳᠬᠡᠵᠦ ᠪᠠᠷᠠᠭᠠᠭᠰᠠᠨ ᠭᠠᠴᠠᠭ᠎ᠠ ᠲᠤᠰᠬᠤᠨ ᠢ ᠳᠠᠷᠠᠭ᠎ᠠ ᠵᠢᠯ ᠤᠨ | ᠲᠤᠬᠢᠷᠠᠭᠤᠯᠤᠯᠲᠠ ᠳᠤ ᠣᠷᠣᠭᠤᠯᠬᠤ ᠶᠢᠨ ᠬᠠᠮᠲᠤ ᠠᠬᠢᠭᠤᠯᠤᠯᠲᠠ ᠶᠢᠨ ᠠᠯᠬᠤᠮ ᠳᠠᠷᠠᠭ᠎ᠠ ᠶᠤᠰᠤᠭᠠᠷ | ᠬᠡᠷᠡᠭᠵᠢᠬᠦᠯᠦᠨ᠎ᠡ︔ ᠣᠭᠰᠠᠷᠠᠬᠤ ᠰᠠᠨᠠᠮᠵᠢ ᠦᠬᠡᠢ ᠬᠡᠷᠡᠭᠯᠡᠭᠴᠢ ᠳᠤ ᠴᠠᠬᠢᠯᠭᠠᠨ ᠬᠤᠪᠢᠰᠬᠠᠭᠤᠷ ᠤᠨ ᠪᠠᠭᠲᠠᠭᠠᠮᠵᠢ | ᠦᠯᠡᠳᠡᠭᠡᠬᠦ ᠶᠢ ᠲᠦᠷ ᠪᠤᠳᠤᠯᠬᠢᠯᠠᠬᠤ ᠦᠬᠡᠢ ᠮᠦᠷᠲᠡᠭᠡᠨ ︽︿ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ﹀ ᠰᠠᠨᠠᠮᠵᠢ ᠦᠬᠡᠢ ᠪᠢᠴᠢᠭ︾ ᠲᠤ ᠭᠠᠷ ᠤᠨ ᠦᠰᠦᠭ ᠵᠢᠷᠤᠭᠤᠯᠤᠨ᠎ᠠ᠃ | 2. ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠢᠨᠵᠧᠨᠧᠷᠢᠩ ᠢ ᠬᠡᠷᠡᠭᠵᠢᠬᠦᠯᠬᠦ ᠠᠴᠠ | ᠡᠮᠦᠨ᠎ᠡ᠂ ᠬᠡᠷᠡᠭᠯᠡᠭᠴᠢ ᠶᠢᠨ ᠴᠠᠪᠡᠷ ᠳᠣᠯᠠᠭᠠᠯᠠᠭ᠎ᠠ ᠶᠢᠨ ᠳᠦᠬᠦᠭᠡᠷᠦᠮᠵᠢ ᠶᠢ ᠣᠭᠰᠠᠷᠠᠵᠤ ᠦᠭᠭᠦᠨ᠂ ᠴᠠᠪᠡᠷ | ᠳᠣᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠬᠦᠯᠬᠦ ᠠᠴᠠ ᠣᠷᠢᠳ ᠣᠳᠣ ᠪᠠᠶᠢᠭ᠎ᠠ ᠴᠠᠬᠢᠯᠭᠠᠨ ᠬᠦᠴᠦᠨ ᠤ ᠡᠬᠢ | ᠰᠣᠷᠪᠣᠯᠵᠢ ᠶᠢ ᠠᠰᠢᠭᠯᠠᠬᠤ ᠶᠢ ᠰᠡᠷᠬᠡᠶᠢᠯᠡᠵᠦ᠂ ᠳᠣᠯᠠᠭᠠᠯᠠᠭ᠎ᠠ ᠶᠢᠨ ᠳᠦᠬᠦᠬᠡᠷᠦᠮᠵᠢ ᠣᠭᠰᠠᠷᠠᠭᠠᠳᠣᠢ. ᠬᠡᠷᠡᠭᠯᠡᠭᠴᠢ ᠶᠢ | ᠳᠠᠷᠠᠭ᠎ᠠ ᠵᠢᠯ ᠤᠨ ᠬᠡᠷᠡᠭᠵᠢᠬᠦᠯᠦᠯᠲᠡ ᠳᠤ ᠣᠷᠣᠭᠤᠯᠣᠨ᠎ᠠ᠃ ᠴᠠᠬᠢᠯᠭᠠᠨ ᠬᠦᠴᠦᠨ ᠤ ᠺᠣᠮᠫᠠᠨᠢ ᠶᠢᠨ ᠪᠡᠯᠡ | ᠣᠷᠣᠭᠤᠯᠣᠯᠲᠠ ᠶᠢᠨ ᠴᠢᠳᠠᠪᠤᠷᠢ ᠶᠢ ᠦᠨᠳᠦᠰᠦᠯᠡᠨ᠂ ᠲᠤᠰ ᠵᠢᠯ ᠤᠨ ᠪᠡᠯᠡ ᠮᠦᠩᠭᠦ ᠬᠦᠷᠦᠯᠴᠡᠬᠦ ᠦᠬᠡᠢ ᠪᠠᠶᠢᠪᠠᠯ | ᠳᠠᠷᠠᠭ᠎ᠠ ᠵᠢᠯ ᠤᠨ ᠬᠡᠷᠡᠭᠵᠢᠬᠦᠯᠦᠯᠲᠡ ᠳᠤ ᠰᠢᠯᠵᠢᠬᠦᠯᠦᠨ ᠣᠷᠣᠭᠤᠯᠵᠣ᠂ ᠦᠯᠡᠳᠡᠬᠡᠬᠦ ᠡᠷᠦᠬᠡ ᠶᠢ ᠬᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠠᠴᠠ ᠡᠯ᠎ᠡ ᠪᠠᠯᠭᠠᠰᠣ ᠪᠠᠨ | ᠵᠤᠬᠢᠶᠠᠨ ᠪᠠᠶᠢᠭᠤᠯᠵᠤ ᠲᠤᠭᠲᠠᠭᠠᠨ᠂ ᠡᠯ᠎ᠡ ᠪᠠᠯᠭᠠᠰᠣ ᠶᠢᠨ ᠬᠢᠨ ᠮᠠᠯᠴᠢᠨ ᠲᠠᠷᠢᠶᠠᠴᠢᠳ ᠲᠤ ᠲᠠᠶᠢᠯᠪᠤᠷᠢᠯᠠᠬᠤ ᠠᠵᠢᠯ | ᠢᠶᠠᠨ ᠣᠷᠢᠳᠴᠢᠯᠠᠨ ᠬᠢᠨ᠎ᠡ᠃ | 3. ᠬᠦᠭᠵᠢᠬᠦᠯᠦᠯᠲᠡ ᠶᠢ ᠬᠢᠵᠠᠭᠠᠷᠯᠠᠬᠤ ᠣᠷᠣᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ︾ ᠬᠡᠷᠡᠭᠴᠡᠭᠡ ᠲᠠᠢ ᠮᠠᠯᠴᠢᠨ ᠲᠠᠷᠢᠶᠠᠴᠢᠨ ᠡᠷᠦᠬᠡ ᠶᠢᠨ ᠴᠠᠬᠢᠯᠭᠠᠨ ᠬᠦᠴᠦᠨ ᠤ ᠲᠤᠤᠷ ᠤᠨ | ᠪᠦᠲᠦᠴᠡ ᠪᠣᠶᠣ ᠳᠦᠬᠦᠬᠡᠷᠦᠮᠵᠢ ᠳᠤ ᠦᠬᠡᠷᠡᠴᠢᠯᠡᠯᠲᠡ ᠬᠢᠬᠦ ᠴᠢᠬᠤᠯᠠ ᠦᠬᠡᠢ ᠪᠠᠶᠢᠪᠠᠯ ᠠᠬᠢᠭᠤᠯᠤᠯᠲᠠ ᠶᠢᠨ | ᠲᠦᠯᠦᠪᠵᠢᠬᠦᠯᠬᠡ ᠶᠤᠰᠤᠭᠠᠷ ᠨᠢᠬᠡᠳᠦᠯᠲᠡᠢ ᠲᠦᠯᠦᠪᠵᠢᠬᠦᠯᠦᠨ ᠬᠡᠷᠡᠭᠵᠢᠬᠦᠯᠵᠤ᠂ ᠪᠣᠰᠣᠳ ᠢ ᠨᠢ ᠬᠤᠰᠢᠭᠤ ᠬᠦᠳᠡᠭᠡ | ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠠᠴᠠ ᠪᠦᠷᠢᠳᠬᠡᠭᠰᠡᠨ ᠤ | ᠳᠠᠷᠠᠭ᠎ᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠦᠨ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠠᠴᠠ ᠴᠠᠬᠢᠯᠭᠠᠨ ᠬᠦᠴᠦᠨ ᠤ ᠲᠤᠤᠷ ᠤᠨ ᠪᠦᠲᠦᠴᠡ ᠶᠢ ᠰᠢᠨ᠎ᠡ ᠪᠠᠷ ᠣᠭᠰᠠᠷᠠᠬᠤ ᠪᠤᠶᠤ ᠦᠬᠡᠷᠡᠴᠢᠯᠡᠬᠦ | ᠶᠢ ᠵᠦᠪᠰᠢᠶᠡᠷᠡᠭᠰᠡᠨ ᠤ ᠳᠠᠷᠠᠭ᠎ᠠ ᠨᠢᠬᠡᠳᠦᠯᠲᠡᠢ ᠲᠦᠯᠦᠪᠵᠢᠬᠦᠯᠦᠨ ᠬᠡᠷᠡᠭᠵᠢᠬᠦᠯᠦᠨ᠎ᠡ᠃ | ᠭᠤᠷᠪᠠ᠂ ᠵᠤᠬᠢᠶᠠᠨ ᠪᠠᠶᠢᠭᠤᠯᠤᠨ ᠣᠳᠣᠷᠢᠳᠬᠤ | ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠡᠮᠬᠢᠲᠡᠢ | ᠶᠠᠪᠤᠭᠳᠠᠭᠤᠯᠬᠤ ᠶᠢᠨ ᠲᠤᠰᠠᠳᠠ᠂ ᠬᠤᠰᠢᠭᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ | ᠠᠵᠢᠯ ᠢ ᠡᠮᠬᠢᠲᠡᠢ ᠠᠬᠢᠭᠤᠯᠬᠤ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠬᠤ ᠪᠠᠷ ᠲᠤᠭᠲᠠᠪᠠ᠂ | ᠪᠦᠷᠢᠯᠳᠦᠬᠦᠨ ᠳᠣᠣᠷᠠᠬᠢ ᠮᠡᠲᠦ᠄ | ᠳᠣᠭᠤᠶᠢᠯᠠᠩ ᠤᠨ ᠳᠠᠷᠤᠭ᠎ᠠ᠄ ᠶᠢᠦ ᠵᠢᠶᠡᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠡᠷᠳᠡᠨᠢᠪᠢᠯᠢᠭ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ | ᠳᠠᠷᠤᠭ᠎ᠠ | ᠰᠢᠦᠸᠡᠢ ᠵᠣᠣ ᠰᠧᠨ ᠬᠤᠰᠢᠭᠤ ᠡᠨᠧᠷᠬᠢ ᠶᠢᠨ ᠲᠤᠪᠴᠢᠶᠠᠨ ᠤ ᠳᠠᠷᠤᠭ᠎ᠠ | ᠾᠧ ᠫᠢᠩ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠶᠢᠨ ᠶᠡᠷᠦᠩᠬᠡᠢ | ᠳᠠᠭᠠᠭᠠᠮᠠᠯ | ᠪᠦᠷᠢᠯᠳᠦᠬᠦᠨ᠄ ᠨᠠᠶᠠ ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠪᠠᠯᠭᠠᠰᠣᠨ | ᠳᠠᠷᠤᠭ᠎ᠠ | ᠪᠠᠶᠠᠨᠮᠦ᠋ᠩᠬᠡ ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠤ ᠪᠠᠯᠭᠠᠰᠣᠨ ᠳᠠᠷᠤᠭ᠎ᠠ | ᠷᠠᠳᠨ᠎ᠠ ᠪᠤᠷᠤᠪᠠᠯᠭᠠᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ | ᠪᠠᠯᠭᠠᠰᠣᠨ ᠳᠠᠷᠤᠭ᠎ᠠ | ᠵᠣᠣ ᠶᠦᠩ ᡁᠢ ᠨᠠᠩᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ | ᠤ ᠪᠠᠯᠭᠠᠰᠣᠨ ᠳᠠᠷᠤᠭ᠎ᠠ | ᠬᠤ᠋ ᠪᠢᠨ ᠱᠠᠨ ᠬᠤᠰᠢᠭᠤ ᠡᠨᠧᠷᠬᠢ ᠶᠢᠨ ᠲᠤᠪᠴᠢᠶᠠᠨ ᠤ ᠳᠡᠳ᠋ ᠳᠠᠷᠤᠭ᠎ᠠ | ᠱᠧᠩ ᠯᠢᠶᠠᠩ ᠢᠦᠢ ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠤ ᠪᠠᠯᠭᠠᠰᠣᠨ ᠳᠡᠳ᠋ ᠳᠠᠷᠤᠭ᠎ᠠ | ᠪᠦᠷᠢᠨᠪᠠᠭᠠᠲᠤᠷ ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ | ᠰᠧ ᠵᠢᠶᠦ᠋ᠨ ᠢᠦᠢ ᠪᠤᠷᠤᠪᠠᠯᠭᠠᠰᠣ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠤ ᠪᠠᠯᠭᠠᠰᠣᠨ ᠳᠡᠳ᠋ ᠳᠠᠷᠤᠭ᠎ᠠ | ᠯᠤ᠋ ᠯᠸᠢ ᠨᠠᠩᠰᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ | ᠪᠠᠯᠭᠠᠰᠣᠨ ᠳᠡᠳ᠋ ᠳᠠᠷᠤᠭ᠎ᠠ | ᠭᠤᠤ ᠶᠤᠤ ᠫᠢᠩ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠶᠢᠨ | ᠳᠡᠳ᠋ ᠶᠡᠷᠦᠩᠬᠡᠢ ᠳᠠᠭᠠᠭᠠᠮᠠᠯ | ᠹᠧᠩ ᠢᠦᠢ ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ | ᠦᠢᠯᠡᠰ ᠤᠨ ᠬᠦᠭᠵᠢᠬᠦᠯᠦᠯᠲᠡ ᠶᠢᠨ ᠲᠦᠪ ᠤᠨ ᠳᠡᠳ᠋ ᠡᠷᠬᠢᠯᠡᠭᠴᠢ | ᠭᠧ ᠹᠧᠩ ᠬᠤᠰᠢᠭᠤ ᠡᠨᠧᠷᠬᠢ ᠶᠢᠨ ᠲᠤᠪᠴᠢᠶᠠᠨ ᠤ ᠴᠠᠬᠢᠯᠭᠠᠨ ᠬᠦᠴᠦᠨ | ᠤ ᠲᠠᠰᠤᠭ ᠤᠨ ᠳᠠᠷᠤᠭ᠎ᠠ | ᠵᠸᠦ ᠽᠢ ᠰᠢᠶᠡᠨ ᠣᠯᠵᠠᠴᠢ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠤ ᠠᠵᠢᠯᠲᠠᠨ | ᠵᠢᠷᠭᠠᠯᠳᠠᠯᠠᠢ ᠱᠠᠩᠬᠠᠢ ᠶᠢᠨ ᠰᠦᠮ᠎ᠡ ᠪᠠᠯᠭᠠᠰᠣᠨ ᠤ ᠠᠷᠠᠳ ᠤᠨ ᠵᠠᠰᠠᠭ | ᠤᠨ ᠣᠷᠳᠣᠨ ᠤ ᠠᠵᠢᠯᠲᠠᠨ | ᠠᠯᠲᠠᠨᠲᠠᠯᠠᠢ ᠨᠠᠩᠰᠣ ᠪᠠᠯᠭᠠᠰᠣᠨ ᠤ ᠬᠦᠳᠡᠭᠡ ᠲᠤᠰᠬᠤᠨ ᠢ ᠬᠦᠭᠵᠢᠬᠦᠯᠦᠨ | ᠮᠠᠨᠳᠣᠭᠤᠯᠬᠤ ᠠᠯᠪᠠᠨ ᠭᠡᠷ ᠤᠨ ᠳᠡᠳ᠋ ᠡᠷᠬᠢᠯᠡᠭᠴᠢ | ᠺᠠᠩ ᠬᠠᠢ ᠹᠸᠢ ᠪᠤᠷᠤᠪᠠᠯᠭᠠᠰᠣ ᠪᠠᠯᠭᠠᠰᠣᠨ ᠤ ᠬᠦᠳᠡᠭᠡ ᠲᠤᠰᠬᠤᠨ ᠢ | ᠬᠦᠭᠵᠢᠬᠦᠯᠦᠨ ᠮᠠᠨᠳᠣᠭᠤᠯᠬᠤ ᠠᠯᠪᠠᠨ ᠭᠡᠷ ᠤᠨ ᠳᠡᠳ᠋ ᠡᠷᠬᠢᠯᠡᠭᠴᠢ | ᠰᠢᠶᠧ ᡁᠢ ᠹᠸᠢ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠶᠢᠨ | ᠡᠵᠡᠩᠨᠡᠨ ᠪᠣᠷᠣᠯᠠᠭᠤᠯᠬᠤ ᠦᠢᠯᠡᠴᠢᠯᠡᠬᠡᠨ ᠤ ᠲᠠᠰᠤᠭ ᠤᠨ ᠡᠷᠬᠢᠯᠡᠭᠴᠢ | ᠬᠤᠲᠠ ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ | ᠦᠢᠯᠡᠰ ᠤᠨ ᠬᠦᠭᠵᠢᠬᠦᠯᠦᠯᠲᠡ ᠶᠢᠨ ᠲᠦᠪ ᠤᠨ ᠠᠵᠢᠯᠲᠠᠨ | ᠣᠳᠣᠷᠢᠳᠬᠤ ᠳᠣᠭᠤᠶᠢᠯᠠᠩ ᠤᠨ ᠠᠯᠪᠠᠨ ᠭᠡᠷ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ | ᠦᠢᠯᠡᠰ ᠤᠨ ᠬᠦᠭᠵᠢᠬᠦᠯᠦᠯᠲᠡ ᠶᠢᠨ ᠲᠦᠪ ᠲᠤ ᠲᠤᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ | ᠬᠤᠰᠢᠭᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ ᠬᠦᠭᠵᠢᠬᠦᠯᠦᠯᠲᠡ ᠶᠢᠨ ᠲᠦᠪ ᠤᠨ | ᠳᠡᠳ᠋ ᠡᠷᠬᠢᠯᠡᠭᠴᠢ ᠹᠧᠩ ᠢᠦᠢ ᠬᠠᠪᠰᠣᠷᠭᠠᠨ᠂ ᠪᠦᠬᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ | ᠢᠶᠠᠷ ᠦᠬᠡᠷᠡᠴᠢᠯᠡᠬᠦ︾ ᠠᠵᠢᠯ ᠤᠨ ᠰᠠᠭᠤᠷᠢ ᠲᠤᠭ᠎ᠠ ᠪᠠᠷᠢᠮᠲᠠ ᠶᠢ ᠮᠦᠷᠳᠡᠨ ᠪᠠᠶᠢᠴᠠᠭᠠᠬᠤ᠂ ᠵᠤᠬᠢᠶᠠᠨ ᠪᠠᠶᠢᠭᠤᠯᠤᠨ | ᠪᠦᠷᠢᠳᠬᠡᠬᠦ᠂ ᠵᠤᠬᠢᠴᠠᠭᠤᠯᠤᠨ ᠬᠡᠷᠡᠭᠵᠢᠬᠦᠯᠬᠦ ᠵᠡᠷᠭᠡ ᠡᠯ᠎ᠡ ᠲᠦᠷᠦᠯ ᠤᠨ ᠠᠵᠢᠯ ᠢ ᠨᠢᠬᠡᠳᠦᠯᠲᠡᠢ ᠲᠦᠯᠦᠪᠵᠢᠬᠦᠯᠦᠨ | ᠠᠬᠢᠭᠤᠯᠬᠤ ᠶᠢ ᠪᠤᠲᠠᠲᠠᠢ ᠬᠠᠷᠢᠭᠤᠴᠠᠨ᠎ᠠ᠃ | ᠬᠤᠶᠢᠰᠢᠳᠠ᠂ ᠬᠤᠰᠢᠭᠤ ᠣᠳᠣᠷᠢᠳᠣᠯᠭ᠎ᠠ ᠠᠴᠠ ᠭᠠᠳᠠᠨ᠎ᠠ᠂ ᠣᠳᠣᠷᠢᠳᠬᠤ ᠳᠣᠭᠤᠶᠢᠯᠠᠩ ᠤᠨ ᠪᠣᠰᠣᠳ | ᠪᠦᠷᠢᠯᠳᠦᠬᠦᠨ ᠤ ᠠᠵᠢᠯ ᠤᠨ ᠪᠠᠶᠢᠷᠢ ᠬᠤᠪᠢᠷᠠᠯᠲᠠ ᠭᠠᠷᠬᠤ ᠦᠶᠡᠰ᠂ ᠵᠠᠰᠠᠭ ᠵᠠᠬᠢᠷᠭᠠᠨ ᠤ ᠲᠤᠰᠢᠶᠠᠯ ᠣᠷᠣᠯᠠᠬᠤ | ᠠᠵᠢᠯᠲᠠᠨ ᠠᠴᠠ ᠬᠠᠷᠢᠭᠤᠴᠠᠵᠤ᠂ ᠦᠭᠡᠷ᠎ᠡ ᠮᠡᠳᠡᠭᠳᠡᠯ ᠶᠠᠪᠤᠭᠤᠯᠬᠤ ᠦᠬᠡᠢ᠃ | ᠳᠦᠷᠪᠡ᠂ ᠠᠵᠢᠯ ᠤᠨ ᠱᠠᠭᠠᠷᠳᠠᠯᠭ᠎ᠠ | ︵ᠨᠢᠬᠡ︶ ᠵᠤᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠨ᠎ᠠ᠃ ᠡᠯ᠎ᠡ ᠪᠠᠯᠭᠠᠰᠣᠨ ᠤ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠤᠨ ᠬᠢᠨ ᠣᠯᠣᠰ ᠲᠦᠷᠦ ᠶᠢᠨ | ᠵᠤᠭᠰᠣᠴᠠ ᠪᠠᠨ ᠳᠡᠭᠡᠭᠰᠢᠯᠡᠬᠦᠯᠵᠦ᠂ ᠣᠯᠠᠨ ᠲᠦᠮᠡᠨ ᠤ ᠬᠤᠪᠢ ᠶᠢᠨ ᠠᠰᠢᠭ ᠲᠤᠰᠠ ᠶᠢ ᠬᠠᠮᠠᠭᠠᠯᠠᠬᠤ ᠪᠠ ᠪᠦᠬᠦ | ᠬᠤᠰᠢᠭᠤᠨ ᠤ ᠴᠢᠨᠠᠷᠯᠢᠭ ᠬᠦᠭᠵᠢᠯᠲᠡ ᠶᠢ ᠠᠬᠢᠭᠤᠯᠬᠤ ᠦᠨᠳᠦᠷᠴᠡ ᠠᠴᠠ ︽ᠨᠡᠬᠦᠷᠡᠰᠦᠨ ᠳᠣᠯᠠᠭᠠᠯᠠᠭ᠎ᠠ ᠶᠢ | ᠴᠠᠬᠢᠯᠭᠠᠨ ᠢᠶᠠᠷ ᠦᠬᠡᠷᠡᠴᠢᠯᠡᠬᠦ︾ ᠠᠵᠢᠯ ᠢ ᠦᠨᠡᠨ ᠬᠦ ᠴᠢᠩᠭ᠎ᠠ ᠠᠳᠬᠤᠨ᠂ ᠪᠤᠲᠠᠲᠠᠢ ᠬᠤᠪᠢᠳᠠᠨ ᠬᠠᠮᠢᠶᠠᠷᠬᠤ | ᠣᠳᠣᠷᠢᠳᠣᠯᠭ᠎ᠠ ᠪᠠ ᠠᠵᠢᠯᠲᠠᠨ ᠢ ᠲᠤᠭᠲᠠᠭᠠᠵᠤ᠂ ᠠᠬᠢᠭᠤᠯᠤᠯᠲᠠ ᠶᠢᠨ ᠶᠠᠪᠤᠴᠠ ᠳᠣᠮᠳᠠᠬᠢ ᠲᠤᠯᠭᠠᠷᠠᠭᠰᠠᠨ ᠬᠦᠴᠢᠷ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠡᠯ᠎ᠡ ᠲᠦᠷᠦᠯ ᠤᠨ ᠠᠵᠢᠯ ᠠᠮᠵᠢᠯᠲᠠᠲᠠᠢ ᠮᠦᠷᠲᠡᠭᠡᠨ ᠦᠨᠳᠦᠷ | ᠪᠦᠲᠦᠮᠵᠢᠲᠡᠢ ᠪᠡᠶᠡᠯᠡᠭᠳᠡᠬᠦ ᠶᠢ ᠪᠠᠲᠤᠯᠠᠨ᠎ᠠ᠃ | ︵ᠬᠤᠶᠠᠷ︶ ᠵᠤᠬᠢᠴᠠᠭᠤᠯᠤᠯᠲᠠ ᠳᠠᠶᠢᠴᠢᠯᠠᠯᠲᠠ ᠪᠠᠨ ᠴᠢᠩᠭᠠᠳᠬᠠᠨ᠎ᠠ᠃ ︽ᠨᠡᠬᠦᠷᠡᠰᠦᠨ ᠳᠣᠯᠠᠭᠠᠯᠠᠭ᠎ᠠ ᠶᠢ | ᠴᠠᠬᠢᠯᠭᠠᠨ ᠢᠶᠠᠷ ᠦᠬᠡᠷᠡᠴᠢᠯᠡᠬᠦ︾ ᠡᠯ᠎ᠡ ᠲᠦᠷᠦᠯ ᠤᠨ ᠠᠵᠢᠯ ᠤᠨ ᠡᠬᠦᠷᠭᠡ ᠶᠢ ᠬᠠᠷᠢᠭᠤᠴᠠᠬᠤ ᠰᠠᠯᠠᠭ᠎ᠠ ᠮᠦᠴᠢᠷ | ᠠᠴᠠ ᠦᠪᠡᠷᠰᠡᠳ ᠤᠨ ᠢᠶᠠᠨ ᠠᠵᠢᠯ ᠤᠨ ᠬᠤᠪᠢᠶᠠᠷᠢᠯᠠᠯ ᠶᠤᠰᠤᠭᠠᠷ ᠲᠤᠰᠢᠶᠠᠯ ᠢᠶᠠᠨ ᠬᠢᠨᠠᠮᠠᠭᠠᠢ ᠡᠬᠦᠷᠭᠡᠯᠡᠵᠦ᠂ | ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠲᠤᠯᠤᠭᠠᠶᠢᠯᠠᠨ᠂ ᠡᠯ᠎ᠡ ᠪᠠᠯᠭᠠᠰᠣ ᠶᠢᠨ ᠬᠢᠨ ᠮᠦᠷᠳᠡᠨ | ᠪᠠᠶᠢᠴᠠᠭᠠᠬᠤ ᠶᠢ ᠬᠠᠷᠢᠭᠤᠴᠠᠵᠤ᠂ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠨᠡᠷᠡᠰ ᠤᠨ | ᠵᠢᠭᠰᠠᠭᠠᠯᠲᠠ ᠶᠢ ᠲᠤᠭᠲᠠᠭᠠᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠤᠨ | ᠬᠦᠭᠵᠢᠬᠦᠯᠦᠯᠲᠡ ᠶᠢᠨ ᠲᠦᠪ ᠲᠤ ᠮᠡᠳᠡᠬᠦᠯᠵᠦ᠂ ᠬᠤᠰᠢᠭᠤ ᠴᠠᠬᠢᠯᠭᠠᠨ ᠬᠠᠩᠭᠠᠯᠭ᠎ᠠ ᠶᠢᠨ ᠺᠣᠮᠫᠠᠨᠢ ᠠᠴᠠ | ᠳᠦᠬᠦᠷᠴᠢᠯᠡᠭᠰᠡᠨ ᠴᠠᠬᠢᠯᠭᠠᠨ ᠲᠤᠤᠷ ᠤᠨ ᠦᠬᠡᠷᠡᠴᠢᠯᠡᠯᠲᠡ ᠶᠢᠨ ᠢᠨᠵᠧᠨᠧᠷᠢᠩ ᠳᠤ ᠣᠷᠣᠭᠤᠯᠬᠤ ᠶᠢ ᠬᠠᠷᠢᠭᠤᠴᠠᠨ᠎ᠠ᠃ | ᠡᠯ᠎ᠡ ᠪᠠᠯᠭᠠᠰᠣ ᠶᠢᠨ ᠬᠢᠨ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠲᠠᠢ ᠬᠤᠯᠪᠤᠭᠳᠠᠬᠤ | ᠭᠠᠵᠠᠷ ᠰᠢᠷᠤᠢ ᠡᠵᠡᠯᠡᠬᠦ ᠵᠢᠴᠢ ᠪᠠᠷᠢᠯᠭ᠎ᠠ ᠡᠬᠢᠯᠡᠬᠦᠯᠬᠦ ᠶᠠᠪᠤᠴᠠ ᠳᠣᠮᠳᠠ ᠲᠠᠷᠢᠮᠠᠯ ᠤᠨ ᠲᠦᠯᠦᠪᠦᠷᠢ ᠵᠡᠷᠭᠡ ᠡᠯ᠎ᠡ | ᠲᠠᠯ᠎ᠠ ᠶᠢᠨ ᠬᠠᠷᠢᠯᠴᠠᠭᠠᠨ ᠤ ᠵᠤᠬᠢᠴᠠᠭᠤᠯᠤᠯᠲᠠ ᠶᠢᠨ ᠠᠵᠢᠯ ᠢ ᠰᠢᠢᠳᠪᠦᠷᠢᠯᠡᠬᠦ ᠶᠢ ᠬᠠᠷᠢᠭᠤᠴᠠᠨ᠎ᠠ᠃ ᠡᠬᠦᠨ ᠤ | ᠬᠠᠮᠲᠤ᠂ ᠡᠯ᠎ᠡ ᠡᠭᠦᠷᠭᠡ ᠲᠤᠰᠢᠶᠠᠯᠲᠤ ᠰᠠᠯᠠᠭ᠎ᠠ ᠮᠦᠴᠢᠷ ᠤᠨ ᠬᠢᠨ ᠪᠦᠬᠦ ᠲᠠᠯ᠎ᠠ ᠶᠢᠨ ᠦᠵᠡᠯ ᠰᠠᠨᠠᠭ᠎ᠠ ᠪᠠᠨ ᠪᠠᠲᠤ | ᠱᠣᠭᠤᠨ᠂ ᠵᠤᠬᠢᠴᠠᠭᠤᠯᠤᠯᠲᠠ ᠶᠢᠨ ᠠᠵᠢᠯ ᠢᠶᠠᠨ ᠦᠨᠡᠨ ᠬᠦ ᠰᠠᠶᠢᠲᠤᠷ ᠬᠢᠵᠦ᠂ ᠠᠵᠢᠯ ᠤᠨ ᠬᠠᠮ ᠬᠦᠴᠦᠨ ᠢ | ᠪᠦᠷᠢᠯᠳᠦᠬᠦᠯᠦᠨ᠎ᠡ᠃ | ︵ᠭᠤᠷᠪᠠ︶ ᠲᠤᠭᠲᠠᠭᠤᠨ ᠮᠦᠷᠲᠡᠭᠡᠨ ᠡᠮᠬᠢᠲᠡᠢ ᠠᠬᠢᠭᠤᠯᠤᠨ᠎ᠠ᠃ ᠬᠤᠰᠢᠭᠤ ᠴᠠᠬᠢᠯᠭᠠᠨ ᠬᠠᠩᠭᠠᠯᠭ᠎ᠠ ᠶᠢᠨ | ᠺᠣᠮᠫᠠᠨᠢ ᠠᠴᠠ ᠡᠯ᠎ᠡ ᠪᠠᠯᠭᠠᠰᠣ ᠶᠢᠨ ᠳᠡᠭᠡᠭᠰᠢ ᠮᠡᠳᠡᠭᠦᠯᠦᠭᠰᠡᠨ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ | ᠦᠬᠡᠷᠡᠴᠢᠯᠡᠬᠦ︾ ᠲᠦᠷᠦᠯ ᠵᠦᠢᠯ ᠤᠨ ᠨᠠᠷᠢᠨ ᠳᠠᠩᠰᠠ ᠶᠢ ᠦᠨᠳᠦᠰᠦᠯᠡᠨ᠂ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠪᠡᠯᠡ ᠣᠷᠣᠭᠤᠯᠣᠯᠲᠠ ᠶᠢ ᠢᠳᠡᠪᠬᠢᠲᠡᠢ ᠪᠠᠷ ᠣᠯᠵᠣ᠂ ᠪᠣᠲᠠᠲᠠᠢ ᠠᠷᠭ᠎ᠠ ᠠᠪᠴᠠᠯ᠂ ᠠᠬᠢᠴᠠ ᠶᠢᠨ | ᠲᠤᠬᠢᠷᠠᠭᠤᠯᠤᠯᠲᠠ ᠪᠠ ᠬᠤᠭᠤᠴᠠᠭ᠎ᠠ ᠭᠤᠭᠴᠤᠭ᠎ᠠ ᠶᠢ ᠲᠤᠭᠲᠠᠭᠠᠨ᠂ ᠴᠠᠬᠢᠯᠭᠠᠨ ᠲᠤᠤᠷ ᠤᠨ ᠦᠬᠡᠷᠡᠴᠢᠯᠡᠯᠲᠡ ᠶᠢᠨ | ᠢᠨᠵᠧᠨᠧᠷᠢᠩ ᠢ ᠲᠦᠷᠬᠡᠳᠬᠡᠨ ᠵᠤᠬᠢᠶᠠᠨ ᠪᠠᠶᠢᠭᠤᠯᠵᠤ᠂ ᠬᠤᠭᠤᠴᠠᠭ᠎ᠠ ᠶᠤᠰᠤᠭᠠᠷ ᠪᠠᠷᠢᠯᠭ᠎ᠠ ᠳᠠᠭᠤᠰᠬᠤ ᠶᠢ | ᠪᠠᠲᠤᠯᠠᠨ᠎ᠠ᠃ ᠡᠯ᠎ᠡ ᠪᠠᠯᠭᠠᠰᠣ᠂ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠶᠢ | ᠬᠡᠷᠡᠭᠵᠢᠬᠦᠯᠬᠦ ᠪᠠᠶᠢᠭᠤᠯᠭ᠎ᠠ ᠨᠢᠬᠡᠴᠡ ᠠᠴᠠ ᠣᠯᠠᠨ ᠲᠦᠮᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠣᠯᠠᠨ ᠵᠦᠢᠯ ᠤᠨ ᠪᠦᠲᠦᠮᠵᠢᠲᠡᠢ ᠣᠬᠠᠭᠤᠯᠭ᠎ᠠ ᠶᠢᠨ ᠠᠷᠭ᠎ᠠ ᠮᠠᠶ᠋ᠢᠭ ᠢ ᠬᠡᠷᠡᠭᠯᠡᠵᠦ᠂ ᠮᠡᠳᠡᠭᠡ ᠵᠠᠩᠭᠢ ᠢᠯᠡ ᠪᠤᠯᠭᠠᠬᠤ | ᠳᠦᠷᠢᠮ ᠢ ᠴᠢᠩᠭ᠎ᠠ ᠬᠡᠷᠡᠭᠵᠢᠬᠦᠯᠦᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠦᠢᠴᠡᠳ ᠬᠤᠷᠢᠶᠠᠵᠦ᠂ | ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ ᠢᠨᠵᠧᠨᠧᠷᠢᠩ ᠠᠮᠵᠢᠯᠲᠠᠲᠠᠢ ᠶᠠᠪᠤᠭᠳᠠᠬᠤ ᠶᠢ | ᠪᠠᠲᠤᠯᠠᠨ᠎ᠠ᠃ | ︵ᠳᠦᠷᠪᠡ︶ ᠡᠷᠴᠢᠮᠲᠡᠢ ᠬᠢᠨᠠᠨ ᠵᠢᠯᠤᠭᠤᠳᠵᠤ ᠪᠠᠶᠢᠴᠠᠭᠠᠨ᠎ᠠ᠃ ᠬᠤᠰᠢᠭᠤ ︽ᠨᠡᠬᠦᠷᠡᠰᠦᠨ ᠳᠣᠯᠠᠭᠠᠯᠠᠭ᠎ᠠ ᠶᠢ | ᠴᠠᠬᠢᠯᠭᠠᠨ ᠢᠶᠠᠷ ᠦᠬᠡᠷᠡᠴᠢᠯᠡᠬᠦ︾ ᠣᠳᠣᠷᠢᠳᠬᠤ ᠳᠣᠭᠤᠶᠢᠯᠠᠩ ᠤᠨ ᠠᠯᠪᠠᠨ ᠭᠡᠷ ᠠᠴᠠ ᠲᠤᠰᠬᠠᠢ ᠬᠦᠮᠦᠰ ᠢ | ᠵᠤᠬᠢᠶᠠᠨ ᠪᠠᠶᠢᠭᠤᠯᠤᠨ᠂ ᠠᠵᠢᠯ ᠤᠨ ᠪᠠᠶᠢᠳᠠᠯ ᠳᠤ ᠲᠤᠭᠲᠠᠭᠰᠠᠨ ᠬᠤᠭᠤᠴᠠᠭ᠎ᠠ ᠲᠠᠢ ᠪᠠᠷ ᠵᠢᠯᠤᠭᠤᠳᠤᠯᠭ᠎ᠠ | ᠪᠠᠶᠢᠴᠠᠭᠠᠯᠲᠠ ᠬᠢᠬᠦ ᠶᠢᠨ ᠬᠠᠮᠲᠤ ᠪᠠᠶᠢᠴᠠᠭᠠᠭᠰᠠᠨ ᠪᠠᠶᠢᠳᠠᠯ ᠢᠶᠠᠨ ᠬᠤᠰᠢᠭᠤ ᠠᠷᠠᠳ ᠤᠨ ᠵᠠᠰᠠᠭ ᠤᠨ ᠣᠷᠳᠣᠨ ᠳᠤ | ᠴᠠᠭ ᠲᠤᠬᠠᠢ ᠳᠤᠨᠢ ᠬᠠᠷᠢᠭᠤ ᠲᠤᠰᠬᠠᠵᠤ᠂ ᠠᠵᠢᠯ ᠬᠢᠬᠦ ᠦᠬᠡᠢ᠂ ᠬᠤᠳᠠᠯ ᠬᠠᠭᠤᠷᠮᠠᠭ ᠢᠶᠠᠷ ᠦᠢᠯᠡᠳᠬᠦ ᠵᠡᠷᠭᠡ | ᠠᠵᠢᠯᠯᠠᠭᠠᠨ ᠢ ᠴᠢᠩᠭ᠎ᠠ ᠰᠢᠢᠳᠬᠡᠨ᠂ ᠠᠷᠠᠳ ᠣᠯᠠᠨ ᠤ ᠠᠰᠢᠭ ᠲᠤᠰᠠ ᠬᠤᠬᠢᠷᠠᠯ ᠳᠤ ᠣᠴᠠᠷᠠᠬᠤ ᠦᠬᠡᠢ ᠪᠠᠶᠢᠬᠤ | ᠶᠢ ᠦᠨᠡᠨ ᠬᠦ ᠪᠠᠲᠤᠯᠠᠨ᠎ᠠ᠃ | ᠳᠠᠭᠠᠯᠳᠣᠭᠤᠯᠣᠯ᠄ | 1. ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ | ᠢᠨᠵᠧᠨᠧᠷᠢᠩ ᠢ ᠪᠦᠬᠦ ᠲᠤᠰᠬᠤᠨ ᠳᠤ ᠠᠬᠢᠭᠤᠯᠬᠤ ᠠᠯᠬᠤᠮ ᠳᠠᠷᠠᠭ᠎ᠠ ᠶᠢᠨ ᠲᠦᠯᠦᠪᠵᠢᠬᠦᠯᠬᠡ ᠶᠢᠨ ᠬᠦᠰᠦᠨᠦᠭ︔ | ︵ᠲᠤᠪᠴᠢᠯᠠᠪᠠ︶ | 2. 2022 ᠣᠨ ᠤ ᠣᠲᠤᠭ ᠤᠨ ᠡᠮᠦᠨᠡᠲᠦ ᠬᠤᠰᠢᠭᠤᠨ ᠤ ᠴᠠᠬᠢᠯᠭᠠᠨ ᠲᠤᠯᠠᠭᠠᠯᠠᠭ᠎ᠠ ᠶᠢᠨ ᠬᠡᠷᠡᠭᠴᠡᠭᠡᠨ ᠤ | ᠪᠦᠷᠢᠳᠬᠡᠯ ᠤᠨ ᠬᠦᠰᠦᠨᠦᠭ︔ ︵ᠲᠤᠪᠴᠢᠯᠠᠪᠠ︶ | 3. ᠣᠲᠤᠭ ᠤᠨ ᠡᠮᠦᠨᠡᠲᠦ ᠬᠤᠰᠢᠭᠤᠨ ᠤ ︽ᠨᠡᠬᠦᠷᠡᠰᠦᠨ ᠳᠣᠯᠠᠭᠠᠯᠠᠭ᠎ᠠ ᠶᠢ ᠴᠠᠬᠢᠯᠭᠠᠨ ᠢᠶᠠᠷ ᠦᠬᠡᠷᠡᠴᠢᠯᠡᠬᠦ︾ | ᠢᠨᠵᠧᠨᠧᠷᠢᠩ ᠢ ᠪᠦᠬᠦ ᠲᠤᠰᠬᠤᠨ ᠳᠤ ᠠᠬᠢᠭᠤᠯᠬᠤ ᠠᠵᠢᠯ ᠤᠨ ᠬᠠᠷᠢᠯᠴᠠᠬᠤ ᠬᠦᠮᠦᠰ ᠤᠨ ᠨᠡᠷᠡᠰ︔ | ︵ᠲᠤᠪᠴᠢᠯᠠᠪᠠ︶ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 2 ᠰᠠᠷ᠎ᠠ ᠶᠢᠨ 22 ᠤᠨ ᠡᠳᠦᠷ | | |