ᠣᠳᠤᠭ ᠡᠮᠦᠨᠡᠳᠦ ᠵᠠᠰᠠᠭ ᠲᠠᠷᠬᠠᠭᠠᠬᠤ ﹇2022﹈ 3 ᠲᠣᠭᠠᠳᠦ
ᠨᠡᠶᠢᠲᠡᠯᠡᠭᠰᠡᠨ ᠴᠠᠭ᠄
2022/5/10
︽ᠣᠳᠤᠭ   ᠤᠨ  ᠡᠮᠦᠨᠡᠳᠦ  ᠬᠤᠰᠢᠭᠤᠨ   ᠤ ᠰᠣᠶᠣᠯ  ᠵᠢᠭᠤᠯᠴᠢᠯᠠᠯ ᠤᠨ ᠠᠵᠣ  ᠣᠶᠢᠯᠠᠰ   ᠤᠨ ᠠᠭᠤᠰᠣᠯᠴᠠᠯ ᠬᠦᠭᠵᠢᠯᠳᠡ ᠶᠢ ᠲᠡᠳᠬᠦᠨ  ᠬᠦᠬᠢᠬᠦᠯᠬᠦ ᠠᠷᠭ᠎ᠠ ︵ᠲᠣᠷᠰᠢᠨ ᠬᠡᠷᠡᠭᠵᠢᠭᠦᠯᠬᠦ︶︾ ᠶᠢ ᠲᠠᠷᠣᠮᠠᠯᠯᠠᠨ ᠲᠠᠷᠬᠠᠭᠠᠬᠤᠲᠣᠬᠠᠢ  ᠣᠳᠤᠭ ᠤᠨ  ᠡᠮᠦᠨᠡᠳᠦ  ᠬᠤᠰᠢᠭᠤᠨ   ᠤ  ᠠᠷᠠᠳ ᠤᠨ   ᠵᠠᠰᠠᠭ   ᠤᠨ  ᠣᠷᠳᠣᠨ   ᠤ  ᠮᠡᠳᠡᠭᠳᠡᠯᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ  ᠡᠯ᠎ᠡ ᠰᠠᠯᠠᠭ᠎ᠠ ᠮᠦᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠵᠢᠴᠢ ᠬᠠᠮᠢᠶ᠎ᠠ ᠪᠦᠬᠦᠢ ᠠᠵᠣ ᠠᠬᠤᠶᠢᠯᠠᠯ ᠠᠵᠢᠯ ᠣᠶᠢᠯᠠᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠄     ︽ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠠᠭᠤᠰᠣᠯᠴᠠᠯ ᠬᠦᠭᠵᠢᠯᠳᠡ ᠶᠢ ᠲᠡᠳᠬᠦᠨ ᠬᠦᠬᠢᠬᠦᠯᠬᠦ ᠠᠷᠭ᠎ᠠ ︵ᠲᠣᠷᠰᠢᠨ ᠬᠡᠷᠡᠭᠵᠢᠬᠦᠯᠬᠦ︶︾ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ 2021 ᠣᠨ ᠤ 15 ᠳ᠋ᠣᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠰᠣᠳᠣᠯᠣᠨ ᠪᠠᠳᠣᠯᠠᠭᠠᠳ᠂ ᠡᠳᠦᠭᠡ ᠲᠠᠨᠠᠷ ᠲᠤ ᠲᠠᠷᠣᠮᠠᠯᠯᠠᠨ ᠲᠠᠷᠬᠠᠭᠠᠪᠠ᠂ ᠪᠣᠳᠠᠳᠠᠢ ᠲᠠᠢ ᠣᠶᠠᠯᠳᠣᠭᠤᠯᠣᠨ᠂ ᠨᠠᠷᠢᠨ ᠬᠢᠨᠠᠮᠠᠭᠠᠢ ᠬᠡᠷᠡᠭᠵᠢᠭᠦᠯᠰᠦᠭᠡᠢ᠃                                                                    ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                        2022 ᠣᠨ ᠤ 2 ᠰᠠᠷ᠎ᠠ ᠶᠢᠨ 28 ᠤ ᠡᠳᠦᠷ                ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ              ᠠᠭᠤᠰᠣᠯᠴᠠᠯ ᠬᠦᠭᠵᠢᠯᠳᠡ ᠶᠢ ᠲᠡᠳᠬᠦᠨ ᠬᠦᠬᠢᠬᠦᠯᠬᠦ ᠠᠷᠭ᠎ᠠ ︵ᠲᠣᠷᠰᠢᠨ ᠬᠡᠷᠡᠭᠵᠢᠬᠦᠯᠬᠦ︶          ᠨᠢᠭᠡᠳᠦᠭᠡᠷ ᠪᠦᠯᠦᠭ      ᠶᠡᠷᠦᠩᠬᠡᠢ ᠲᠦᠷᠢᠮ     ᠨᠢᠭᠡᠳᠦᠭᠡᠷ ᠵᠣᠶᠢᠯ     ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠣ ᠣᠶᠢᠯᠠᠰ ᠢ ᠰᠢᠨ᠎ᠡ ᠲᠣᠯᠭᠠᠭᠤᠷᠢᠯᠠᠯ ᠪᠣᠯᠭᠠᠬᠤ ᠪᠣᠶᠢᠵᠢᠭᠤᠯᠣᠯᠳᠠ ᠶᠢ ᠲᠦᠷᠭᠡᠳᠬᠡᠵᠣ᠂ ᠵᠢᠭᠤᠯᠴᠢᠯᠠᠭᠰᠠᠳ ᠢ ᠣᠳᠤᠭ ᠤᠨ ᠡᠮᠦᠨᠡᠳᠦ ᠬᠤᠰᠢᠭᠤᠨ ᠳᠤ ᠲᠠᠳᠠᠨ᠂ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ᠶᠢᠨ ᠲᠣᠰᠠᠳᠠ᠂ ︽ᠣᠷᠳᠣᠰ ᠬᠤᠳᠠ ᠶᠢᠨ ᠰᠣᠶᠣᠯ ᠪᠣᠯᠣᠨ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠷᠭ᠎ᠠ  ᠨᠤᠭᠤᠳ︾ ︵ᠣᠷᠳᠣᠰ ᠵᠠᠰᠠᠭ ᠲᠠᠷᠬᠠᠭᠠᠭᠰᠠᠨ ﹇2021﹈ 52 ᠲᠣᠭᠠᠳᠦ︶ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠦ ᠪᠠᠶᠢᠳᠠᠯ ᠲᠠᠢ ᠣᠶᠠᠯᠳᠣᠭᠤᠯᠵᠣ᠂ ᠲᠣᠰ ᠠᠷᠭ᠎ᠠ ᠶᠢ ᠲᠣᠭᠳᠠᠭᠠᠪᠠ᠃     ᠬᠤᠶᠠᠳᠣᠭᠠᠷ ᠵᠣᠶᠢᠯ     ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠦᠭᠰᠡᠨ ᠠᠵᠣ ᠠᠬᠤᠶᠢᠯᠠᠯ᠂ ᠡᠯ᠎ᠡ ᠱᠠᠳᠣᠨ ᠤ ᠨᠠᠶᠢᠭᠡᠮ ᠤᠨ ᠵᠣᠬᠢᠶᠠᠨ ᠪᠠᠶᠢᠭᠤᠯᠣᠯᠳᠠ ᠪᠣᠶᠣ ᠬᠤᠪᠢ ᠬᠦᠮᠦᠨ ᠳᠤ ᠲᠣᠰ ᠲᠦᠷᠦ ᠶᠢᠨ ᠪᠣᠳᠣᠯᠭ᠎ᠠ ᠶᠢ ᠬᠦᠷᠳᠡᠭᠡᠨ᠎ᠡ᠃     ᠭᠤᠷᠪᠠᠳᠣᠭᠠᠷ ᠵᠣᠶᠢᠯ     ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠬᠦᠭᠵᠢᠯᠳᠡ ᠨᠢ ᠰᠣᠶᠣᠯ ᠢᠶᠠᠷ ᠵᠢᠭᠤᠯᠴᠢᠯᠠᠯ ᠢ ᠠᠬᠢᠭᠤᠯᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠦᠨ᠂ ᠲᠦᠷᠦᠯ ᠵᠣᠶᠢᠯ ᠤᠨ ᠪᠡᠯᠡ ᠣᠷᠣᠭᠤᠯᠣᠯᠳᠠ ᠠᠰᠢᠭ ᠬᠤᠨᠵᠢᠪᠦᠷᠢ ᠲᠠᠢ᠂ ᠪᠦᠳᠦᠭᠡᠭᠳᠡᠭᠦᠨ ᠵᠠᠬ᠎ᠠ ᠲᠡᠯᠭᠡᠭᠦᠷ ᠲᠠᠢ᠂ ᠠᠵᠣ ᠠᠬᠤᠶᠢᠯᠠᠯ ᠣᠯᠵᠠᠪᠦᠷᠢ ᠲᠠᠢ᠂ ᠵᠠᠰᠠᠭ ᠤᠨ ᠣᠷᠳᠣᠨ ᠭᠠᠶᠢᠯᠢ ᠶᠢᠨ ᠣᠷᠣᠯᠭ᠎ᠠ ᠲᠠᠢ᠂ ᠣᠷᠴᠢᠨ ᠲᠣᠭᠤᠷᠢᠨ ᠰᠠᠶᠢᠵᠢᠷᠠᠯᠳᠠ ᠲᠠᠢ ᠱᠠᠭᠠᠷᠳᠠᠯᠭ᠎ᠠ ᠶᠢ ᠪᠠᠷᠢᠮᠳᠠᠯᠠᠵᠣ᠂ ᠣᠯᠣᠰ ᠤᠨ ᠠᠵᠣ ᠣᠶᠢᠯᠠᠰ ᠤᠨ ᠲᠦᠷᠦ ᠶᠢᠨ ᠪᠣᠳᠣᠯᠭ᠎ᠠ ᠪᠣᠯᠣᠨ ᠱᠠᠭᠠᠷᠳᠠᠯᠭ᠎ᠠ ᠳᠤ ᠨᠡᠶᠢᠴᠡᠨ᠂ ᠣᠳᠤᠭ ᠤᠨ ᠡᠮᠦᠨᠡᠳᠦ ᠬᠤᠰᠢᠭᠤᠨ ᠤ ᠪᠦᠬᠦᠯᠢ ᠴᠣᠭᠴᠠ ᠶᠢᠨ ᠣᠷᠣᠨ ᠵᠠᠢ  ᠶᠢᠨ ᠲᠦᠯᠦᠪᠵᠢᠭᠦᠯᠭᠡ ᠪᠣᠯᠣᠨ ᠪᠦᠬᠦ ᠴᠠᠷᠠᠭᠠᠨ ᠤ ᠵᠢᠭᠤᠯᠴᠢᠯᠠᠯ ᠤᠨ ᠬᠦᠭᠵᠢᠯᠳᠡ ᠶᠢᠨ ᠲᠦᠯᠦᠪᠵᠢᠭᠦᠯᠭᠡ ᠲᠠᠢ ᠨᠡᠶᠢᠴᠡᠭᠦ ᠬᠡᠷᠡᠭᠳᠡᠢ᠃     ᠲᠦᠷᠪᠡᠳᠦᠭᠡᠷ ᠵᠣᠶᠢᠯ     ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠠᠴᠠ ᠵᠢᠯ ᠪᠣᠯᠭᠠᠨ 1000 ᠲᠦᠮᠡᠨ ᠲᠦᠬᠦᠷᠢᠭ ᠲᠣᠬᠢᠷᠠᠭᠤᠯᠣᠨ᠂ ᠰᠣᠶᠣᠯ ᠵᠢᠭᠤᠯᠴᠢᠯᠠᠯ ᠤᠨ ᠠᠵᠣ ᠣᠶᠢᠯᠠᠰ ᠢ ᠲᠦᠪᠯᠡᠷᠡᠩᠭᠦᠢ ᠬᠦᠭᠵᠢᠭᠦᠯᠦᠨ᠎ᠡ᠃          ᠬᠤᠶᠠᠳᠣᠭᠠᠷ ᠪᠦᠯᠦᠭ     ᠲᠡᠳᠬᠦᠨ ᠬᠦᠬᠢᠭᠦᠯᠬᠦ ᠲᠦᠷᠦᠯ ᠢᠯᠭᠠᠯ ᠪᠠ ᠠᠷᠭ᠎ᠠ ᠬᠡᠯᠪᠡᠷᠢ     ᠲᠠᠪᠣᠳᠣᠭᠠᠷ ᠵᠣᠶᠢᠯ     ᠨᠡᠷᠡᠳᠦ ᠲᠡᠮᠳᠡᠭ ᠤᠨ ᠴᠣᠭᠴᠠᠯᠠᠯᠳᠠ ᠲᠡᠰ ᠲᠡᠪᠰᠢᠭᠦᠯᠦᠯᠳᠡ ᠶᠢ ᠲᠡᠳᠬᠦᠨ᠎ᠡ     1. ᠣᠯᠣᠰ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠣᠭᠴᠠᠯᠠᠨ᠂ ᠰᠢᠨ᠎ᠡ ᠪᠠᠷ ᠣᠯᠣᠰ ᠤᠨ 3A ᠲᠡᠰ᠂ 4A ᠲᠡᠰ᠂ 5A ᠲᠡᠰ  ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡᠯ ᠨᠢᠭᠡᠯᠡ ᠣᠳᠠᠭ᠎ᠠ ᠪᠠᠷ ᠲᠣᠰ ᠪᠦᠷᠢ 50 ᠲᠦᠮᠡ᠂ 100 ᠲᠦᠮᠡ᠂ 200 ᠲᠦᠮᠡᠨ ᠲᠦᠭᠦᠷᠢᠭ ᠬᠦᠬᠢᠬᠦᠯᠦᠨ ᠱᠠᠩᠨᠠᠨ᠎ᠠ᠃     2. ᠣᠯᠣᠰ ᠤᠨ ᠣᠳᠣᠨ ᠲᠡᠰ ᠤᠨ ᠵᠢᠭᠤᠯᠴᠢᠯᠠᠯ ᠤᠨ ᠪᠠᠭᠤᠳᠠᠯ ᠢ ᠴᠣᠭᠴᠠᠯᠠᠨ᠂ ᠰᠢᠨ᠎ᠡ ᠪᠠᠷ ᠭᠤᠷᠪᠠᠨ ᠣᠳᠣᠨ ᠲᠡᠰ᠂ ᠲᠦᠷᠪᠡᠨ ᠣᠳᠣᠨ ᠲᠡᠰ᠂ ᠲᠠᠪᠣᠨ ᠣᠳᠣᠨ ᠲᠡᠰ ᠤᠨ ᠵᠢᠭᠤᠯᠴᠢᠯᠠᠯ ᠤᠨ ᠪᠠᠭᠤᠳᠠᠯ ᠢᠶᠠᠷ ᠦᠨᠡᠯᠡᠭᠳᠡᠪᠡᠯ ᠨᠢᠭᠡᠯᠡ ᠣᠳᠠᠭ᠎ᠠ ᠪᠠᠷ ᠲᠣᠰ ᠪᠦᠷᠢ 10 ᠲᠦᠮᠡ᠂ 50 ᠲᠦᠮᠡ᠂ 100 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃     3. ᠦᠪᠡᠷᠳᠡᠭᠡᠨ ᠵᠠᠰᠠᠬᠤ ᠣᠷᠣᠨ ᠤ ᠣᠳᠣᠨ ᠲᠡᠰ ᠤᠨ ᠬᠦᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠭᠡ ᠶᠢ ᠴᠣᠭᠴᠠᠯᠠᠨ᠂ ᠰᠢᠨ᠎ᠡ ᠪᠠᠷ ᠭᠤᠷᠪᠠᠨ ᠣᠳᠣᠨ ᠲᠡᠰ᠂ ᠲᠦᠷᠪᠡᠨ ᠣᠳᠣᠨ ᠲᠡᠰ᠂ ᠲᠠᠪᠣᠨ ᠣᠳᠣᠨ ᠲᠡᠰ ᠤᠨ ᠬᠦᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠭᠡ ᠪᠠᠷ ᠦᠨᠡᠯᠡᠭᠳᠡᠪᠡᠯ ᠨᠢᠭᠡᠯᠡ ᠣᠳᠠᠭ᠎ᠠ ᠪᠠᠷ ᠲᠣᠰ ᠪᠦᠷᠢ 3 ᠲᠦᠮᠡ᠂ 5 ᠲᠦᠮᠡ᠂ 10 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃     4. ᠪᠦᠬᠦ ᠣᠯᠣᠰ ᠤᠨ ᠲᠡᠰ ᠤᠨ ᠵᠢᠭᠤᠯᠴᠢᠯᠠᠯ ᠤᠨ ᠬᠦᠳᠡᠭᠡ ᠠᠶᠢᠯ ᠢ ᠴᠣᠭᠴᠠᠯᠠᠨ᠂ ᠰᠢᠨ᠎ᠡ ᠪᠠᠷ ᠬᠦᠬᠡ ᠲᠡᠰ᠂ ᠬᠦᠬᠡᠭᠴᠢᠨ ᠲᠡᠰ ᠤᠨ ᠵᠢᠭᠤᠯᠴᠢᠯᠠᠯ ᠤᠨ ᠬᠦᠳᠡᠭᠡ ᠠᠶᠢᠯ ᠢᠶᠠᠷ ᠦᠨᠡᠯᠡᠭᠳᠡᠪᠡᠯ ᠨᠢᠭᠡᠯᠡ ᠣᠳᠠᠭ᠎ᠠ ᠪᠠᠷ ᠲᠡᠰ ᠪᠦᠷᠢ 10 ᠲᠦᠮᠡ᠂ 5 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃     5. ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠣᠯᠠᠨ ᠶᠠᠩᠵᠣᠳᠦ ᠰᠣᠶᠣᠯ ᠵᠢᠭᠤᠯᠴᠢᠯᠠᠯ ᠤᠨ ᠨᠡᠷᠡᠳᠦ ᠲᠡᠮᠳᠡᠭ ᠤᠨ ᠪᠠᠶᠠᠷ ᠴᠣᠭᠯᠠᠭᠠᠨ ᠤ ᠠᠵᠢᠯᠯᠠᠭᠠᠨ ᠦᠷᠨᠢᠭᠦᠯᠬᠦ ᠶᠢ ᠵᠣᠷᠢᠭᠵᠢᠭᠤᠯᠣᠨ᠂ 5 ᠲᠦᠮᠡ — 50 ᠲᠦᠮᠡᠨ ᠲᠦᠬᠦᠷᠢᠭ ᠬᠦᠬᠢᠬᠦᠯᠦᠨ ᠱᠠᠩᠨᠠᠨ᠎ᠠ᠃     ᠵᠢᠷᠭᠤᠳᠣᠭᠠᠷ ᠵᠣᠶᠢᠯ     ᠰᠣᠶᠣᠯ ᠵᠢᠭᠤᠯᠴᠢᠯᠠᠯ ᠤᠨ ᠴᠡᠴᠡᠭᠯᠡᠯᠳᠡ ᠬᠦᠭᠵᠢᠯᠳᠡ ᠶᠢ ᠠᠬᠢᠭᠤᠯᠣᠨ᠎ᠠ     ᠵᠢᠯ ᠪᠣᠯᠭᠠᠨ ᠲᠣᠰ ᠠᠷᠭ᠎ᠠ ᠶᠢᠨ ᠪᠦᠬᠦᠯᠢ ᠴᠣᠭᠴᠠ ᠶᠢᠨ ᠲᠦᠰᠦᠪ ᠤᠨ ᠪᠡᠯᠡ ᠮᠦᠩᠭᠦ ᠠᠴᠠ 100 ᠲᠦᠮᠡᠨ ᠲᠦᠬᠦᠷᠢᠭ ᠭᠠᠷᠭᠠᠨ ᠰᠣᠶᠣᠯ ᠢᠶᠠᠷ ᠠᠷᠠᠳ ᠢ ᠬᠠᠷᠠᠭᠠᠯᠵᠠᠬᠤ᠂ ᠪᠦᠳᠦᠭᠡᠯᠴᠢ ᠰᠣᠶᠣᠯ ᠤᠨ ᠡᠭᠦᠳᠦᠯᠳᠡ᠂ ᠰᠣᠶᠣᠯ ᠢ ᠲᠡᠳᠬᠦᠬᠦ ᠱᠠᠩᠨᠠᠯ ᠳᠤ ᠬᠡᠷᠡᠭᠯᠡᠨ᠎ᠡ᠃     ᠲᠣᠯᠣᠳᠣᠭᠠᠷ ᠵᠣᠶᠢᠯ     ᠵᠢᠭᠤᠯᠴᠢᠯᠠᠭᠰᠠᠳ ᠢ ᠣᠳᠤᠭ ᠤᠨ ᠡᠮᠦᠨᠡᠳᠦ ᠬᠤᠰᠢᠭᠤᠨ ᠳᠤ ᠲᠠᠳᠠᠨ ᠠᠪᠴᠢᠷᠠᠨ᠎ᠠ     ᠵᠢᠯ ᠪᠣᠯᠭᠠᠨ ᠲᠣᠰ ᠠᠷᠭ᠎ᠠ ᠶᠢᠨ ᠪᠦᠬᠦᠯᠢ ᠴᠣᠭᠴᠠ ᠶᠢᠨ ᠲᠦᠰᠦᠪ ᠤᠨ ᠪᠡᠯᠡ ᠮᠦᠩᠭᠦ ᠠᠴᠠ 600 ᠲᠦᠮᠡᠨ ᠲᠦᠬᠦᠷᠢᠭ ᠭᠠᠷᠭᠠᠨ ᠵᠢᠭᠤᠯᠴᠢᠯᠠᠭᠰᠠᠳ ᠢ ᠣᠳᠤᠭ ᠤᠨ ᠡᠮᠦᠨᠡᠳᠦ ᠬᠤᠰᠢᠭᠤᠨ ᠳᠤ ᠲᠠᠳᠠᠨ ᠠᠪᠴᠢᠷᠠᠬᠤ ᠳᠤ ᠬᠡᠷᠡᠭᠯᠡᠨ᠎ᠡ᠃     ᠨᠠᠢᠮᠠᠳᠣᠭᠠᠷ ᠵᠣᠶᠢᠯ     ᠰᠢᠨ᠎ᠡ ᠣᠶᠢᠯᠠᠰ ᠤᠨ ᠬᠦᠭᠵᠢᠯᠳᠡ ᠶᠢ ᠪᠣᠵᠠᠭᠠᠶᠢᠷᠠᠭᠤᠯᠣᠨ᠎ᠠ     1. ᠪᠣᠳᠠᠰ ᠤᠨ ᠪᠣᠰᠦ ᠰᠣᠶᠣᠯ ᠤᠨ ᠦᠪ᠂ ᠪᠦᠳᠦᠭᠡᠯᠴᠢ ᠰᠣᠶᠣᠯ ᠵᠡᠷᠭᠡ ᠪᠠᠶᠢᠭᠤᠯᠣᠮᠵᠢ ᠶᠢᠨ ᠦᠵᠡᠮᠵᠢ ᠶᠢᠨ ᠣᠷᠣᠨ ᠵᠢᠴᠢ ᠰᠣᠶᠣᠯ ᠤᠨ ᠠᠵᠣ ᠣᠶᠢᠯᠠᠰ  ᠤᠨ ᠬᠦᠷᠢᠶᠡᠯᠡᠩ ᠤᠨ ᠪᠠᠷᠠᠭᠤᠨ ᠲᠣᠭᠤᠷᠢᠭ ᠤᠨ ᠪᠣᠳᠠᠰ ᠤᠨ ᠪᠣᠰᠣ ᠰᠣᠶᠣᠯ ᠤᠨ ᠦᠪ ᠤᠨ ᠵᠡᠭᠡᠯᠢ ᠳᠤ ᠣᠨᠴᠠᠯᠢᠭᠳᠦ ᠵᠢᠭᠤᠯᠴᠢᠯᠠᠯ ᠤᠨ ᠬᠤᠳᠠᠯᠳᠤᠭ᠎ᠠ ᠨᠡᠭᠡᠭᠡᠬᠦ  ᠶᠢ ᠲᠡᠮᠵᠢᠨ᠂ ᠨᠢᠭᠡᠯᠡ ᠣᠳᠠᠭ᠎ᠠ ᠪᠠᠷ 10 ᠲᠦᠮᠡ — 20 ᠲᠦᠮᠡᠨ ᠲᠦᠬᠦᠷᠢᠭ ᠨᠦᠬᠦᠪᠦᠷᠢ ᠣᠯᠭᠤᠨ᠎ᠠ᠃     2. ᠦᠳᠡᠰᠢ ᠶᠢᠨ ᠬᠡᠷᠡᠭᠯᠡᠭᠡᠨ ᠤ ᠡᠯ᠎ᠡ ᠲᠦᠷᠦᠯ ᠤᠨ ᠣᠨᠴᠠᠯᠢᠭᠳᠦ ᠵᠡᠭᠡᠯᠢ ᠭᠤᠳᠣᠮᠵᠢ ᠪᠠᠶᠢᠭᠤᠯᠣᠨ ᠬᠦᠭᠵᠢᠭᠦᠯᠬᠦ ᠶᠢ ᠵᠣᠷᠢᠭᠵᠢᠭᠤᠯᠣᠨ᠂ ᠰᠢᠨ᠎ᠡ ᠪᠠᠷ ᠡᠯ᠎ᠡ ᠲᠦᠷᠦᠯ ᠤᠨ ᠣᠨᠴᠠᠯᠢᠭᠳᠦ ᠦᠳᠡᠰᠢ ᠶᠢᠨ ᠲᠡᠯᠭᠡᠭᠦᠷ ᠤᠨ ᠲᠦᠷᠦᠯ ᠵᠣᠶᠢᠯ ᠢ ᠪᠠᠶᠢᠭᠤᠯᠣᠨ ᠡᠵᠡᠩᠨᠡᠭᠰᠡᠨ ᠪᠣᠯ ᠰᠢᠯᠢᠳᠡᠭ ᠢ ᠨᠢ ᠰᠣᠩᠭᠤᠨ ᠨᠢᠭᠡᠯᠡ ᠣᠳᠠᠭ᠎ᠠ ᠪᠠᠷ 5 ᠲᠦᠮᠡ — 30 ᠲᠦᠮᠡᠨ ᠲᠦᠭᠦᠷᠢᠭ ᠨᠦᠬᠦᠪᠦᠷᠢᠯᠡᠨ᠎ᠡ︔ ᠵᠢᠭᠤᠯᠴᠢᠯᠠᠯ ᠤᠨ ᠦᠵᠡᠮᠵᠢ ᠶᠢᠨ ᠣᠷᠣᠨ ᠠᠴᠠ ᠡᠪᠦᠯ ᠤᠨ ᠣᠯᠠᠷᠢᠯ ᠤᠨ ᠰᠣᠳᠣᠨ ᠵᠢᠭᠤᠯᠴᠢᠯᠠᠯ ᠤᠨ ᠲᠦᠷᠦᠯ ᠵᠣᠶᠢᠯ ᠢ ᠢᠳᠡᠪᠬᠢᠳᠡᠢ ᠬᠦᠭᠵᠢᠭᠦᠯᠬᠦ ᠶᠢ ᠵᠣᠷᠢᠭᠵᠢᠭᠤᠯᠣᠨ᠂ ᠪᠠᠶᠢᠭᠤᠯᠣᠨ ᠡᠵᠡᠩᠨᠡᠭᠰᠡᠨ ᠪᠣᠯ ᠪᠡᠯᠡ ᠣᠷᠣᠭᠤᠯᠣᠭᠰᠠᠨ ᠬᠠᠷᠢᠴᠠᠯ ᠢᠶᠠᠷ ᠵᠣᠬᠢᠬᠤ ᠨᠦᠬᠦᠪᠦᠷᠢ ᠣᠯᠭᠤᠵᠣ᠂ ᠨᠢᠭᠡᠯᠡ ᠣᠳᠠᠭ᠎ᠠ ᠪᠠᠷ 10 ᠲᠦᠮᠡ — 50 ᠲᠦᠮᠡᠨ ᠲᠦᠬᠦᠷᠢᠭ ᠨᠦᠬᠦᠪᠦᠷᠢᠯᠡᠨ᠎ᠡ᠃     3. ᠰᠣᠶᠣᠯ ᠵᠢᠭᠤᠯᠴᠢᠯᠠᠯ ᠤᠨ ᠠᠵᠣ ᠠᠬᠤᠶᠢᠯᠠᠯ ᠠᠴᠠ ᠬᠤᠷᠰᠢᠬᠤ ᠪᠣᠶᠣ ᠦᠪᠡᠰᠪᠠᠨ ᠵᠢᠭᠤᠯᠴᠢᠯᠠᠯ ᠤᠨ ᠰᠣᠳᠣᠨ ᠲᠣᠭᠯᠠᠯᠳᠠ ᠶᠢᠨ ᠲᠦᠷᠦᠯ ᠵᠣᠶᠢᠯ ᠨᠡᠭᠡᠭᠡᠬᠦ ᠶᠢ ᠲᠡᠮᠵᠢᠨ᠂ ᠵᠢᠯ ᠤᠨ ᠲᠣᠳᠣᠷ᠎ᠠ ᠵᠢᠭᠤᠯᠴᠢᠯᠠᠯ ᠤᠨ ᠰᠣᠳᠣᠨ ᠲᠣᠭᠯᠠᠯᠳᠠ ᠶᠢᠨ ᠲᠦᠷᠦᠯ ᠵᠣᠶᠢᠯ ᠢ ᠰᠢᠨ᠎ᠡ ᠪᠠᠷ ᠨᠡᠮᠡᠭᠳᠡᠭᠦᠯᠵᠣ᠂ ᠵᠠᠯᠭᠠᠭ᠎ᠠ ᠪᠠᠷ 4 ᠰᠠᠷ᠎ᠠ ᠲᠣᠭᠯᠠᠯᠳᠠ ᠭᠠᠷᠭᠠᠭᠰᠠᠨ ᠪᠣᠯ ᠪᠡᠯᠡ ᠣᠷᠣᠭᠤᠯᠣᠭᠰᠠᠨ ᠬᠠᠷᠢᠴᠠᠯ ᠢᠶᠠᠷ ᠵᠣᠬᠢᠬᠤ ᠨᠦᠬᠦᠪᠦᠷᠢ ᠣᠯᠭᠤᠵᠣ᠂ ᠬᠠᠮᠤᠭ ᠦᠨᠳᠦᠷ ᠲᠤ ᠪᠠᠨ 200 ᠲᠦᠮᠡᠨ ᠲᠦᠬᠦᠷᠢᠭ  ᠠᠴᠠ ᠬᠡᠳᠦᠷᠡᠭᠦᠯᠬᠦ ᠦᠭᠡᠢ᠃          ᠭᠤᠷᠪᠠᠳᠣᠭᠠᠷ ᠪᠦᠯᠦᠭ     ᠲᠠᠭᠠᠯᠳᠣᠭᠤᠯᠣᠯ ᠲᠦᠷᠢᠮ     ᠶᠢᠰᠦᠳᠦᠭᠡᠷ ᠵᠣᠶᠢᠯ     ᠬᠦᠬᠢᠬᠦᠯᠦᠯ ᠢ ᠵᠢᠯ ᠢᠶᠠᠷ ᠬᠢᠵᠠᠭᠠᠷᠯᠠᠨ᠂ ︽ᠦᠪᠡᠷᠰᠡᠳ ᠢᠶᠠᠨ ᠭᠤᠶᠣᠪᠴᠢᠯᠠᠬᠤ᠂ ᠲᠦᠪᠯᠡᠷᠡᠩᠭᠦᠢ ᠬᠢᠨᠠᠨ ᠬᠠᠷᠭᠤᠭᠤᠯᠬᠤ᠂ ᠲᠣᠰ ᠵᠢᠯ ᠲᠤ ᠨᠢ ᠬᠦᠬᠢᠬᠦᠯᠬᠦ︾ ᠵᠠᠷᠴᠢᠮ ᠶᠣᠰᠣᠭᠠᠷ ᠬᠡᠷᠡᠭᠵᠢᠭᠦᠯᠦᠨ᠎ᠡ᠃     ᠠᠷᠪᠠᠳᠣᠭᠠᠷ ᠵᠣᠶᠢᠯ     ᠠᠳᠠᠯᠢ ᠨᠢᠭᠡ ᠲᠦᠷᠦᠯ ᠵᠣᠶᠢᠯ᠂ ᠠᠳᠠᠯᠢ ᠨᠢᠭᠡ ᠶᠠᠪᠣᠳᠠᠯ᠂ ᠠᠳᠠᠯᠢ ᠨᠢᠭᠡ ᠪᠦᠳᠦᠭᠡᠯ ᠴᠤᠭ ᠲᠤ ᠪᠠᠨ ᠣᠯᠠᠨ ᠲᠦᠷᠣᠯ ᠤᠨ ᠲᠡᠮᠵᠢᠯᠭᠡ ᠪᠣᠯᠣᠨ ᠬᠦᠬᠢᠬᠦᠯᠦᠯ ᠶᠢᠨ ᠲᠦᠷᠦ ᠶᠢᠨ ᠪᠣᠳᠣᠯᠭ᠎ᠠ ᠶᠢᠨ ᠨᠦᠬᠦᠴᠡᠯ ᠳᠤ ᠨᠡᠶᠢᠴᠡᠭᠰᠡᠨ ᠪᠣᠯ ᠲᠡᠭᠡᠳᠦ ᠬᠢᠵᠠᠭᠠᠷ ᠢᠶᠠᠷ ᠪᠠᠷᠢᠮᠵᠢᠶᠠᠯᠠᠨ ᠲᠠᠪᠬᠤᠴᠠᠭᠤᠯᠬᠤ ᠦᠭᠡᠢ ᠵᠠᠷᠴᠢᠮ ᠶᠣᠰᠣᠭᠠᠷ ᠲᠡᠳᠬᠦᠨ ᠬᠦᠬᠢᠬᠦᠯᠦᠨ᠎ᠡ᠃     ᠠᠷᠪᠠᠨ ᠨᠢᠭᠡᠳᠦᠭᠡᠷ ᠵᠣᠶᠢᠯ     ᠬᠠᠣᠯᠢ ᠲᠣᠭᠳᠠᠭᠠᠯ ᠵᠦᠷᠢᠴᠡᠵᠣ᠂ ᠬᠤᠳᠠᠯ ᠬᠠᠭᠤᠷᠮᠠᠭ ᠵᠣᠬᠢᠶᠠᠵᠣ ᠬᠦᠬᠢᠬᠦᠯᠦᠯ᠂ ᠨᠦᠬᠦᠪᠦᠷᠢ ᠣᠯᠣᠭᠰᠠᠨ ᠪᠣᠯ ᠬᠦᠬᠢᠬᠦᠯᠦᠯ ᠨᠦᠬᠦᠪᠦᠷᠢ᠂ ᠪᠡᠯᠡ ᠮᠦᠩᠭᠦ ᠶᠢ ᠨᠢ ᠪᠣᠴᠠᠭᠠᠯᠭᠠᠬᠤ ᠶᠢᠨ ᠬᠠᠮᠳᠦ 2 ᠵᠢᠯ ᠤᠨ ᠲᠣᠳᠣᠷ᠎ᠠ ᠬᠦᠬᠢᠬᠦᠯᠦᠯ ᠨᠦᠬᠦᠪᠦᠷᠢ ᠶᠢᠨ ᠭᠤᠶᠣᠪᠴᠢᠯᠠᠯ ᠳᠤ ᠣᠷᠣᠭᠤᠯᠬᠤ ᠦᠭᠡᠢ ᠮᠦᠷᠳᠡᠭᠡᠨ ᠢᠳᠡᠭᠡᠯ ᠠᠯᠳᠠᠭᠰᠠᠨ ᠬᠠᠷ᠎ᠠ ᠲᠠᠩᠰᠠᠨ ᠳᠤ ᠣᠷᠣᠭᠤᠯᠣᠨ᠎ᠠ᠃     ᠠᠷᠪᠠᠨ ᠬᠤᠶᠠᠳᠣᠭᠠᠷ ᠵᠣᠶᠢᠯ     ᠲᠣᠰ ᠠᠷᠭ᠎ᠠ ᠶᠢ ᠬᠡᠷᠡᠭᠵᠢᠭᠦᠯᠦᠭᠰᠡᠨ ᠤ ᠲᠠᠷᠠᠭ᠎ᠠ ᠣᠳᠤᠭ ᠤᠨ ᠡᠮᠦᠨᠡᠳᠦ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠪᠣᠳᠠᠳᠠᠢ ᠬᠡᠷᠡᠭᠵᠢᠭᠦᠯᠬᠦ ᠨᠠᠷᠢᠨ ᠲᠦᠷᠢᠮ ᠢ ᠲᠣᠭᠳᠠᠭᠠᠨ᠎ᠠ᠃     ᠠᠷᠪᠠᠨ ᠭᠤᠷᠪᠠᠳᠣᠭᠠᠷ ᠵᠣᠶᠢᠯ     ᠲᠣᠰ ᠠᠷᠭ᠎ᠠ ᠶᠢ 2022 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠂ ᠬᠤᠶᠠᠷ ᠵᠢᠯ ᠤᠨ ᠬᠤᠭᠤᠴᠠᠭᠠᠨ ᠤ ᠬᠦᠴᠦᠨ ᠲᠠᠢ᠃
ᠢᠷᠡᠯᠲᠡ᠄ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ