ᠸᠠᠩ ᠢᠦᠢ ᠴᠢᠶᠠᠩ ᠨᠢᠭᠡᠳᠦᠮᠡᠯ ᠹᠷᠣᠨᠲ ᠤᠨ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/5/17
    5 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠨᠢᠭᠡᠳᠦᠮᠡᠯ ᠹᠷᠣᠨᠲ ᠤᠨ ᠠᠵᠢᠯ ᠢ ᠪᠠᠶᠢᠴᠠᠭᠠᠨ ᠰᠣᠳᠣᠯᠪᠠ᠃     ᠸᠠᠩ ᠢᠦᠢ ᠴᠢᠶᠠᠩ ᠣᠷᠢᠳ ᠬᠤᠵᠢᠳ ᠦᠪᠦᠷ ᠮᠣᠩᠭᠤᠯ ᠤᠨ ᠳ᠋ᠧ ᠱᠠᠨ ᠣᠷᠠᠯᠢᠭ ᠤᠨ ᠪᠣᠯᠪᠠᠰᠣᠷᠠᠯ ᠤᠨ ᠬᠢᠵᠠᠭᠠᠷᠳᠦ ᠺᠣᠮᠫᠠᠨᠢ ᠶᠢᠨ ᠰᠢᠨ᠎ᠡ ᠨᠡᠶᠢᠭᠡᠮ ᠤᠨ ᠲᠠᠪᠬᠤᠷᠭ᠎ᠠ ᠶᠢᠨ ᠬᠦᠮᠦᠰ ᠤᠨ ᠨᠢᠭᠡᠳᠦᠮᠡᠯ ᠹᠷᠣᠨᠲ ᠤᠨ ᠠᠵᠢᠯ ᠤᠨ ᠣᠶᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠰᠠᠶᠢᠬᠠᠨ ᠨᠡᠶᠢᠭᠡᠮ ᠲᠣᠭᠤᠷᠢᠭ ᠤᠨ ᠦᠨᠳᠦᠰᠦᠨ ᠱᠠᠳᠣᠨ ᠤ ︽ᠨᠢᠭᠡᠳᠦᠮᠡᠯ ᠹᠷᠣᠨᠲ ᠤᠨ ᠭᠡᠷ ᠪᠦᠯᠢ︾᠂ ᠬᠤᠰᠢᠭᠤ ᠠᠵᠢᠯ ᠮᠡᠷᠭᠡᠵᠢᠯ ᠤᠨ ᠲᠣᠮᠳᠠᠳᠦ ᠰᠣᠷᠭᠠᠭᠤᠯᠢ  ᠶᠢᠨ ᠰᠢᠨ᠎ᠡ ᠶᠢ ᠡᠭᠦᠳᠦᠨ ᠣᠶᠢᠯᠠᠰ ᠪᠣᠰᠬᠠᠬᠤ ᠰᠠᠭᠤᠷᠢᠨ ᠭᠠᠵᠠᠷ᠂ ᠨᠢᠭᠡᠳᠦᠮᠡᠯ ᠹᠷᠣᠨᠲ ᠤᠨ ᠬᠡᠯᠳᠡᠰ ᠢᠶᠠᠷ ᠬᠦᠷᠴᠦ᠂ ᠰᠠᠭᠤᠷᠢᠨ ᠭᠠᠵᠠᠷ ᠤᠨ ᠪᠠᠶᠢᠭᠤᠯᠣᠯᠳᠠ ᠠᠵᠢᠯᠯᠠᠮᠵᠢ ᠶᠢ ᠨᠠᠷᠢᠨ ᠣᠶᠢᠯᠠᠭᠠᠵᠣ᠂ ︽ᠨᠢᠭᠡᠳᠦᠮᠡᠯ ᠹᠷᠣᠨᠲ ᠤᠨ ᠭᠡᠷ ᠪᠦᠯᠢ︾ ᠶᠢᠨ ᠴᠢᠳᠠᠪᠬᠢ ᠶᠢᠨ ᠲᠣᠭᠳᠠᠭᠠᠯᠳᠠ᠂ ᠠᠵᠢᠯᠯᠠᠮᠵᠢ ᠶᠢᠨ ᠰᠡᠳᠬᠢᠮᠵᠢ᠂ ᠨᠡᠶᠢᠳᠡ ᠶᠢᠨ ᠪᠣᠰᠣ ᠦᠮᠴᠢᠯᠡᠯᠳᠦ ᠠᠵᠣ ᠠᠬᠤᠶᠢᠯᠠᠯ ᠪᠣᠯᠣᠨ ᠰᠣᠷᠭᠠᠭᠤᠯᠢ ᠠᠵᠣ ᠠᠬᠤᠶᠢᠯᠠᠯ ᠤᠨ ᠬᠠᠮᠳᠣᠷᠠᠯᠴᠠᠭ᠎ᠠ᠂ ᠨᠢᠭᠡᠳᠦᠮᠡᠯ ᠹᠷᠣᠨᠲ ᠤᠨ ᠠᠵᠢᠯ  ᠤᠨ ᠦᠷᠨᠢᠭᠦᠯᠦᠯᠳᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ᠂ ᠰᠠᠭᠤᠳᠠᠯ ᠤᠨ ᠬᠤᠷᠠᠯ ᠬᠤᠷᠠᠯᠳᠣᠵᠣ ᠪᠦᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃     ᠸᠠᠩ ᠢᠦᠢ ᠴᠢᠶᠠᠩ ᠪᠦᠬᠦ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠢ ᠭᠦᠢᠴᠡᠳ ᠨᠣᠳᠠᠯᠠᠪᠠ᠃ ᠲᠡᠷᠡ᠂ ᠬᠤᠰᠢᠭᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠳᠡᠰ ᠴᠦᠭᠡᠨ ᠲᠣᠭᠠᠳᠦ ᠦᠨᠳᠦᠰᠦᠳᠡᠨ ᠤ ᠺᠠᠳ᠋ᠷ ᠣᠯᠠᠨ ᠲᠦᠮᠡᠨ ᠤ ᠪᠦᠯᠬᠦᠮᠳᠡᠯ᠂ ᠱᠠᠰᠢᠨ ᠰᠣᠷᠳᠠᠬᠤᠨ ᠤ ᠡᠶ᠎ᠡ ᠵᠣᠬᠢᠴᠠᠯ ᠠᠮᠣᠷ ᠲᠣᠭᠳᠠᠭᠤᠨ ᠤ ᠠᠬᠢᠭᠤᠯᠣᠯᠳᠠ᠂ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠤᠨ ᠡᠷᠡᠭᠦᠯ ᠬᠦᠭᠵᠢᠯᠳᠡ ᠶᠢᠨ ᠠᠬᠢᠭᠤᠯᠣᠯᠳᠠ ᠪᠣᠯᠣᠨ ᠨᠠᠮ ᠤᠨ ᠪᠣᠰᠣ ᠬᠦᠮᠦᠰ ᠯᠤᠭ᠎ᠠ ᠶᠢᠨ ᠬᠠᠷᠢᠯᠴᠠᠭ᠎ᠠ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠳᠦᠮᠵᠢᠳᠡᠢ ᠠᠵᠢᠯ ᠬᠢᠵᠣ᠂ ᠮᠠᠨ  ᠤ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠬᠤ ᠶᠠᠪᠣᠴᠠ ᠳᠤ ᠨᠢᠭᠡᠳᠦᠮᠡᠯ ᠹᠷᠣᠨᠲ ᠤᠨ ᠣᠶᠢᠯᠠᠳᠣᠯ ᠢᠶᠠᠨ ᠬᠦᠢᠴᠡᠳ ᠪᠠᠳᠠᠷᠠᠭᠤᠯᠣᠨ᠂ ᠨᠢᠭᠡᠳᠦᠮᠡᠯ ᠹᠷᠣᠨᠲ ᠤᠨ ᠬᠦᠴᠦᠨ ᠢᠶᠠᠨ ᠬᠠᠷᠠᠭᠤᠯᠵᠣ᠂ ᠨᠢᠭᠡᠳᠦᠮᠡᠯ ᠹᠷᠣᠨᠲ ᠤᠨ ᠬᠠᠷᠢᠭᠤᠴᠠᠯᠭ᠎ᠠ ᠪᠠᠨ ᠢᠯᠡᠷᠡᠭᠦᠯᠪᠡ ᠭᠡᠵᠣ ᠵᠢᠭᠠᠭᠰᠠᠨ ᠪᠠᠶᠢᠨ᠎ᠠ᠃     ᠸᠠᠩ ᠢᠦᠢ ᠴᠢᠶᠠᠩ᠂ ᠰᠡᠳᠬᠢᠯ ᠴᠢᠭᠯᠡᠯ ᠢᠶᠠᠨ ᠨᠢᠭᠡᠳᠬᠡᠭᠰᠡᠨ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠯᠠᠭᠤᠯᠣᠯᠳᠠ ᠶᠢ ᠪᠠᠶᠢᠭᠤᠯᠣᠨ ᠲᠡᠭᠦᠯᠳᠡᠷᠵᠢᠭᠦᠯᠵᠣ᠂ ᠣᠯᠣᠰ ᠲᠦᠷᠦ ᠶᠢᠨ ᠵᠣᠭᠰᠣᠴᠠ ᠪᠠᠨ ᠣᠯᠠᠮ ᠲᠡᠭᠡᠭᠰᠢᠯᠡᠭᠦᠯᠣᠨ᠂ ᠨᠠᠮ ᠤᠨ ᠣᠳᠣᠷᠢᠳᠣᠯᠭ᠎ᠠ ᠶᠢ ᠨᠢᠭᠡᠳᠦᠮᠡᠯ ᠹᠷᠣᠨᠲ ᠤᠨ ᠠᠵᠢᠯ ᠤᠨ ᠪᠦᠬᠦ ᠶᠠᠪᠣᠴᠠ ᠪᠣᠯᠣᠨ ᠡᠯ᠎ᠡ ᠬᠦᠷᠢᠶ᠎ᠡ ᠴᠠᠷᠠᠭᠠᠨ ᠳᠤ ᠲᠣᠣᠱᠯᠠᠭᠤᠯᠵᠣ᠂ ᠡᠯ᠎ᠡ ᠲᠠᠪᠬᠤᠷᠭ᠎ᠠ ᠶᠢᠨ ᠡᠯ᠎ᠡ ᠡᠳᠡᠭᠡᠳ ᠤᠨ ᠣᠶᠣᠨ ᠴᠢᠳᠠᠪᠦᠷᠢ ᠪᠣᠯᠣᠨ ᠬᠦᠴᠦᠨ ᠢ ᠬᠠᠮᠤᠭ ᠶᠡᠭᠡ ᠬᠡᠮᠵᠢᠶ᠎ᠡ ᠪᠠᠷ ᠨᠢᠭᠳᠠᠷᠠᠭᠤᠯᠣᠨ᠂ ᠬᠠᠮᠳᠦ ᠶᠢᠨ ᠦᠵᠡᠯ ᠣᠬᠠᠮᠰᠠᠷ ᠣᠯᠣᠰ ᠲᠦᠷᠦ ᠶᠢᠨ ᠰᠠᠭᠤᠷᠢ ᠶᠢ ᠲᠠᠰᠣᠷᠠᠯᠳᠠ ᠦᠭᠡᠢ ᠪᠠᠬᠢᠵᠢᠭᠦᠯᠵᠣ᠂ ᠨᠢᠭᠡᠳᠦᠮᠡᠯ ᠹᠷᠣᠨᠲ ᠤᠨ ᠠᠵᠢᠯ ᠤᠨ ᠵᠦᠪ ᠴᠢᠭᠯᠡᠯ ᠢ ᠢᠮᠠᠭᠳᠠ ᠪᠠᠳᠣᠯᠠᠨ᠂ ᠬᠠᠮᠤᠭ ᠶᠡᠭᠡ ᠪᠠᠷ ᠨᠢᠭᠳᠠᠷᠠᠨ ᠪᠦᠯᠬᠦᠮᠳᠡᠭᠦ ᠬᠡᠷᠡᠭᠳᠡᠢ᠃ ᠬᠠᠮᠳᠦ ᠪᠠᠷ ᠣᠷᠣᠭᠰᠢᠯᠠᠬᠤ ᠦᠨᠳᠦᠰᠦᠳᠡᠨ ᠤ ᠪᠦᠯᠬᠦᠮᠳᠡᠯ ᠢ ᠪᠦᠬᠦ ᠲᠠᠯ᠎ᠠ ᠪᠠᠷ ᠪᠠᠬᠢᠵᠢᠭᠦᠯᠦᠨ᠂ ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠢᠮᠠᠭᠳᠠ ᠪᠠᠳᠣᠳᠬᠠᠵᠣ᠂ ᠣᠯᠣᠰ ᠤᠨ ᠨᠢᠭᠡᠳᠦᠯᠳᠡᠢ ᠨᠠᠶᠢᠷᠠᠭᠤᠯᠣᠭᠰᠠᠨ ᠵᠢᠭᠠᠨ ᠰᠣᠷᠭᠠᠯᠳᠠ ᠶᠢᠨ ᠮᠡᠲ᠋ᠧᠷᠢᠶᠠᠯ ᠢ ᠬᠡᠷᠡᠭᠯᠡᠭᠦ ᠠᠵᠢᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠣᠯᠣᠰ ᠤᠨ ᠨᠡᠶᠢᠳᠡᠮ ᠭᠡᠷᠡᠭᠯᠡᠭᠡᠨ ᠤ ᠦᠰᠦᠭ ᠪᠢᠴᠢᠭ ᠤᠨ ᠰᠣᠷᠭᠠᠨ ᠬᠦᠮᠦᠵᠢᠯ ᠢ ᠨᠢᠭᠡᠳᠦᠯᠳᠡᠢ ᠠᠬᠢᠭᠤᠯᠵᠣ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯᠯᠠᠭᠠᠨ ᠢ ᠭᠦᠨᠵᠡᠭᠡᠢ ᠦᠷᠨᠢᠭᠦᠯᠦᠨ᠂ ᠱᠠᠰᠢᠨ ᠰᠣᠷᠳᠠᠬᠤᠨ ᠤ ᠠᠵᠢᠯ  ᠳᠠᠬᠢ ᠨᠠᠮ ᠤᠨ ᠣᠳᠣᠷᠢᠳᠣᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠣ᠂ ᠦᠨᠳᠦᠰᠦᠳᠡᠨ ᠤ ᠣᠨᠴᠠᠯᠢᠭᠳᠦ ᠠᠵᠣ ᠣᠶᠢᠯᠠᠰ ᠢ ᠶᠡᠭᠡᠪᠡᠷ ᠬᠦᠭᠵᠢᠭᠦᠯᠦᠨ᠂ ᠦᠨᠳᠦᠰᠦᠳᠡᠨ ᠤ ᠰᠢᠯᠢᠳᠡᠭ ᠰᠣᠶᠣᠯ ᠢ ᠦᠷᠭᠦᠯᠵᠢᠯᠡᠨ ᠣᠯᠠᠮᠵᠢᠯᠠᠨ ᠪᠠᠳᠠᠷᠠᠭᠤᠯᠵᠣ᠂ ᠡᠯ᠎ᠡ ᠦᠨᠳᠦᠰᠦᠳᠡᠨ ᠤ ᠰᠣᠶᠣᠯ ᠤᠨ ᠠᠭᠤᠰᠣᠯᠴᠠᠯ᠂ ᠰᠢᠨᠡᠴᠢᠯᠠᠯ ᠢ ᠣᠯᠠᠮ ᠠᠬᠢᠭᠤᠯᠬᠤ ᠭᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠸᠠᠩ ᠢᠦᠢ ᠴᠢᠶᠠᠩ᠂ ᠴᠢᠨᠠᠷᠯᠢᠭ ᠡᠷᠡᠭᠦᠯ ᠨᠡᠶᠢᠳᠡ ᠶᠢᠨ ᠪᠣᠰᠣ ᠦᠮᠴᠢᠯᠠᠯᠳᠦ ᠠᠵᠣ ᠠᠬᠤᠢ ᠶᠢᠨ ᠬᠦᠭᠵᠢᠯᠳᠡ  ᠶᠢ ᠦᠷᠭᠦᠯᠵᠢᠯᠡᠨ ᠠᠬᠢᠭᠤᠯᠵᠣ᠂ ᠪᠣᠳᠠᠳᠦ ᠪᠠᠶᠢᠳᠠᠯ ᠲᠠᠢ ᠪᠠᠨ ᠨᠢᠭᠳᠠ ᠣᠶᠠᠯᠳᠣᠭᠤᠯᠣᠨ᠂ ᠠᠵᠣ ᠠᠬᠤᠶᠢᠯᠠᠯ ᠤᠨ ᠪᠣᠶᠢᠵᠢᠯ᠂ ᠬᠦᠴᠦᠨ ᠵᠣᠶᠢᠯ ᠤᠨ ᠢᠵᠢ ᠪᠦᠷᠢᠯᠳᠣᠯ᠂ ᠴᠢᠳᠠᠪᠦᠷᠢᠳᠠᠨ ᠤ ᠪᠣᠯᠪᠠᠰᠣᠷᠠᠯ ᠵᠡᠷᠭᠡ ᠲᠠᠯ᠎ᠠ ᠪᠠᠷ ᠲᠦᠪ᠂ ᠦᠪᠡᠷᠳᠡᠭᠡᠨ ᠵᠠᠰᠠᠬᠤ ᠣᠷᠣᠨ ᠪᠣᠯᠣᠨ ᠬᠤᠳᠠ ᠶᠢᠨ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠣᠯᠠᠮ ᠨᠢᠭᠡ ᠠᠯᠬᠤᠮ ᠨᠠᠷᠢᠯᠢᠭ ᠨᠠᠶᠢᠳᠠᠪᠦᠷᠢᠵᠢᠭᠤᠯᠵᠣ᠂ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠤᠨ ᠠᠰᠠᠭᠤᠳᠠᠯ ᠤᠨ ᠬᠠᠷᠢᠭᠤ ᠲᠣᠰᠬᠠᠯ ᠤᠨ ᠲᠣᠭᠳᠠᠯᠴᠠᠭ᠎ᠠ ᠶᠢ ᠲᠠᠰᠣᠷᠠᠯᠳᠠ ᠦᠭᠡᠢ ᠲᠡᠭᠦᠯᠳᠡᠷᠵᠢᠭᠦᠯᠦᠨ᠂ ᠲᠣᠭᠳᠠᠭᠰᠠᠨ ᠬᠤᠭᠤᠴᠠᠭ᠎ᠠ  ᠲᠠᠢ ᠪᠠᠷ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠤᠨ ᠰᠠᠭᠤᠳᠠᠯ ᠤᠨ ᠬᠤᠷᠠᠯ ᠢ ᠬᠤᠷᠠᠯᠳᠣᠭᠤᠯᠵᠣ᠂ ᠵᠠᠰᠠᠭ  ᠤᠨ ᠣᠷᠳᠣᠨ ᠪᠣᠯᠣᠨ ᠠᠵᠣ ᠠᠬᠤᠶᠢᠯᠠᠯ ᠤᠨ ᠬᠠᠷᠢᠯᠴᠠᠭᠠᠨ ᠤ ᠲᠠᠪᠴᠠᠩ ᠢ ᠪᠠᠶᠢᠭᠤᠯᠣᠨ᠂ ᠠᠵᠣ ᠠᠬᠤᠶᠢᠯᠠᠯ ᠢ ᠬᠠᠪᠰᠣᠷᠣᠨ ᠬᠦᠴᠢᠷᠳᠡᠯ ᠪᠣᠯᠣᠨ ᠠᠰᠠᠭᠤᠳᠠᠯ ᠢ ᠰᠢᠢᠳᠪᠦᠷᠢᠯᠡᠵᠣ᠂ ᠠᠷᠠᠳ ᠠᠴᠠ ᠡᠵᠡᠩᠨᠡᠭᠰᠡᠨ ᠠᠵᠣ ᠠᠬᠤᠶᠢᠯᠠᠯ ᠢ ᠰᠠᠨᠠᠭ᠎ᠠ ᠠᠮᠣᠷ ᠡᠵᠡᠩᠨᠡᠭᠦᠯᠦᠨ ᠬᠦᠭᠵᠢᠭᠦᠯᠬᠦ ᠬᠡᠷᠡᠭᠳᠡᠢ᠃ ᠨᠠᠮ ᠤᠨ ᠪᠣᠰᠣ ᠣᠶᠣᠨ ᠤ ᠬᠦᠴᠦᠨ ᠢ ᠲᠠᠰᠣᠷᠠᠯᠳᠠ ᠦᠭᠡᠢ ᠨᠢᠭᠳᠠᠷᠠᠭᠤᠯᠣᠨ᠂ ᠦᠵᠡᠯ ᠰᠠᠨᠠᠭ᠎ᠠ ᠣᠯᠣᠰ ᠲᠦᠷᠦ ᠶᠢᠨ ᠵᠢᠯᠣᠭᠤᠳᠣᠯᠭ᠎ᠠ ᠪᠠᠨ ᠦᠷᠭᠦᠯᠵᠢᠯᠡᠨ ᠰᠠᠶᠢᠳᠦᠷ ᠬᠢᠵᠣ᠂ ᠨᠠᠮ ᠤᠨ ᠪᠣᠰᠣ ᠺᠠᠳ᠋ᠷᠴᠣᠳ ᠤᠨ ᠪᠣᠯᠪᠠᠰᠣᠷᠠᠯ ᠢ ᠪᠦᠬᠦ ᠬᠤᠰᠢᠭᠤᠨ ᠤ ᠺᠠᠳ᠋ᠷᠴᠣᠳ ᠤᠨ ᠪᠣᠯᠪᠠᠰᠣᠷᠠᠯ ᠤᠨ ᠲᠦᠯᠦᠪᠵᠢᠭᠦᠯᠭᠡ ᠳᠤ ᠣᠷᠣᠭᠤᠯᠣᠨ᠂ ᠨᠠᠮ ᠤᠨ ᠪᠣᠰᠣ ᠴᠢᠳᠠᠪᠦᠷᠢᠳᠠᠨ ᠤ ᠬᠦᠮᠦᠷᠭᠡ ᠶᠢ ᠪᠠᠶᠢᠭᠤᠯᠣᠨ ᠲᠡᠭᠦᠯᠳᠡᠷᠵᠢᠭᠦᠯᠵᠣ᠂ ᠨᠠᠮ ᠤᠨ ᠪᠣᠰᠣ ᠺᠠᠳ᠋ᠷᠴᠣᠳ ᠤᠨ ᠬᠦᠮᠦᠵᠢᠯ ᠪᠣᠯᠪᠠᠰᠣᠷᠠᠯ᠂ ᠲᠠᠨᠢᠯᠴᠠᠭᠤᠯᠬᠤ ᠡᠷᠴᠢᠮ ᠢ ᠴᠢᠩᠭᠠᠷᠠᠭᠤᠯᠵᠣ᠂ ᠨᠠᠮ ᠤᠨ ᠪᠣᠰᠣ ᠴᠢᠳᠠᠪᠦᠷᠢᠳᠠᠨ ᠤ ᠲᠣᠰ ᠪᠡᠶ᠎ᠡ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠣᠨ᠂ ᠪᠦᠬᠦ ᠬᠤᠰᠢᠭᠤᠨ ᠤ ᠦᠭᠡᠷᠡᠴᠢᠯᠡᠯᠳᠡ ᠬᠦᠭᠵᠢᠭᠦᠯᠦᠯᠳᠡ ᠶᠢᠨ ᠣᠶᠢᠯᠡᠳᠦᠯᠭᠡ  ᠳᠤ ᠢᠳᠡᠪᠬᠢᠳᠡᠢ ᠣᠷᠣᠯᠴᠠᠭᠤᠯᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠸᠠᠩ ᠢᠦᠢ ᠴᠢᠶᠠᠩ᠂ ᠬᠡᠪ ᠴᠢᠨᠠᠷ ᠰᠠᠶᠢᠨ ᠨᠢᠭᠡᠳᠦᠮᠡᠯ ᠹᠷᠣᠨᠲ ᠤᠨ ᠡᠩᠨᠡᠭᠡᠨ ᠤ ᠪᠠᠶᠢᠭᠤᠯᠣᠯᠳᠠ ᠶᠢ ᠴᠢᠩᠭᠠᠳᠬᠠᠨ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠳᠡᠰ ᠤᠨ ᠣᠳᠣᠷᠢᠳᠬᠤ ᠪᠠᠭ ᠲᠣᠯᠣᠭᠠᠶᠢᠯᠠᠭᠴᠢ ᠶᠢᠨ ᠣᠶᠢᠯᠠᠳᠣᠯ ᠢᠶᠠᠨ ᠭᠦᠢᠴᠡᠳ ᠪᠠᠳᠠᠷᠠᠭᠤᠯᠵᠣ᠂ ᠣᠯᠣᠰ ᠲᠦᠷᠦ᠂ ᠪᠦᠯᠬᠦᠮᠳᠡᠯ ᠢ ᠡᠷᠬᠢᠮᠯᠡᠨ᠂ ᠲᠦᠪ᠂ ᠦᠪᠡᠷᠳᠡᠭᠡᠨ ᠵᠠᠰᠠᠬᠤ ᠣᠷᠣᠨ᠂ ᠬᠤᠳᠠ ᠪᠣᠯᠣᠨ ᠬᠤᠰᠢᠭᠤᠨ ᠤ ᠡᠯ᠎ᠡ ᠲᠦᠷᠦᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠰᠠᠶᠢᠳᠦᠷ ᠨᠠᠶᠢᠳᠠᠪᠦᠷᠢᠵᠢᠭᠤᠯᠵᠣ᠂ ᠭᠤᠣᠯᠳᠠᠯᠭᠠᠳᠦ ᠠᠵᠢᠯ ᠤᠨ ᠠᠬᠢᠭᠤᠯᠣᠯᠳᠠ ᠶᠢᠨ ᠲᠣᠭᠤᠷᠢᠨ ᠳᠤ ᠨᠢᠭᠡᠳᠦᠮᠡᠯ ᠹᠷᠣᠨᠲ ᠤᠨ ᠣᠶᠣᠨ ᠤ ᠬᠦᠴᠦᠨ ᠢ ᠨᠢᠭᠳᠠᠷᠠᠭᠤᠯᠬᠤ ᠬᠡᠷᠡᠭᠳᠡᠢ᠃ ᠨᠢᠭᠡᠳᠦᠮᠡᠯ ᠹᠷᠣᠨᠲ ᠤᠨ ᠺᠠᠳ᠋ᠷ ᠮᠡᠳᠡᠯᠭᠡ ᠶᠢᠨ ᠪᠦᠳᠦᠴᠠ᠂ ᠠᠵᠢᠯ ᠤᠨ ᠰᠣᠷᠳᠠᠯ ᠤᠨ ᠰᠠᠶᠢᠵᠢᠷᠠᠭᠤᠯᠣᠯᠳᠠ ᠪᠠᠨ ᠣᠯᠠᠮ ᠲᠡᠭᠦᠯᠳᠡᠷᠵᠢᠭᠦᠯᠦᠨ᠂ ᠪᠠᠳᠦ ᠴᠢᠩᠭ᠎ᠠ ᠦᠵᠡᠯ ᠰᠠᠨᠠᠭ᠎ᠠ᠂ ᠣᠯᠣᠰ ᠲᠦᠷᠦ᠂ ᠣᠶᠢᠯᠡᠳᠦᠯᠭᠡ ᠶᠢᠨ ᠲᠠᠪᠳᠠᠯᠳᠠ ᠲᠣᠮᠳᠠ ᠬᠠᠷᠢᠭᠤᠴᠠᠯᠭᠠᠳᠦ ᠰᠡᠳᠬᠢᠯᠭᠡ ᠪᠠᠷ ᠪᠣᠳᠠᠳᠦ ᠶᠠᠪᠣᠳᠠᠯ ᠪᠦᠳᠦᠭᠡᠵᠣ᠂ ᠨᠢᠭᠡᠳᠦᠮᠡᠯ ᠹᠷᠣᠨᠲ ᠤᠨ ᠣᠶᠢᠯᠠᠰ ᠤᠨ ︽ᠲᠦᠷᠦ ᠶᠢᠨ ᠪᠣᠳᠣᠯᠭ᠎ᠠ ᠳᠤ ᠨᠡᠪᠳᠡᠷᠡᠭᠰᠡᠨ ᠣᠯᠠᠨ ᠲᠠᠯ᠎ᠠ ᠶᠢᠨ ᠴᠢᠳᠠᠪᠦᠷᠢ ᠲᠠᠢ ᠬᠤᠰᠢᠭᠤᠴᠢ ᠴᠡᠷᠢᠭ︾ ᠪᠣᠯᠬᠤ  ᠪᠠᠷ ᠴᠢᠷᠮᠠᠶᠢᠬᠤ ᠬᠡᠷᠡᠭᠳᠡᠢ᠃ ᠠᠷᠢᠭᠤᠨ ᠴᠢᠭᠡᠴᠢ ᠪᠠᠷ ᠦᠪᠡᠷ ᠢ ᠪᠠᠨ ᠱᠠᠭᠠᠷᠳᠠᠬᠤ ᠶᠢ ᠴᠠᠭ ᠢᠮᠠᠭᠳᠠ ᠴᠢᠬᠤᠯᠠᠴᠢᠯᠠᠨ᠂ ᠨᠠᠮ ᠤᠨ ᠲᠣᠳᠣᠭᠠᠳᠦ ᠶᠢᠨ ᠣᠯᠣᠰ ᠲᠦᠷᠦ ᠶᠢᠨ ᠠᠮᠢᠳᠣᠷᠠᠯ ᠤᠨ ᠪᠣᠯᠬᠢᠴᠢᠯᠠᠭᠰᠠᠨ ᠠᠷᠠᠯᠵᠢᠶᠠᠯᠠᠭᠰᠠᠨ ᠠᠰᠠᠭᠤᠳᠠᠯ ᠢ ᠲᠦᠪᠯᠡᠷᠡᠭᠦᠯᠦᠨ ᠵᠠᠰᠠᠵᠣ᠂ ᠨᠠᠮ ᠤᠨ ᠲᠣᠳᠣᠭᠠᠳᠦ ᠶᠢᠨ ᠣᠯᠣᠰ ᠲᠦᠷᠦ ᠶᠢᠨ ᠠᠮᠢᠳᠣᠷᠠᠯ ᠢ ᠪᠦᠬᠦ ᠲᠠᠯ᠎ᠠ ᠪᠠᠷ ᠴᠢᠩᠭᠠᠳᠬᠠᠨ᠂ ᠦᠪᠡᠷ ᠤᠨ ᠪᠡᠶ᠎ᠡ ᠶᠢᠨ ᠴᠡᠪᠡᠷᠰᠢᠭᠦᠯᠦᠯᠳᠡ᠂ ᠲᠡᠭᠦᠯᠳᠡᠷᠵᠢᠭᠦᠯᠦᠯᠳᠡ᠂ ᠭᠦᠢᠴᠡᠳᠬᠡᠯᠳᠡ ᠶᠢᠨ ᠴᠢᠳᠠᠪᠬᠢ ᠪᠠᠨ ᠲᠠᠰᠣᠷᠠᠯᠳᠠ ᠦᠭᠡᠢ ᠲᠡᠭᠡᠭᠰᠢᠯᠡᠭᠦᠯᠵᠣ᠂ ᠨᠢᠭᠡᠳᠦᠮᠡᠯ ᠹᠷᠣᠨᠲ ᠤᠨ ᠰᠠᠯᠠᠭ᠎ᠠ ᠮᠦᠴᠢᠷ ᠢ ᠬᠤᠰᠢᠭᠤ ᠨᠠᠮ ᠤᠨ ᠬᠤᠷᠢᠶ᠎ᠠ᠂ ᠠᠷᠠᠳ ᠲᠦᠮᠡᠨ ᠰᠡᠳᠬᠢᠯ ᠬᠠᠨᠣᠮᠵᠢᠳᠡᠢ ᠵᠢᠱᠢᠶ᠎ᠡ ᠦᠵᠡᠭᠦᠯᠬᠦ ᠪᠠᠶᠢᠭᠤᠯᠭ᠎ᠠ ᠪᠣᠯᠭᠠᠨ ᠴᠣᠭᠴᠠᠯᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠵᠣᠣ ᠱᠤᠸᠠᠨ᠂ ᠮᠡᠷᠭᠡᠨᠵᠠᠶᠠᠭ᠎ᠠ᠂ ᠹᠦ᠋ ᠺᠧ ᠵᠢᠴᠢ ᠣᠯᠵᠠᠴᠢ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠪᠠᠷ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号