ᠪᠦᠬᠦ ᠣᠯᠣᠰ ᠤᠨ ᠠᠩᠬᠠᠳᠠᠭᠴᠢ ᠬᠤᠲᠠ ᠶᠢᠨ ᠲᠡᠰ ᠤᠨ ᠣᠯᠣᠰ ᠤᠨ ᠪᠠᠲᠣᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠮᠠᠨ ᠤ ᠬᠤᠰᠢᠭᠤᠨ ᠳᠤ ᠪᠠᠶᠢᠭᠤᠯᠤᠭᠳᠠᠯ᠎ᠠ
ᠨᠡᠶᠢᠲᠡᠯᠡᠭᠰᠡᠨ ᠴᠠᠭ᠄
2022/5/12
    5 ᠰᠠᠷ᠎ᠠ ᠶᠢᠨ 9 ᠤ ᠡᠳᠦᠷ᠂ ᠣᠷᠳᠣᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠤ ᠡᠷᠦᠬᠡ ᠰᠡᠬᠦᠬᠦ ᠶᠤᠰᠤᠯᠠᠯ ᠮᠠᠨ ᠤ ᠬᠤᠰᠢᠭᠤᠨ ᠤ ᠪᠤᠷᠤᠪᠠᠯᠭᠠᠰᠣ ᠪᠠᠯᠭᠠᠰᠣᠨ ᠳᠤ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠴᠡᠷᠢᠭ ᠤᠨ ᠬᠤᠪᠢᠶᠠᠷᠢ ᠲᠤᠭᠤᠷᠢᠭ  ᠤᠨ ᠣᠯᠣᠰ ᠲᠦᠷᠦ ᠶᠢᠨ ᠬᠡᠰᠢᠬᠦᠨ ᠭᠤᠤ ᠳ᠋ᠧ ᠴᠢᠤᠸᠡᠨ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠶᠤᠰᠤᠯᠠᠯ ᠳᠤ ᠣᠷᠣᠯᠴᠠᠵᠤ ᠡᠷᠦᠬᠡ ᠰᠡᠬᠦᠪᠡ᠃     ᠶᠤᠰᠤᠯᠠᠯ ᠳᠡᠭᠡᠷ᠎ᠡ᠂ ᠭᠤᠤ ᠳ᠋ᠧ ᠴᠢᠤᠸᠡᠨ᠂ ᠸᠠᠩ ᠢᠦᠢ ᠴᠢᠶᠠᠩ ᠬᠠᠮᠲᠤᠪᠡᠷ ︽ᠣᠷᠳᠣᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ︾ ᠤ ᠡᠷᠦᠬᠡ ᠶᠢ ᠰᠡᠬᠦᠪᠡ᠃ ᠳᠠᠷᠠᠭ᠎ᠠ  ᠨᠢ ᠬᠤᠷᠠᠯ ᠳᠤ ᠣᠷᠣᠯᠴᠠᠭᠰᠠᠳ ᠲᠠᠢ ᠣᠷᠳᠣᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠢ ᠲᠤᠭᠤᠷᠢᠨ ᠦᠵᠡᠪᠡ᠃     ᠭᠤᠤ ᠳ᠋ᠧ ᠴᠢᠤᠸᠡᠨ ᠠᠴᠠ ᠣᠷᠳᠣᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠪᠠᠶᠢᠭᠤᠯᠤᠭᠳᠠᠭᠰᠠᠨ ᠨᠢ ᠣᠲᠤᠭ ᠤᠨ ᠡᠮᠦᠨᠡᠲᠦ ᠬᠤᠰᠢᠭᠤᠨ ᠤ ᠬᠤᠶᠠᠷ ᠢ ᠬᠦᠷᠢᠶᠡᠯᠡᠬᠦ ᠰᠣᠶᠣᠯ ᠳᠤ ᠭᠤᠴᠤ ᠰᠠᠶᠢᠬᠠᠨ ᠨᠡᠷ᠎ᠡ ᠶᠢᠨ ᠬᠠᠭᠤᠳᠠᠰᠣ ᠶᠢ ᠨᠡᠮᠡᠷᠢᠯᠡᠭᠰᠡᠨ ᠪᠠᠶᠢᠨ᠎ᠠ᠃ ᠣᠷᠳᠣᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠤ  ᠡᠷᠦᠬᠡ ᠰᠡᠬᠦᠬᠦ ᠶᠤᠰᠤᠯᠠᠯ ᠢᠶᠠᠷ ᠳᠣᠬᠢᠶᠠᠯ ᠪᠤᠯᠭᠠᠵᠤ᠂ ᠦᠵᠡᠬᠦᠯᠬᠡ ᠶᠢᠨ ᠠᠭᠤᠯᠭ᠎ᠠ ᠪᠠᠨ ᠲᠠᠰᠣᠷᠠᠯᠲᠠ ᠦᠬᠡᠢ ᠪᠠᠶᠠᠯᠢᠭᠵᠢᠭᠤᠯᠵᠤ ᠳᠡᠭᠦᠯᠳᠡᠷᠵᠢᠬᠦᠯᠦᠨ᠂ ᠣᠯᠣᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠬᠠᠮᠢᠶ᠎ᠠ ᠪᠦᠬᠦᠢ ᠮᠡᠳᠡᠯᠭᠡ ᠶᠢ ᠶᠡᠬᠡᠪᠡᠷ ᠣᠬᠠᠭᠤᠯᠤᠨ ᠲᠦᠬᠡᠮᠡᠯᠵᠢᠬᠦᠯᠵᠦ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠢᠷᠠᠭᠤ ᠠᠯᠳᠠᠷᠲᠤ ᠣᠯᠠᠮᠵᠢᠯᠠᠯ ᠢ ᠣᠯᠠᠮ ᠨᠢᠬᠡ ᠠᠯᠬᠤᠮ ᠪᠠᠳᠠᠷᠠᠭᠤᠯᠤᠨ᠂ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠠᠵᠢᠯ ᠢ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠬᠢᠵᠦ᠂ ᠣᠷᠳᠣᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠢ ᠪᠦᠬᠦ ᠬᠤᠲᠠ᠂ ᠪᠦᠬᠦ ᠣᠷᠣᠨ ᠴᠢᠨᠠᠭᠰᠢᠳᠠ ᠪᠦᠬᠦ ᠣᠯᠣᠰ ᠤᠨ ᠡᠬᠡ ᠣᠷᠣᠨᠴᠢ ᠦᠵᠡᠯ ᠪᠠ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠲᠡᠷᠢᠬᠦᠨ  ᠤ ᠵᠡᠷᠭᠡ ᠶᠢᠨ ᠳᠠᠪᠴᠠᠩ ᠪᠤᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠡᠬᠡ ᠣᠷᠣᠨᠴᠢ ᠦᠵᠡᠯ ᠪᠠ ᠣᠯᠣᠰ  ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠠᠵᠢᠯᠯᠠᠭᠠᠨ ᠢ ᠪᠠᠶᠢᠩᠭᠤᠵᠢᠭᠤᠯᠵᠤ ᠦᠷᠨᠢᠬᠦᠯᠦᠨ᠂ ᠦᠷᠭᠡᠨ ᠣᠯᠠᠨ ᠨᠠᠮ ᠤᠨ ᠬᠡᠰᠢᠬᠦᠨ ᠺᠠᠳ᠋ᠷᠴᠣᠳ ᠣᠨᠴᠠᠭᠠᠶᠢᠯᠠᠨ ᠵᠠᠯᠠᠭᠤ ᠪᠠᠭᠠᠴᠣᠳ ᠲᠤᠭᠤᠷᠢᠨ ᠰᠣᠷᠣᠯᠴᠠᠯᠭ᠎ᠠ᠂ ᠪᠡᠶᠡᠴᠢᠯᠡᠨ ᠣᠶᠢᠯᠠᠭᠠᠯᠲᠠ᠂ ᠭᠤᠤᠯ ᠰᠡᠳᠦᠪᠲᠤ ᠣᠬᠠᠭᠤᠯᠤᠨ ᠲᠠᠶᠢᠯᠪᠤᠷᠢᠯᠠᠯᠲᠠ ᠳᠣᠮᠳᠠ ᠠᠴᠠ ᠦᠨᠡᠨ ᠬᠦ ᠬᠦᠮᠦᠵᠢᠯ ᠬᠦᠷᠲᠡᠵᠦ᠂ ᠡᠬᠡ ᠣᠷᠣᠨᠴᠢ ᠰᠡᠳᠬᠢᠯᠬᠡ ᠪᠠᠨ ᠬᠦᠭᠵᠢᠬᠡᠬᠦ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠪᠦᠬᠦ ᠬᠤᠰᠢᠭᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ︽ᠬᠤᠪᠢᠰᠬᠠᠯᠲᠤ ᠣᠳᠣᠮᠰᠢᠯ ᠢ ᠣᠯᠠᠮᠵᠢᠯᠠᠨ ᠵᠠᠯᠭᠠᠮᠵᠢᠯᠠᠬᠤ︾ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠤᠰᠤᠭᠠᠷ᠂ ᠬᠤᠪᠢᠰᠬᠠᠯᠲᠤ ᠰᠣᠶᠣᠯ ᠤᠨ ᠬᠠᠮᠠᠭᠠᠯᠠᠯᠲᠠ ᠪᠠ ᠣᠯᠠᠮᠵᠢᠯᠠᠯ ᠢ ᠣᠯᠠᠮ ᠨᠢᠬᠡ ᠠᠯᠬᠤᠮ ᠴᠢᠩᠭᠠᠳᠬᠠᠵᠤ᠂ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ᠂ ᠨᠠᠮᠴᠢ ᠴᠢᠨᠠᠷ ᠤᠨ ᠬᠦᠮᠦᠵᠢᠯ᠂ ᠨᠠᠮ ᠤᠨ ᠲᠡᠣᠬᠡ ᠣᠯᠣᠰ  ᠤᠨ ᠲᠡᠣᠬᠡ ᠶᠢᠨ ᠬᠦᠮᠦᠵᠢᠯ᠂ ᠡᠬᠡ ᠣᠷᠣᠨᠴᠢ ᠦᠵᠡᠯ ᠤᠨ ᠬᠦᠮᠦᠵᠢᠯ ᠢ ᠭᠤᠤᠯᠳᠠᠯᠭ᠎ᠠ ᠲᠠᠢ ᠳᠣᠪᠣᠶᠢᠯᠭᠠᠨ᠂ ᠪᠦᠬᠦ ᠨᠡᠶᠢᠬᠡᠮ ᠨᠠᠶᠢᠲᠠ ᠳᠤ ᠬᠦᠮᠦᠨ ᠪᠦᠬᠦᠨ ᠣᠯᠣᠰ ᠤᠨ ᠪᠠᠲᠤᠯᠠᠨ ᠬᠠᠮᠠᠭᠠᠯᠠᠯᠲᠠ ᠶᠢ ᠴᠢᠬᠤᠯᠠᠴᠢᠯᠠᠬᠤ᠂ ᠬᠦᠮᠦᠨ ᠪᠣᠯᠭᠠᠨ ᠣᠯᠣᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠬᠦᠮᠦᠨ ᠪᠦᠷᠢ ᠣᠯᠣᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ ᠦᠳᠬᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠦᠵᠡᠰᠬᠦᠯᠡᠩ ᠤᠨ ᠣᠷᠳᠣᠨ  ᠤ ᠬᠠᠮᠢᠶᠠᠷᠤᠯᠲᠠ ᠦᠢᠯᠡᠴᠢᠯᠡᠭᠡᠨ ᠤ ᠲᠤᠭᠠᠴᠠᠯᠠᠭᠰᠠᠨ᠂ ᠪᠠᠷᠢᠮᠵᠢᠶᠠᠵᠢᠭᠰᠠᠨ᠂ ᠲᠦᠷᠢᠮᠵᠢᠭᠰᠡᠨ ᠬᠢᠷᠢ ᠳᠦᠪᠰᠢᠨ ᠢ ᠪᠦᠬᠦ ᠲᠠᠯ᠎ᠠ ᠳᠤ ᠳᠡᠭᠡᠭᠰᠢᠯᠡᠬᠦᠯᠦᠨ᠂ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠣᠷᠳᠣᠰ ᠰᠢᠨ᠎ᠡ ᠴᠠᠭ ᠦᠶ᠎ᠡ ᠶᠢᠨ ᠴᠢᠨᠠᠷᠯᠢᠭ ᠬᠦᠭᠵᠢᠯᠲᠡ  ᠶᠢᠨ ᠰᠢᠨ᠎ᠡ ᠠᠶᠠᠨ ᠤ ᠬᠤᠰᠢᠭᠤᠴᠢ ᠪᠤᠯᠬᠤ ᠳᠤ ᠬᠦᠴᠦᠨ ᠴᠢᠳᠠᠯ ᠢᠶᠠᠨ ᠨᠡᠮᠡᠷᠢᠯᠡᠬᠦ ᠬᠡᠷᠡᠭᠲᠡᠢ ᠬᠡᠵᠦ ᠢᠯᠡᠷᠬᠡᠶᠢᠯᠡᠭᠰᠡᠨ ᠪᠠᠶᠢᠨ᠎ᠠ᠃     ᠣᠶᠢᠯᠠᠭᠠᠭᠰᠠᠨ ᠢᠶᠠᠷ᠂ ᠣᠷᠳᠣᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠢ 2019 ᠣᠨ ᠠᠴᠠ ᠡᠬᠢᠯᠡᠨ ᠪᠠᠶᠢᠭᠤᠯᠵᠤ᠂ ᠨᠠᠶᠢᠲᠠ 2600 ᠲᠦᠮᠡᠨ ᠲᠦᠬᠦᠷᠢᠭ ᠪᠡᠯᠡ ᠣᠷᠣᠭᠤᠯᠵᠠᠢ᠂ ᠣᠷᠳᠣᠨ ᠨᠢ 3800 ᠳᠡᠭᠰᠢ ᠳᠦᠷᠪᠡᠯᠵᠢᠨ ᠮᠧᠲᠷ ᠦᠵᠡᠰᠬᠦᠯᠡᠩ ᠤᠨ ᠲᠠᠯᠠᠪᠠᠢ ᠲᠠᠢ᠂ ᠦᠵᠡᠬᠦᠯᠬᠡ ᠶᠢᠨ ᠲᠢᠩᠬᠢᠮ᠂ ᠴᠡᠷᠢᠭ ᠤᠨ ᠶᠠᠪᠤᠳᠠᠯ ᠤᠨ ᠪᠡᠶᠡᠴᠢᠯᠡᠨ ᠣᠶᠢᠯᠠᠭᠠᠯᠲᠠ ᠶᠢᠨ ᠲᠢᠩᠬᠢᠮ ᠪᠠ ᠴᠡᠷᠢᠭ ᠤᠨ ᠶᠠᠪᠤᠳᠠᠯ ᠤᠨ ᠴᠢᠬᠤᠯᠠ ᠵᠦᠢᠯᠡᠰ ᠮᠡᠲ᠋ᠧᠷᠢᠶᠡᠯ ᠤᠨ ᠣᠶᠢᠯᠠᠯᠭ᠎ᠠ ᠶᠢᠨ ᠲᠢᠩᠬᠢᠮ ᠵᠡᠷᠭᠡ ᠲᠠᠪᠤᠨ ᠬᠡᠰᠡᠭ ᠢᠶᠠᠷ ᠪᠦᠷᠢᠯᠳᠦᠵᠦ᠂ ᠵᠢᠷᠤᠭ ᠪᠢᠴᠢᠭ ᠤᠨ ᠦᠵᠡᠬᠦᠯᠬᠡ᠂ ᠪᠤᠲᠠᠲᠤ ᠵᠦᠢᠯᠡᠰ ᠤᠨ ᠦᠵᠡᠬᠦᠯᠬᠡ᠂ ᠱᠣᠭᠤᠮᠠᠯ ᠤᠷᠠᠯᠢᠭ ᠤᠨ ᠵᠤᠬᠢᠶᠠᠨ ᠪᠦᠲᠦᠬᠡᠯᠭᠡ᠂ ᠣᠭ ᠦᠵᠡᠭᠳᠡᠯ ᠤᠨ ᠰᠡᠷᠬᠦᠬᠡᠯᠲᠡ᠂ ᠡᠯᠡᠰᠦᠨ ᠴᠠᠷ᠎ᠠ ᠶᠢᠨ ᠬᠦᠳᠡᠯᠦᠩᠬᠦᠢ ᠵᠠᠭᠪᠤᠷ᠂ ᠬᠡᠷᠡᠯ ᠲᠦᠷᠰᠦ ᠪᠦᠲᠦᠬᠡᠪᠦᠷᠢ᠂ ᠣᠯᠠᠨ ᠵᠠᠭᠤᠴᠢᠯᠠᠭᠤᠷᠲᠤ ᠦᠢᠯᠡᠳᠦᠯᠴᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠤᠷᠤᠪᠠᠯᠭᠠᠰᠣ ᠦᠨᠳᠦᠰᠦᠲᠡᠨ ᠤ ᠺᠠᠳ᠋ᠷᠴᠣᠳ ᠤᠨ ᠳᠡᠭᠡᠳᠦ ᠰᠣᠷᠭᠠᠭᠤᠯᠢ ᠵᠡᠷᠭᠡ ᠶᠢᠨ ︽1+6︾ ᠬᠤᠪᠢᠰᠬᠠᠯᠲᠤ ᠬᠦᠮᠦᠵᠢᠯ ᠤᠨ ᠡᠬᠢ ᠰᠣᠷᠪᠣᠯᠵᠢ ᠲᠠᠢ ᠬᠠᠷᠢᠯᠴᠠᠨ ᠨᠦᠬᠦᠪᠦᠷᠢᠯᠡᠨ᠂ ᠣᠷᠳᠣᠰ ᠤᠨ ᠬᠤᠪᠢᠰᠬᠠᠯ ᠤᠨ ᠲᠡᠣᠬᠡ ᠪᠠ ᠠᠷᠠᠳ ᠤᠨ ᠴᠡᠷᠢᠭ ᠠᠩᠭᠢ ᠶᠢᠨ ᠬᠦᠭᠵᠢᠯ ᠣᠯᠠᠷᠢᠯ ᠢ ᠪᠦᠬᠦ ᠲᠠᠯ᠎ᠠ ᠪᠠᠷ ᠪᠡᠶᠡᠲᠦ ᠴᠢᠨᠠᠷᠲᠠᠢ ᠪᠠᠷ ᠢᠯᠡᠷᠡᠬᠦᠯᠵᠦ᠂ ᠪᠠᠷᠠᠭᠤᠨ ᠬᠤᠶᠢᠲᠤ ᠣᠷᠣᠨ ᠤ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠰᠢᠨ᠎ᠡ ᠳᠠᠪᠴᠠᠩ ᠢ ᠦᠷᠬᠡᠳᠬᠡᠨ᠂ ᠵᠤᠭ᠎ᠠ ᠴᠡᠩᠬᠡᠯ ᠪᠡᠶᠡᠴᠢᠯᠡᠨ ᠣᠶᠢᠯᠠᠭᠠᠯᠲᠠ ᠶᠢᠨ ᠣᠶᠠᠯᠳᠣᠯ ᠢ ᠪᠡᠶᠡᠯᠡᠬᠦᠯᠦᠭᠰᠡᠨ ᠪᠦᠬᠦ ᠣᠯᠣᠰ ᠤᠨ ᠠᠩᠬᠠᠳᠠᠭᠴᠢ ᠬᠤᠲᠠ ᠶᠢᠨ ᠲᠡᠰ ᠤᠨ ᠣᠯᠣᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠦᠵᠡᠰᠬᠦᠯᠡᠩ ᠤᠨ ᠣᠷᠳᠣᠨ ᠪᠤᠯᠬᠤ ᠶᠤᠮ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠤᠤ ᠱᠣᠸᠡᠨ ᠶᠠᠷᠢᠶ᠎ᠠ ᠲᠠᠯᠪᠢᠵᠦ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠴᠢ ᠰᠢᠶᠠᠨ ᠴᠢᠩ ᠶᠣᠰᠣᠯᠠᠯ ᠢ ᠡᠷᠬᠢᠯᠡᠪᠡ᠃ ᠪᠤᠷᠣᠪᠠᠯᠭᠠᠰᠣ ᠦᠨᠳᠦᠰᠦᠲᠡᠨ ᠤ ᠺᠠᠳ᠋ᠷᠴᠣᠳ ᠤᠨ ᠳᠡᠭᠡᠳᠦ ᠰᠣᠷᠭᠠᠭᠤᠯᠢ ᠶᠢᠨ ᠵᠠᠬᠢᠷᠤᠯ ᠭᠤᠤ ᠫᠧᠩ᠂ ᠬᠤᠰᠢᠭᠤ ᠣᠳᠣᠷᠢᠳᠣᠯᠭ᠎ᠠ ᠹᠦ᠋ ᠺᠧ᠂ ᠴᠧᠩ ᠱᠣ᠋ ᠵᠢᠶᠦ᠋ᠨ᠂ ᠬᠤᠪᠢᠰᠬᠠᠯᠲᠤ᠂ ᠶᠢᠦ ᠵᠢᠶᠡᠨ ᠴᠢᠩ᠂ ᠴᠢᠨ ᠯᠢᠩ ᠹᠧᠩ ᠵᠢᠴᠢ ᠪᠤᠷᠤᠪᠠᠯᠭᠠᠰᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠬᠤᠰᠢᠭᠤ ᠰᠣᠶᠣᠯ ᠵᠢᠭᠤᠯᠴᠢᠯᠠᠯ ᠤᠨ ᠪᠦᠯᠦᠭᠯᠡᠯ ᠤᠨ ᠪᠦᠬᠦ ᠺᠠᠳ᠋ᠷ ᠠᠵᠢᠯᠲᠠᠳ ᠶᠤᠰᠤᠯᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号