5 ᠰᠠᠷ᠎ᠠ ᠶᠢᠨ 17 ᠤ ᠡᠳᠦᠷ᠂ ᠦᠪᠡᠷᠲᠡᠭᠡᠨ ᠵᠠᠰᠠᠬᠤ ᠤᠷᠤᠨ ᠤ ᠡᠨᠧᠷᠬᠢ ᠶᠢᠨ ᠬᠠᠩᠭᠠᠯᠭ᠎ᠠ ᠶᠢ ᠪᠠᠲᠤᠯᠠᠬᠤ | ᠪᠠᠴᠢᠮ ᠢᠨᠵᠧᠨᠧᠷᠢᠩ ᠤᠨ ᠠᠬᠢᠭᠤᠯᠤᠯᠲᠠ ᠶᠢᠨ ᠬᠤᠷᠠᠯ ᠵᠢᠴᠢ ᠴᠠᠩ ᠴᠧᠩ ᠴᠠᠬᠢᠯᠭᠠᠨ ᠦᠢᠯᠡᠳᠪᠦᠷᠢ᠂ ᠣᠯᠣᠰ ᠤᠨ | ᠡᠨᠧᠷᠬᠢ ᠶᠢᠨ ᠱᠠᠩᠬᠠᠢ ᠶᠢᠨ ᠰᠦᠮ᠎ᠡ ᠴᠠᠬᠢᠯᠭᠠᠨ ᠦᠢᠯᠡᠳᠪᠦᠷᠢ ᠶᠢᠨ ᠴᠠᠬᠢᠯᠭᠠᠨ ᠬᠦᠷᠭᠡᠯᠲᠡ ᠶᠢᠨ ᠱᠣᠭᠤᠮ ᠤᠨ | ᠢᠨᠵᠧᠨᠧᠷᠢᠩ ᠤᠨ ᠪᠠᠷᠢᠯᠭ᠎ᠠ ᠡᠬᠢᠯᠡᠬᠦ ᠳᠠᠶᠢᠴᠢᠯᠠᠯᠲᠠ ᠶᠢᠨ ᠬᠤᠷᠠᠯ ᠣᠲᠤᠭ ᠤᠨ ᠡᠮᠦᠨᠡᠲᠦ ᠬᠤᠰᠢᠭᠤᠨ ᠤ ᠱᠠᠩᠬᠠᠢ | ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ | ᠱᠦᠵᠢ ᠸᠠᠩ ᠢᠦᠢ ᠴᠢᠶᠠᠩ ᠳᠠᠶᠢᠴᠢᠯᠠᠯᠲᠠ ᠶᠢᠨ ᠬᠤᠷᠠᠯ ᠳᠤ ᠣᠷᠣᠯᠴᠠᠵᠤ ᠲᠦᠷᠦᠯ ᠵᠦᠢᠯ ᠤᠨ ᠪᠠᠶᠢᠭᠤᠯᠤᠯᠲᠠ | ᠡᠬᠢᠯᠡᠭᠰᠡᠨ ᠢ ᠵᠠᠷᠯᠠᠪᠠ᠃ | ᠦᠪᠡᠷᠲᠡᠭᠡᠨ ᠵᠠᠰᠠᠬᠤ ᠤᠷᠤᠨ ᠤ ᠡᠨᠧᠷᠬᠢ ᠶᠢᠨ ᠲᠤᠪᠴᠢᠶᠠᠨ ᠤ ᠴᠠᠬᠢᠯᠭᠠᠨ ᠬᠦᠴᠦᠨ ᠤ ᠭᠠᠵᠠᠷ ᠤᠨ | ᠳᠠᠷᠤᠭ᠎ᠠ ᠶᠠᠩ ᠵᠢᠩ ᠳᠠᠶᠢᠴᠢᠯᠠᠯᠲᠠ ᠶᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠦ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ | ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ | ᠡᠷᠬᠢᠯᠡᠭᠴᠢ ᠶᠠᠩ ᠶᠢᠩ ᠰᠢᠨ ᠶᠠᠷᠢᠶ᠎ᠠ ᠲᠠᠯᠪᠢᠨ᠂ ᠣᠯᠣᠰ ᠤᠨ ᠴᠠᠬᠢᠯᠭᠠᠨ ᠲᠤᠤᠷ ᠤᠨ ᠦᠪᠦᠷ ᠮᠣᠩᠭᠤᠯ ᠤᠨ ᠵᠡᠬᠦᠨ | ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠪᠦᠲᠦᠬᠡᠨ ᠪᠠᠶᠢᠭᠤᠯᠤᠯᠲᠠ ᠶᠢᠨ ᠭᠠᠵᠠᠷ ᠤᠨ ᠳᠡᠳ᠋ | ᠡᠷᠬᠢᠯᠡᠭᠴᠢ ᠸᠠᠩ ᠰᠢᠦᠸᠡᠢ ᠴᠣᠣ ᠳᠠᠶᠢᠴᠢᠯᠠᠯᠲᠠ ᠶᠢᠨ ᠬᠤᠷᠠᠯ ᠢ ᠡᠷᠬᠢᠯᠡᠪᠡ᠃ | ᠶᠠᠩ ᠵᠢᠩ ᠶᠠᠷᠢᠶᠠᠨ ᠳᠤ ᠪᠠᠨ᠂ ᠴᠠᠬᠢᠯᠭᠠᠨ ᠬᠦᠴᠦᠨ ᠤ ᠭᠤᠤᠯᠳᠠᠯᠭᠠᠲᠤ ᠲᠦᠷᠦᠯ ᠵᠦᠢᠯ ᠤᠨ ᠪᠠᠶᠢᠭᠤᠯᠤᠯᠲᠠ | ᠶᠢ ᠶᠡᠬᠡᠪᠡᠷ ᠠᠬᠢᠭᠤᠯᠵᠤ᠂ ᠴᠠᠬᠢᠯᠭᠠᠨ ᠡᠬᠦᠰᠬᠡᠭᠴᠢ ᠶᠢᠨ ᠲᠦᠷᠦᠯ ᠵᠦᠢᠯ ᠢ ᠬᠤᠭᠤᠴᠠᠭ᠎ᠠ ᠶᠤᠰᠤᠭᠠᠷ ᠴᠠᠬᠢᠯᠭᠠᠨ | ᠲᠤᠤᠷ ᠲᠤ ᠨᠡᠶᠢᠯᠡᠬᠦᠯᠬᠦ ᠶᠢ ᠠᠬᠢᠭᠤᠯᠬᠤ ᠪᠤᠯ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠡᠳ᠋ ᠤᠨ ᠵᠠᠰᠠᠭ | ᠠᠵᠤ ᠠᠬᠤᠢ ᠶᠢᠨ ᠵᠦᠪᠯᠡᠯ ᠤᠨ ᠠᠷᠪᠠᠨ ᠨᠢᠬᠡᠳᠦᠬᠡᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠨᠠᠶᠢᠲᠠᠪᠤᠷᠢᠵᠢᠭᠤᠯᠬᠤ ᠴᠢᠬᠤᠯᠠ ᠠᠷᠭ᠎ᠠ ᠠᠪᠴᠠᠯ ᠪᠤᠯᠤᠨ᠎ᠠ᠂ ᠮᠦᠨᠴᠦ ᠰᠢᠨ᠎ᠡ ᠬᠦᠭᠵᠢᠯᠲᠡ ᠶᠢᠨ | ᠦᠵᠡᠯᠲᠡ ᠶᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠬᠤ᠂ ᠨᠡᠬᠦᠷᠡᠰᠦᠳᠦ᠋ᠷᠦᠭᠴᠢ ᠶᠢᠨ ᠣᠷᠬᠢᠯᠰᠢᠯ | ᠨᠡᠬᠦᠷᠡᠰᠦᠳᠦ᠋ᠷᠦᠭᠴᠢ ᠶᠢᠨ ᠰᠠᠭᠠᠷᠮᠠᠭᠵᠢᠭᠤᠯᠤᠯ ᠤᠨ ᠠᠵᠢᠯ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ᠂ | ᠦᠪᠡᠷᠲᠡᠭᠡᠨ ᠵᠠᠰᠠᠬᠤ ᠤᠷᠤᠨ ᠤ ᠠᠷᠪᠠᠨ ᠨᠢᠬᠡᠳᠦᠬᠡᠷ ᠣᠳᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠤᠨ ︽ | ᠬᠤᠶᠠᠷ ᠢ ᠲᠡᠷᠢᠬᠦᠨ ᠳᠤ ᠲᠠᠯᠪᠢᠬᠤ᠂ ᠬᠤᠶᠠᠷ ᠢ ᠳᠠᠪᠠᠭ᠋ᠤ︾ ᠬᠠᠷᠠᠯᠲᠠ ᠶᠢᠨ ᠱᠠᠭᠠᠷᠳᠠᠯᠭ᠎ᠠ ᠶᠢ ᠣᠷᠣᠭᠰᠢᠲᠠᠢ | ᠪᠡᠶᠡᠯᠡᠬᠦᠯᠬᠦ ᠴᠢᠬᠤᠯᠠ ᠠᠷᠭ᠎ᠠ ᠪᠠᠷᠢᠯ ᠪᠤᠯᠬᠤ ᠶᠤᠮ᠃ ᠣᠷᠳᠣᠰ ᠬᠤᠲᠠ ᠶᠢᠨ ᠬᠢᠨ ᠣᠬᠢ ᠰᠠᠶᠢᠨ ᠬᠤᠳᠠᠯᠳᠤᠭ᠎ᠠ | ᠡᠵᠡᠩᠨᠡᠬᠦ ᠣᠷᠴᠢᠨ ᠠᠬᠤᠢ ᠶᠢ ᠦᠷᠬᠦᠯᠵᠢᠯᠡᠨ ᠪᠠᠶᠢᠭᠤᠯᠵᠣ᠂ ᠴᠠᠬᠢᠯᠭᠠᠨ ᠬᠦᠴᠦᠨ ᠤ ᠭᠤᠤᠯᠳᠠᠯᠭᠠᠲᠤ ᠲᠦᠷᠦᠯ | ᠵᠦᠢᠯ ᠤᠨ ᠡᠯ᠎ᠡ ᠲᠦᠷᠦᠯ ᠤᠨ ᠲᠤᠯᠭᠠᠭᠤᠷᠢᠯᠠᠯ ᠤᠨ ᠴᠢᠨᠠᠷᠲᠠᠢ ᠬᠦᠴᠦᠨ ᠵᠦᠢᠯ ᠤᠨ ᠪᠠᠲᠤᠯᠠᠭ᠎ᠠ ᠶᠢ ᠢᠳᠡᠪᠬᠢᠲᠡᠢ | ᠪᠠᠷ ᠨᠠᠶᠢᠲᠠᠪᠤᠷᠢᠵᠢᠭᠤᠯᠤᠨ᠂ ᠨᠡᠩ ᠦᠨᠳᠦᠷ ᠣᠯᠣᠰ ᠲᠦᠷᠦ ᠶᠢᠨ ᠵᠣᠭᠰᠣᠴᠠ᠂ ᠨᠡᠩ ᠪᠠᠲᠤᠲᠠᠢ ᠬᠠᠷᠢᠭᠤᠴᠠᠯᠭᠠᠲᠤ | ᠣᠬᠠᠮᠰᠠᠷ ᠢᠶᠠᠷ ᠡᠨᠧᠷᠬᠢ ᠶᠢᠨ ᠬᠠᠩᠭᠠᠯᠭ᠎ᠠ ᠶᠢ ᠪᠠᠲᠤᠯᠠᠬᠤ ᠪᠠᠴᠢᠮ ᠲᠦᠷᠦᠯ ᠵᠦᠢᠯ ᠬᠤᠭᠤᠴᠠᠭ᠎ᠠ ᠶᠤᠰᠤᠭᠠᠷ | ᠪᠠᠶᠢᠭᠤᠯᠤᠭᠳᠠᠬᠤ ᠶᠢ ᠶᠡᠬᠡᠪᠡᠷ ᠠᠬᠢᠭᠤᠯᠵᠤ᠂ ᠣᠯᠣᠰ ᠤᠨ ᠴᠠᠬᠢᠯᠭᠠᠨ ᠲᠤᠤᠷ ᠤᠨ ᠦᠪᠦᠷ ᠮᠣᠩᠭᠤᠯ ᠤᠨ ᠵᠡᠬᠦᠨ | ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠴᠠ ᠲᠦᠷᠦᠯ ᠵᠦᠢᠯ ᠤᠨ ᠪᠠᠶᠢᠭᠤᠯᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠡᠬᠦᠷᠭᠡᠯᠡᠨ᠂ ᠡᠨᠧᠷᠬᠢ ᠶᠢᠨ ᠬᠠᠩᠭᠠᠯᠭ᠎ᠠ ᠶᠢ ᠪᠠᠲᠤᠯᠠᠬᠤ ᠪᠠᠴᠢᠮ | ᠲᠦᠷᠦᠯ ᠵᠦᠢᠯ ᠤᠨ ᠪᠠᠶᠢᠭᠤᠯᠤᠯᠲᠠ ᠶᠢ ᠡᠷᠴᠢᠮᠲᠡᠢ ᠠᠬᠢᠭᠤᠯᠬᠤ ᠶᠢ ᠬᠦᠰᠡᠵᠦ ᠪᠠᠶᠢᠨ᠎ᠠ᠃ ᠣᠷᠲᠣᠰ ᠬᠤᠲᠠ ᠶᠢᠨ | ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠦᠬᠦ ᠬᠦᠴᠦᠨ ᠢᠶᠠᠷ | ᠵᠤᠬᠢᠴᠠᠭᠤᠯᠤᠨ ᠬᠠᠮᠵᠢᠯᠴᠠᠵᠤ᠂ ᠲᠦᠷᠬᠡᠨ ᠡᠷᠴᠢᠮᠲᠡᠢ ᠠᠵᠢᠯᠯᠠᠭᠠᠨ ᠢᠶᠠᠷ ᠲᠦᠷᠦᠯ ᠵᠦᠢᠯ ᠢ ᠡᠷᠲᠡᠭᠡᠨ ᠠᠰᠢᠭᠯᠠᠯᠲᠠ | ᠳᠤ ᠣᠷᠣᠭᠤᠯᠬᠤ ᠶᠢ ᠬᠠᠮᠲᠤᠪᠡᠷ ᠪᠠᠲᠤᠯᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ | ᠶᠠᠩ ᠶᠢᠩ ᠰᠢᠨ ᠶᠠᠷᠢᠶᠠᠨ ᠳᠤ ᠪᠠᠨ᠂ ᠣᠶᠢᠷ᠎ᠠ ᠶᠢᠨ ᠵᠢᠯ ᠠᠴᠠ ᠨᠠᠭᠠᠰᠢ᠂ ᠣᠲᠤᠭ ᠤᠨ ᠡᠮᠦᠨᠡᠲᠦ ᠬᠤᠰᠢᠭᠤ | ᠴᠢᠨᠠᠷᠯᠢᠭ᠂ ᠦᠷᠬᠦᠯᠵᠢᠬᠦᠶᠢᠴᠡ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢ ᠢᠮᠠᠭᠲᠠ ᠪᠠᠷᠢᠮᠲᠠᠯᠠᠵᠤ᠂ ︽ᠠᠮᠢ | ᠠᠬᠤᠢ ᠶᠢ ᠲᠠᠷᠢᠬᠦᠨ ᠳᠤ ᠲᠠᠯᠪᠢᠵᠦ᠂ ᠪᠣᠬᠢᠷᠳᠣᠯ ᠦᠬᠡᠢ ᠪᠠᠷ ᠬᠦᠭᠵᠢᠬᠦ︾ ᠦᠵᠡᠯᠲᠡ ᠶᠢ ᠪᠠᠲᠤ ᠱᠣᠭᠤᠨ᠂ ᠴᠡᠪᠡᠷ | ᠡᠨᠧᠷᠬᠢ ᠶᠢᠨ ᠲᠦᠷᠦᠯ ᠵᠦᠢᠯ ᠤᠨ ᠪᠠᠶᠢᠭᠤᠯᠤᠯᠲᠠ ᠶᠢ ᠳᠡᠮᠵᠢᠬᠦ ᠪᠠ ᠠᠬᠢᠭᠤᠯᠬᠤ ᠶᠢ ᠬᠡᠯᠪᠡᠷᠢ ᠶᠢᠨ | ᠬᠤᠪᠢᠷᠠᠭᠤᠯᠤᠯᠲᠠ ᠬᠦᠭᠵᠢᠬᠦᠯᠦᠯᠲᠡ ᠶᠢᠨ ᠴᠢᠬᠤᠯᠠ ᠭᠠᠷᠳᠠᠴᠠ ᠪᠤᠯᠭᠠᠵᠤ᠂ ᠣᠯᠣᠰ ᠤᠨ ᠨᠡᠬᠦᠷᠡᠰᠦᠨ ᠤ ᠠᠮᠣᠷ | ᠳᠦᠪᠰᠢᠨ ᠪᠤᠬᠢᠷᠳᠣᠯ ᠦᠬᠡᠢ ᠨᠡᠭᠡᠭᠡᠨ ᠠᠰᠢᠭᠯᠠᠯᠲᠠ᠂ ᠴᠡᠪᠡᠷ ᠪᠦᠲᠦᠮᠵᠢᠲᠡᠢ ᠠᠰᠢᠭᠯᠠᠯᠲᠠ ᠶᠢᠨ ᠬᠦᠭᠵᠢᠯᠲᠡ ᠶᠢᠨ | ᠴᠢᠭᠯᠡᠯ ᠪᠠ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠢᠳᠡᠪᠬᠢᠲᠡᠢ ᠪᠠᠷ ᠬᠦᠯᠢᠶᠡᠵᠦ ᠠᠪᠤᠨ᠂ ᠳᠦᠷᠪᠡᠨ ᠴᠠᠬᠢᠯᠭᠠᠨ ᠦᠢᠯᠡᠳᠪᠦᠷᠢ ᠵᠢᠴᠢ ᠲᠦᠬᠦᠷᠴᠢᠯᠡᠭᠰᠡᠨ ᠢᠨᠵᠧᠨᠧᠷᠢᠩ | ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠪᠠ᠃ ᠲᠤᠰ ᠣᠳᠠᠭᠠᠨ ᠤ ᠬᠤᠶᠠᠷ ᠴᠠᠭᠢᠯᠭᠠᠨ ᠦᠢᠯᠡᠳᠪᠦᠷᠢ | ᠶᠢᠨ ᠴᠠᠬᠢᠯᠭᠠᠨ ᠬᠦᠷᠭᠡᠯᠲᠡ ᠶᠢᠨ ᠱᠣᠭᠤᠮ ᠤᠨ ᠢᠨᠵᠧᠨᠧᠷᠢᠩ ᠤᠨ ᠪᠠᠶᠢᠭᠤᠯᠤᠯᠲᠠ ᠪᠤᠯ ᠣᠲᠤᠭ ᠤᠨ ᠡᠮᠦᠨᠡᠲᠦ | ᠬᠤᠰᠢᠭᠤ ᠬᠦᠭᠵᠢᠯᠲᠡ ᠶᠢᠨ ᠳᠠᠯᠲᠠ ᠬᠦᠴᠦᠨ ᠢᠶᠠᠨ ᠢᠯᠡᠷᠡᠬᠦᠯᠬᠦ᠂ ᠴᠢᠨᠠᠷᠯᠢᠭ ᠬᠦᠭᠵᠢᠯᠲᠡ ᠶᠢ ᠠᠬᠢᠭᠤᠯᠬᠤ | ᠴᠢᠬᠤᠯᠠ ᠶᠠᠪᠤᠳᠠᠯ ᠪᠣᠯᠣᠨ᠎ᠠ᠂ ᠡᠨᠡ ᠨᠢ ᠣᠷᠣᠨ ᠨᠣᠲᠤᠭ ᠤᠨ ᠡᠬᠢ ᠰᠣᠷᠪᠣᠯᠵᠢ ᠶᠢᠨ ᠳᠠᠪᠠᠭᠤᠯᠢᠭ ᠢ ᠬᠦᠢᠴᠡᠳ | ᠪᠠᠳᠠᠷᠠᠭᠤᠯᠬᠤ᠂ ᠡᠨᠧᠷᠬᠢ ᠶᠢᠨ ᠠᠰᠢᠭᠯᠠᠯᠲᠠ ᠶᠢᠨ ᠦᠷ᠎ᠡ ᠠᠰᠢᠭ ᠢ ᠳᠡᠭᠡᠭᠰᠢᠯᠡᠬᠦᠯᠬᠦ ᠳᠤ ᠴᠢᠬᠤᠯᠠ ᠠᠴᠢ | ᠬᠤᠯᠪᠤᠭᠳᠠᠯ ᠲᠠᠢ ᠶᠤᠮ᠃ ᠣᠲᠤᠭ ᠤᠨ ᠡᠮᠦᠨᠡᠲᠦ ᠬᠤᠰᠢᠭᠤ ᠲᠦᠷᠦᠯ ᠵᠦᠢᠯ ᠤᠨ ᠪᠠᠶᠢᠭᠤᠯᠤᠯᠲᠠ ᠶᠢᠨ ᠳᠡᠮᠵᠢᠯᠬᠡ | ᠶᠢ ᠵᠠᠶᠢᠯᠠᠭᠤᠯᠵᠤ ᠪᠤᠯᠤᠰᠢ ᠦᠬᠡᠢ ᠡᠬᠦᠷᠭᠡ ᠬᠠᠷᠢᠭᠤᠴᠠᠯᠭ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠲᠦᠷᠦᠯ ᠵᠦᠢᠯ | ᠪᠠ ᠠᠵᠤ ᠠᠬᠤᠶᠢᠯᠠᠯ ᠳᠤ ᠦᠢᠯᠡᠴᠢᠯᠡᠨ᠂ ᠡᠯ᠎ᠡ ᠲᠦᠷᠦᠯ ᠤᠨ ᠵᠤᠬᠢᠴᠠᠭᠤᠯᠤᠯᠲᠠ᠂ ᠬᠠᠮᠵᠢᠯᠴᠠᠭᠠᠨ ᠤ ᠠᠵᠢᠯ ᠢ | ᠪᠦᠬᠦ ᠬᠦᠴᠦᠨ ᠢᠶᠠᠷ ᠰᠠᠶᠢᠲᠤᠷ ᠬᠢᠵᠦ᠂ ᠣᠷᠣᠨ ᠨᠣᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠦᠨᠡᠨᠴᠢ | ᠢᠳᠡᠭᠡᠮᠵᠢᠲᠡᠢ ᠬᠠᠮᠲᠤᠷᠠᠯᠴᠠᠭ᠎ᠠ ᠪᠠ ᠬᠠᠮᠲᠤ ᠶᠢᠨ ᠠᠬᠢᠭᠤᠯᠤᠯᠲᠠ ᠳᠣᠣᠷ᠎ᠠ᠂ ᠲᠦᠷᠦᠯ ᠵᠦᠢᠯ ᠤᠨ ᠢᠨᠵᠧᠨᠧᠷᠢᠩ ᠤᠨ | ᠪᠠᠶᠢᠭᠤᠯᠤᠯᠲᠠ ᠶᠢᠨ ᠬᠤᠷᠳᠣᠴᠠ ᠠᠮᠣᠷ ᠳᠦᠪᠰᠢᠨ ᠬᠠᠮᠲᠤ ᠣᠷᠣᠰᠢᠭᠰᠠᠨ᠂ ᠶᠠᠰᠣ ᠴᠢᠨᠠᠷ ᠪᠠ ᠦᠷ᠎ᠡ ᠠᠰᠢᠭ | ᠵᠡᠷᠭᠡᠪᠡᠷ ᠰᠢᠯᠢᠳᠡᠭᠵᠢᠭᠰᠡᠨ ᠬᠡᠪ ᠴᠢᠨᠰᠠᠭᠠᠲᠤ ᠢᠨᠵᠧᠨᠧᠷᠢᠩ᠂ ᠳᠠᠭᠤᠷᠢᠶᠠᠯᠲᠤ ᠢᠨᠵᠧᠨᠧᠷᠢᠩ ᠪᠤᠯᠭᠠᠵᠤ ᠴᠢᠳᠠᠨ᠎ᠠ | ᠬᠡᠵᠦ ᠢᠯᠡᠷᠬᠡᠶᠢᠯᠡᠭᠰᠡᠨ ᠪᠠᠶᠢᠨ᠎ᠠ᠃ | ᠪᠠᠷᠢᠯᠭ᠎ᠠ ᠡᠬᠢᠯᠡᠬᠦ ᠶᠤᠰᠤᠯᠠᠯ ᠳᠡᠭᠡᠷ᠎ᠡ᠂ ᠣᠯᠣᠰ ᠤᠨ ᠴᠠᠬᠢᠯᠭᠠᠨ ᠲᠣᠣᠷ ᠤᠨ ᠦᠪᠦᠷ ᠮᠣᠩᠭᠤᠯ ᠤᠨ ᠵᠡᠬᠦᠨ | ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠤᠮᠫᠠᠨᠢ ᠶᠢᠨ ᠶᠡᠷᠦᠩᠬᠡᠢ ᠢᠨᠵᠧᠨᠧᠷ᠂ ᠨᠠᠮ ᠤᠨ ᠬᠤᠷᠢᠶᠠᠨ ᠤ | ᠬᠡᠰᠢᠬᠦᠨ ᠯᠢ ᠶᠡᠨ ᠠᠴᠠ ᠨᠠᠮ ᠤᠨ ᠬᠡᠰᠢᠬᠦᠨ ᠭᠠᠪᠰᠢᠭᠠᠶᠢᠯᠠᠭᠴᠢᠳ ᠲᠤ ᠲᠤᠭ ᠣᠯᠭᠤᠪᠠ᠃ ᠶᠤᠰᠤᠯᠠᠯ ᠤᠨ | ᠳᠠᠷᠠᠭ᠎ᠠ᠂ ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠪᠠᠶᠢᠭᠤᠯᠤᠯᠲᠠ ᠶᠢᠨ ᠪᠧᠲ᠋ᠤᠨ ᠴᠢᠳᠬᠤᠬᠤ ᠠᠵᠢᠯ ᠢ | ᠲᠤᠭᠤᠷᠢᠨ ᠦᠵᠡᠪᠡ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠪᠠᠷᠢᠯᠭ᠎ᠠ ᠡᠬᠢᠯᠡᠭᠰᠡᠨ ᠬᠤᠶᠠᠷ ᠬᠡᠲᠦ ᠦᠨᠳᠦᠷ ᠳᠠᠷᠤᠯᠲᠠᠲᠤ ᠲᠦᠷᠦᠯ | ᠵᠦᠢᠯ ᠤᠨ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠣᠯᠲᠠ 4.85 ᠳ᠋ᠦᠩᠰᠢᠭᠤᠷ ᠲᠦᠬᠦᠷᠢᠭ᠂ ᠪᠠᠷᠢᠯᠭ᠎ᠠ | ᠳᠠᠭᠤᠰᠴᠣ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ 350 ᠳ᠋ᠦᠩᠰᠢᠭᠤᠷ ᠺᠢᠯᠤᠸᠠᠲ ᠴᠠᠭ ᠴᠠᠬᠢᠯᠭᠠᠨ | ᠢ ᠱᠠᠨᠳᠦ᠋ᠩ ᠤᠨ ᠯᠢᠨ ᠢ ᠳᠤ ᠬᠦᠷᠭᠡᠨ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠤ ᠠᠬᠤᠢ | ᠨᠡᠶᠢᠬᠡᠮ ᠤᠨ ᠬᠦᠭᠵᠢᠯᠲᠡ ᠶᠢ ᠪᠦᠲᠦᠮᠵᠢᠲᠡᠢ ᠠᠬᠢᠭᠤᠯᠵᠤ᠂ ᠣᠯᠣᠰ ᠤᠨ ᠵᠡᠬᠦᠨ ᠪᠠᠷᠠᠭᠤᠨ ᠬᠡᠰᠡᠭ ᠤᠨ ᠡᠬᠢ | ᠰᠣᠷᠪᠣᠯᠵᠢ ᠶᠢᠨ ᠬᠠᠷᠢᠯᠴᠠᠨ ᠨᠦᠬᠦᠪᠦᠷᠢᠯᠡᠯᠲᠡ᠂ ᠠᠵᠤ ᠦᠢᠯᠡᠰ ᠤᠨ ᠪᠠᠶᠢᠷᠢᠯᠠᠭᠤᠯᠤᠯᠲᠠ ᠶᠢᠨ | ᠰᠢᠯᠢᠳᠡᠭᠵᠢᠬᠦᠯᠦᠯᠲᠡ᠂ ᠠᠭᠠᠷ ᠮᠠᠨᠳᠠᠯ ᠤᠨ ᠪᠤᠬᠢᠷᠳᠣᠯ ᠤᠨ ᠨᠠᠮᠳᠠᠭᠤᠯᠤᠯᠲᠠ ᠶᠢ ᠪᠡᠶᠡᠯᠡᠬᠦᠯᠬᠦ ᠳᠤ ᠲᠤᠶᠢᠯ ᠤᠨ | ᠴᠢᠬᠤᠯᠠ ᠠᠴᠢ ᠬᠤᠯᠪᠤᠭᠳᠠᠯ ᠲᠠᠢ ᠶᠤᠮ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠡᠨᠧᠷᠬᠢ ᠶᠢᠨ ᠲᠤᠪᠴᠢᠶᠠᠨ ᠤ ᠣᠳᠣᠷᠢᠳᠣᠯᠭ᠎ᠠ ᠮᠠ | ᠵᠢᠶᠡᠨ᠂ ᠣᠷᠳᠣᠰ ᠬᠤᠲᠠ ᠶᠢᠨ ᠡᠨᠧᠷᠬᠢ ᠶᠢᠨ ᠲᠤᠪᠴᠢᠶᠠᠨ ᠤ ᠣᠳᠣᠷᠢᠳᠣᠯᠭ᠎ᠠ ᠯᠢᠦ ᠴᠧᠩ ᠭᠠᠩ᠂ ᠬᠤᠰᠢᠭᠤ | ᠣᠳᠣᠷᠢᠳᠣᠯᠭ᠎ᠠ ᠰᠦᠨ ᠶᠢᠦ ᠵᠢᠶᠦ᠋ᠨ᠂ ᠹᠦ᠋ ᠺᠧ᠂ ᠶᠠᠩ ᠵᠢᠢ ᠴᠢᠶᠠᠩ᠂ ᠡᠾᠧ ᠵᠢᠶᠦ᠋ᠨ ᠶᠧ᠂ ᠠᠵᠤ ᠠᠬᠤᠶᠢᠯᠠᠯ | ᠤᠨ ᠣᠳᠣᠷᠢᠳᠣᠯᠭ᠎ᠠ ᠨᠠ ᠬᠦᠢ ᠲᠢᠩ᠂ ᠵᠠᠩ ᠵᠢᠶᠡᠨ ᠭᠦᠸᠧ ᠨᠠᠷ ᠲᠠᠶᠢᠴᠢᠯᠠᠯᠲᠠ ᠶᠢᠨ ᠬᠤᠷᠠᠯ ᠳᠤ ᠣᠷᠣᠯᠴᠠᠵᠤ᠂ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ᠂ ᠣᠯᠣᠰ ᠤᠨ ᠴᠠᠬᠢᠯᠭᠠᠨ | ᠲᠣᠣᠷ ᠤᠨ ᠦᠪᠦᠷ ᠮᠣᠩᠭᠤᠯ ᠤᠨ ᠵᠡᠬᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠤᠮᠫᠠᠨᠢ ᠵᠡᠷᠭᠡ ᠠᠵᠤ | ᠠᠬᠤᠶᠢᠯᠠᠯ ᠤᠨ ᠺᠠᠳ᠋ᠷ ᠠᠵᠢᠯᠲᠠᠳ ᠳᠠᠶᠢᠴᠢᠯᠠᠯᠲᠠ ᠶᠢᠨ ᠬᠤᠷᠠᠯ ᠳᠤ ᠣᠷᠣᠯᠴᠠᠪᠠ᠃ |