ᠮᠠᠨ ᠤ ᠬᠤᠰᠢᠭᠤ ᠳᠣᠮᠳᠠᠳᠣ ᠣᠯᠣᠰ ᠤᠨ ᠴᠢᠯᠠᠭᠤᠨ ᠲᠤᠰᠤ ᠰᠢᠲᠠᠮᠠᠬᠠᠢ ᠬᠡᠢ ᠶᠢᠨ ᠬᠤᠪᠢ ᠤᠷᠤᠭᠤᠯᠤᠯᠲᠠ  ᠶᠢᠨ ᠬᠢᠵᠠᠭᠠᠷᠲᠤ ᠺᠣᠮᠫᠠᠨᠢ ᠶᠢᠨ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠭᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠯᠤᠭ᠎ᠠ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/5/17
    5 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠳᠣᠮᠳᠠᠳᠣ ᠣᠯᠣᠰ ᠤᠨ ᠴᠢᠯᠠᠭᠤᠨ ᠲᠤᠰᠤ ᠰᠢᠲᠠᠮᠠᠬᠠᠢ ᠬᠡᠢ ᠶᠢᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠭᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠯᠤᠭ᠎ᠠ ᠰᠠᠭᠤᠳᠠᠯ ᠤᠨ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ  ᠶᠢᠨ ᠱᠦᠬᠦᠷᠭᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠶᠢᠨ ᠳᠠᠭᠠᠭᠠᠮᠠᠯ᠂ ᠨᠠᠮ ᠤᠨ ᠬᠤᠷᠢᠶᠠᠨ ᠤ ᠳᠡᠳ᠋ ᠱᠦᠵᠢ ᠱᠠᠨ ᠵᠢᠢ ᠴᠢᠦᠸᠡᠨ ᠨᠠᠷ ᠲᠠᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠴᠢᠷ ᠶᠠᠪᠤᠳᠠᠯ ᠤᠨ ᠲᠤᠬᠠᠢ ᠵᠦᠪᠳᠡᠯᠴᠡᠪᠡ᠃     ᠸᠠᠩ ᠢᠦᠢ ᠴᠢᠶᠠᠩ ᠠᠴᠠ ᠱᠠᠨ ᠵᠢᠢ ᠴᠢᠦᠸᠡᠨ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠣᠭᠲᠣᠵᠣ ᠪᠠᠶᠢᠬᠤ ᠰᠡᠳᠬᠢᠯ ᠢᠶᠠᠨ ᠢᠯᠡᠳᠬᠡᠵᠦ᠂ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠭᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠶᠢᠨ ᠣᠷᠲᠣ ᠬᠤᠭᠤᠴᠠᠭᠠᠨ ᠤ ᠪᠡᠯᠡ ᠣᠷᠣᠭᠤᠯᠣᠯᠲᠠ᠂ ᠣᠲᠤᠭ ᠤᠨ ᠡᠮᠦᠨᠡᠲᠦ ᠬᠤᠰᠢᠭᠤᠨ ᠤ ᠬᠦᠭᠵᠢᠯᠲᠡ ᠶᠢᠨ ᠳᠡᠮᠵᠢᠯᠭᠡ ᠳᠤ ᠲᠠᠯᠠᠷᠬᠠᠯ ᠢᠶᠠᠨ ᠳᠡᠪᠰᠢᠬᠦᠯᠪᠡ᠃ ᠣᠲᠤᠭ ᠤᠨ ᠡᠮᠦᠨᠡᠲᠦ ᠬᠤᠰᠢᠭᠤ ᠪᠤᠯᠤᠨ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠭᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠯᠤᠭ᠎ᠠ ᠨᠦᠬᠦᠷᠰᠡᠭ ᠬᠠᠮᠲᠤᠷᠠᠯᠴᠠᠭᠠᠨ ᠤ ᠬᠠᠷᠢᠴᠠᠭ᠎ᠠ ᠪᠠᠨ ᠣᠷᠲᠣ ᠬᠤᠭᠤᠴᠠᠭ᠎ᠠ ᠪᠠᠷ ᠪᠠᠷᠢᠮᠲᠠᠯᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠬᠦᠨᠵᠡᠬᠡᠶᠢᠷᠡᠬᠦᠯᠦᠨ᠂ ᠠᠰᠢᠭᠲᠠᠢ ᠬᠠᠮᠲᠤᠷᠠᠯᠴᠠᠭ᠎ᠠ ᠶᠢ ᠪᠡᠶᠡᠯᠡᠬᠦᠯᠦᠭᠰᠡᠨ ᠪᠠᠶᠢᠨ᠎ᠠ᠃ ᠬᠤᠶᠠᠷ ᠲᠠᠯ᠎ᠠ ᠠᠴᠠ ᠬᠠᠷᠢᠴᠠᠭ᠎ᠠ ᠬᠤᠯᠪᠤᠭ᠎ᠠ ᠪᠠᠨ ᠣᠯᠠᠮ ᠨᠢᠭᠡ ᠠᠯᠬᠤᠮ ᠴᠢᠩᠭᠠᠳᠬᠠᠵᠤ᠂ ᠪᠤᠲᠠᠲᠠᠢ ᠬᠠᠮᠲᠤᠷᠠᠯᠴᠠᠭ᠎ᠠ ᠪᠠᠨ ᠴᠢᠩᠭᠠᠷᠠᠭᠤᠯᠤᠨ᠂ ᠰᠢᠨ᠎ᠡ ᠡᠨᠧᠷᠬᠢ ᠶᠢᠨ ᠨᠡᠭᠡᠭᠡᠨ ᠠᠰᠢᠭᠯᠠᠯᠲᠠ᠂ ᠪᠠᠶᠢᠭᠠᠯᠢ ᠶᠢᠨ  ᠰᠢᠲᠠᠮᠠᠬᠠᠢ ᠬᠡᠢ ᠶᠢᠨ ᠠᠵᠤ ᠦᠢᠯᠡᠰ ᠤᠨ ᠬᠡᠯᠬᠢᠶᠡᠵᠢᠯ ᠤᠨ ᠣᠷᠲᠣᠳᠬᠠᠯ ᠵᠡᠷᠭᠡ ᠲᠠᠯ᠎ᠠ ᠪᠠᠷ ᠪᠤᠲᠠᠲᠠᠢ ᠬᠠᠮᠲᠤᠷᠠᠯᠴᠠᠭ᠎ᠠ ᠪᠠᠨ ᠡᠷᠲᠡᠬᠡᠨ ᠪᠠᠶᠢᠭᠤᠯᠬᠤ ᠶᠢᠨ ᠬᠠᠮᠲᠤ ᠠᠵᠤ ᠠᠬᠤᠶᠢᠯᠠᠯ ᠤᠨ ᠬᠢᠨ ᠨᠡᠶᠢᠬᠡᠮ ᠤᠨ ᠡᠬᠦᠷᠭᠡ ᠬᠠᠷᠢᠭᠤᠴᠠᠯᠭ᠎ᠠ ᠪᠠᠨ ᠰᠠᠶᠢᠲᠤᠷ ᠡᠬᠦᠷᠭᠡᠯᠡᠵᠦ᠂ ᠣᠷᠣᠨ ᠨᠣᠲᠤᠭ ᠤᠨ ᠠᠵᠤ ᠠᠬᠤᠢ ᠨᠡᠶᠢᠬᠡᠮ ᠤᠨ ᠬᠦᠭᠵᠢᠯᠲᠡ ᠳᠤ ᠬᠦᠳᠡᠯᠬᠡᠬᠦ ᠬᠦᠴᠦᠨ ᠨᠡᠮᠡᠷᠢᠯᠡᠬᠦ  ᠶᠢ ᠬᠦᠰᠡᠵᠦ ᠪᠠᠶᠢᠨ᠎ᠠ᠃ ᠣᠲᠤᠭ ᠤᠨ ᠡᠮᠦᠨᠡᠲᠦ ᠬᠤᠰᠢᠭᠤ ᠠᠵᠤ ᠠᠬᠤᠶᠢᠯᠠᠯ ᠤᠨ ᠬᠦᠭᠵᠢᠯᠲᠡ ᠶᠢ ᠦᠷᠬᠦᠯᠵᠢᠯᠡᠨ ᠳᠡᠮᠵᠢᠵᠦ᠂ ᠠᠵᠤ ᠠᠬᠤᠶᠢᠯᠠᠯ ᠤᠨ ᠬᠦᠭᠵᠢᠯᠲᠡ ᠳᠤ ᠴᠢᠨᠠᠷ ᠰᠠᠶᠢᠲᠠᠢ ᠨᠦᠬᠦᠴᠡᠯ ᠪᠠ ᠣᠬᠢ ᠰᠠᠶᠢᠨ ᠣᠷᠴᠢᠨ ᠠᠬᠤᠢ ᠶᠢ ᠬᠠᠩᠭᠠᠨ᠎ᠠ ᠬᠡᠵᠦ ᠬᠡᠯᠡᠭᠰᠡᠨ ᠪᠠᠶᠢᠨ᠎ᠠ᠃     ᠱᠠᠨ ᠵᠢᠢ ᠴᠢᠦᠸᠡᠨ ᠠᠴᠠ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠭᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠶᠢᠨ ᠦᠨᠳᠦᠰᠦᠨ ᠪᠠᠶᠢᠳᠠᠯ ᠪᠠ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠴᠢᠷ ᠶᠠᠪᠤᠳᠠᠯ ᠢ ᠲᠠᠨᠢᠯᠴᠠᠭᠤᠯᠬᠤ ᠶᠢᠨ ᠬᠠᠮᠲᠤ ᠣᠲᠤᠭ ᠤᠨ ᠡᠮᠦᠨᠡᠲᠦ ᠬᠤᠰᠢᠭᠤᠨ ᠤ ᠣᠷᠲᠣ ᠬᠤᠭᠤᠴᠠᠭᠠᠨ ᠤ ᠲᠤᠷᠰᠢᠬᠢ ᠳᠡᠮᠵᠢᠯᠭᠡ ᠳᠤ ᠲᠠᠯᠠᠷᠬᠠᠯ ᠢᠶᠠᠨ ᠳᠡᠪᠰᠢᠬᠦᠯᠪᠡ᠃ ᠱᠠᠨ ᠵᠢᠢ ᠴᠢᠦᠸᠡᠨ ᠠᠴᠠ ᠠᠵᠤ ᠠᠬᠤᠶᠢᠯᠠᠯ ᠤᠨ ᠬᠢᠨ ᠪᠤᠬᠢᠷᠳᠣᠯ ᠦᠬᠡᠢ ᠵᠤᠬᠢᠴᠠᠩᠭᠤᠢ᠂ ᠠᠶᠤᠯᠬᠦᠢ ᠤᠷᠴᠢᠨ ᠠᠬᠤᠶᠢᠴᠢ ᠬᠦᠭᠵᠢᠯᠲᠡ ᠶᠢᠨ ᠦᠵᠡᠯᠲᠡ ᠶᠢ ᠦᠷᠬᠦᠯᠵᠢᠯᠡᠨ ᠪᠠᠷᠢᠮᠲᠠᠯᠠᠵᠤ᠂ ᠰᠢᠨ᠎ᠡ ᠡᠨᠧᠷᠬᠢ ᠶᠢᠨ ᠨᠡᠭᠡᠭᠡᠨ ᠠᠰᠢᠭᠯᠠᠯᠲᠠ᠂ ᠪᠠᠶᠢᠭᠠᠯᠢ ᠶᠢᠨ  ᠰᠢᠲᠠᠮᠠᠬᠠᠢ ᠬᠡᠢ ᠶᠢᠨ ᠣᠷᠣᠨ ᠨᠤᠲᠤᠭ ᠤᠨ ᠦᠢᠯᠡᠴᠢᠯᠡᠭᠡ ᠵᠡᠷᠭᠡ ᠲᠠᠯ᠎ᠠ ᠳᠤ ᠢᠳᠡᠪᠬᠢᠲᠡᠢ ᠪᠠᠷ ᠴᠢᠷᠮᠠᠶᠢᠨ᠂ ᠠᠵᠤ ᠠᠬᠤᠶᠢᠯᠠᠯ ᠤᠨ ᠬᠢᠨ ᠡᠷᠬᠡᠪᠰᠢ ᠬᠦᠢᠴᠡᠳᠬᠡᠬᠦ ᠨᠡᠶᠢᠬᠡᠮ ᠤᠨ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠡᠬᠦᠷᠭᠡᠯᠡᠨ᠎ᠡ᠃ ᠣᠷᠣᠨ ᠨᠣᠲᠤᠭ ᠯᠤᠭ᠎ᠠ ᠶᠢᠨ ᠬᠠᠮᠲᠤᠷᠠᠯᠴᠠᠭ᠎ᠠ ᠪᠠᠨ ᠣᠯᠠᠮ ᠨᠢᠭᠡ ᠠᠯᠬᠤᠮ ᠴᠢᠩᠭᠠᠳᠬᠠᠵᠤ᠂ ᠦᠵᠡᠯᠲᠡ ᠲᠠᠨᠢᠯᠲᠠ ᠪᠠᠨ ᠨᠢᠭᠡᠳᠬᠡᠨ᠂ ᠢᠳᠡᠭᠡᠯ ᠨᠠᠶᠢᠲᠠᠪᠤᠷᠢ ᠪᠠᠨ ᠴᠢᠩᠭᠠᠳᠬᠠᠬᠤ ᠶᠢ ᠬᠦᠰᠡᠵᠦ᠂ ᠣᠲᠤᠭ ᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠳᠤ ᠬᠦᠴᠦᠨ ᠴᠢᠳᠠᠯ ᠢᠶᠠᠨ ᠡᠷᠬᠦᠨ᠎ᠡ ᠬᠡᠵᠦ ᠢᠯᠡᠷᠬᠡᠶᠢᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠵᠤᠤ ᠱᠣᠸᠡᠨ᠂ ᠹᠦ᠋ ᠺᠧ᠂ ᠶᠠᠩ ᠵᠢᠢ ᠴᠢᠶᠠᠩ ᠵᠢᠴᠢ ᠬᠤᠯᠪᠤᠭᠳᠠᠯ ᠪᠦᠬᠦᠢ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠳ᠂ ᠴᠠᠩᠴᠢᠩ ᠤᠨ ᠴᠢᠯᠠᠭᠤᠨ ᠲᠤᠰᠤᠨ ᠤ ᠠᠭᠤᠷᠬᠠᠢ ᠶᠢᠨ ᠱᠦᠬᠦᠷᠭᠡᠢ ᠶᠢᠨ ᠡᠮᠦᠨ᠎ᠡ ᠬᠡᠰᠡᠭ ᠤᠨ ᠬᠤᠪᠢᠶᠠᠷᠢ ᠺᠤᠮᠫᠠᠨᠢ ᠶᠢᠨ ᠬᠤᠯᠪᠤᠭᠳᠠᠯ ᠪᠦᠬᠦᠢ ᠬᠦᠮᠦᠰ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号