ᠣᠳᠤᠭ ᠤᠨ ᠡᠮᠦᠨᠡᠳᠦ ᠬᠤᠰᠢᠭᠤ ᠵᠦᠩ ᠺᠧ ᠵᠢᠶᠠ ᠶᠧ ᠰᠢᠨ᠎ᠡ ᠡᠨᠧᠷᠬᠢ ᠶᠢᠨ ᠰᠣᠳᠣᠯᠭᠠᠨ ᠤ ᠬᠦᠷᠢᠶᠡᠯᠡᠩ ︵ᠬᠢᠵᠠᠭᠠᠷᠳᠦ ᠺᠣᠮᠫᠠᠨᠢ︶ ᠯᠤᠭ᠎ᠠ ᠰᠠᠭᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/5/20
    5 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠵᠦᠩ ᠺᠧ ᠵᠢᠶᠠ ᠶᠧ ᠰᠢᠨ᠎ᠡ ᠡᠨᠧᠷᠬᠢ ᠶᠢᠨ ᠰᠣᠳᠣᠯᠭᠠᠨ ᠤ ᠬᠦᠷᠢᠶᠡᠯᠡᠩ ︵ᠬᠢᠵᠠᠭᠠᠷᠳᠦ ᠺᠣᠮᠫᠠᠨᠢ︶ ᠤᠨ ᠶᠡᠷᠦᠩᠬᠡᠢ ᠲᠠᠭᠠᠭᠠᠮᠠᠯ ᠯᠢ ᠸᠧᠢ ᠫᠢᠩ ᠯᠤᠭ᠎ᠠ ᠰᠠᠭᠤᠳᠠᠯ ᠤᠨ ᠬᠤᠷᠠᠯ ᠬᠤᠷᠠᠯᠳᠣᠵᠣ᠂ ᠰᠢᠨ᠎ᠡ ᠡᠨᠧᠷᠬᠢ ᠶᠢᠨ ᠣᠶᠣᠨᠴᠢᠯᠠᠭᠰᠠᠨ ᠠᠵᠢᠯᠯᠠᠮᠵᠢ ᠶᠢᠨ ᠠᠵᠣ ᠣᠶᠢᠯᠠᠰ ᠤᠨ ᠬᠠᠮᠳᠣᠷᠠᠯᠴᠠᠭᠠᠨ ᠤ ᠬᠠᠮᠢᠶ᠎ᠠ ᠪᠦᠬᠦᠢ ᠬᠡᠷᠡᠭ ᠶᠠᠪᠣᠳᠠᠯ ᠤᠨ ᠲᠣᠬᠠᠢ ᠶᠠᠷᠢᠯᠴᠠᠪᠠ᠃     ᠶᠠᠩ ᠶᠢᠩ ᠰᠢᠨ ᠠᠴᠠ ᠯᠢ ᠸᠧᠢ ᠫᠢᠩ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠣᠭᠳᠣᠵᠣ ᠪᠠᠶᠢᠭ᠎ᠠ  ᠪᠠᠨ ᠢᠯᠡᠳᠬᠡᠪᠡ᠃ ᠲᠡᠷᠡ᠂ ᠣᠳᠣᠬᠠᠨ ᠳᠤ ᠣᠳᠤᠭ ᠤᠨ ᠡᠮᠦᠨᠡᠳᠦ ᠬᠤᠰᠢᠭᠤᠨ ᠤ ᠰᠢᠨ᠎ᠡ ᠡᠨᠧᠷᠬᠢ ᠶᠢᠨ ᠠᠵᠣ ᠣᠶᠢᠯᠠᠰ ᠤᠨ ᠬᠦᠭᠵᠢᠯᠳᠡ ᠶᠢᠨ ᠬᠠᠨᠳᠣᠰᠢ ᠰᠠᠶᠢᠨ ᠪᠣᠯᠬᠤᠷ᠂ ᠠᠵᠣ ᠠᠬᠤᠶᠢᠯᠠᠯ ᠤᠨ ᠣᠳᠤᠭ ᠤᠨ ᠡᠮᠦᠨᠡᠳᠦ ᠬᠤᠰᠢᠭᠤᠨ ᠳᠤ ᠪᠡᠯᠡ ᠣᠷᠣᠭᠤᠯᠵᠣ ᠣᠶᠢᠯᠠᠰ ᠪᠣᠰᠬᠠᠨ᠂ ᠪᠣᠬᠢᠷᠳᠣᠯ ᠦᠭᠡᠢ ᠬᠦᠭᠵᠢᠯᠳᠡ ᠶᠢ ᠬᠠᠮᠳᠦ ᠪᠠᠷ ᠴᠣᠭᠴᠠᠯᠠᠬᠤ ᠶᠢ ᠪᠠᠶᠠᠷᠯᠠᠨ ᠣᠭᠳᠣᠨ᠎ᠠ᠃ ᠵᠦᠩ ᠺᠧ ᠵᠢᠶᠠ ᠶᠧ ᠰᠢᠨ᠎ᠡ ᠡᠨᠧᠷᠬᠢ ᠶᠢᠨ ᠰᠣᠳᠣᠯᠭᠠᠨ ᠤ ᠬᠦᠷᠢᠶᠠᠯᠠᠩ ︵ᠬᠢᠵᠠᠭᠠᠷᠳᠦ ᠺᠣᠮᠫᠠᠨᠢ︶ ᠪᠣᠯ ᠣᠷᠢᠳᠠᠴᠢ ᠬᠦᠭᠵᠢᠯᠳᠡ ᠶᠢᠨ ᠣᠶᠢᠯᠠᠭᠠᠭᠳᠠᠬᠤᠨ ᠲᠠᠢ᠂ ᠮᠡᠷᠭᠡᠵᠢᠯ ᠤᠨ ᠬᠦᠴᠦᠨ ᠵᠣᠵᠠᠭᠠᠨ᠂ ᠲᠣᠷᠰᠢᠯᠭ᠎ᠠ ᠪᠠᠶᠠᠯᠢᠭ ᠲᠣᠰᠬᠠᠢ ᠮᠡᠷᠭᠡᠵᠢᠯ ᠤᠨ ᠰᠣᠳᠣᠯᠭᠠᠨ ᠪᠣᠯᠣᠨ ᠰᠢᠨ᠎ᠡ ᠡᠨᠧᠷᠬᠢ ᠶᠢᠨ ᠣᠶᠣᠨᠴᠢᠯᠠᠭᠰᠠᠨ ᠠᠵᠢᠯᠯᠠᠮᠵᠢ ᠶᠢᠨ ᠠᠵᠣ ᠠᠬᠤᠶᠢᠯᠠᠯ ᠪᠣᠯᠣᠨ᠎ᠠ᠂ ᠣᠷᠣᠨ ᠨᠣᠳᠤᠭ ᠠᠵᠣ ᠠᠬᠤᠶᠢᠯᠠᠯ ᠬᠤᠶᠠᠷ ᠲᠠᠯ᠎ᠠ  ᠪᠠᠷ ᠢᠶᠠᠨ ᠲᠣᠰ ᠣᠳᠠᠭᠠᠨ ᠤ ᠵᠦᠪᠳᠡᠯᠴᠡᠭᠡᠷ ᠤᠨ ᠠᠵᠠ ᠲᠣᠬᠢᠶᠠᠯ ᠢ ᠰᠠᠶᠢᠳᠦᠷ ᠠᠰᠢᠭᠯᠠᠨ᠂ ᠪᠠᠶᠢᠩᠭᠤᠵᠢᠭᠰᠠᠨ ᠬᠠᠷᠢᠯᠴᠠᠭᠠᠨ ᠤ ᠲᠣᠭᠳᠠᠴᠠ ᠶᠢ ᠪᠠᠶᠢᠭᠤᠯᠵᠣ᠂ ᠲᠦᠷᠦ ᠶᠢᠨ ᠪᠣᠳᠣᠯᠭ᠎ᠠ ᠶᠢ ᠰᠠᠶᠢᠳᠦᠷ ᠬᠡᠷᠡᠭᠯᠡᠨ᠂ ᠬᠠᠮᠳᠣᠷᠠᠯᠴᠠᠭᠠᠨ  ᠤ ᠲᠦᠷᠦ ᠵᠣᠶᠢᠯ ᠤᠨ ᠠᠵᠣ ᠣᠶᠢᠯᠠᠰ ᠤᠨ ᠬᠡᠯᠬᠢᠶᠡᠵᠢᠯ ᠢ ᠨᠠᠷᠢᠯᠢᠭ ᠠᠪᠴᠠᠯᠳᠣᠭᠤᠯᠵᠣ᠂ ᠡᠷᠳᠡᠬᠡᠨ ᠰᠠᠨᠮᠵᠢ ᠲᠣᠭᠳᠠᠭᠠᠨ᠂ ᠬᠠᠮᠳᠦ ᠶᠢᠨ ᠪᠣᠬᠢᠷᠳᠣᠯ ᠦᠭᠡᠢ ᠭᠦᠭᠵᠢᠯᠳᠡ ᠶᠢᠨ ᠰᠢᠨ᠎ᠡ ᠬᠠᠭᠤᠳᠠᠰᠦ ᠶᠢ ᠪᠢᠴᠢᠭᠯᠡᠭᠦ ᠶᠢ ᠬᠦᠰᠡᠵᠣ ᠪᠠᠶᠢᠨ᠎ᠠ᠃ ᠣᠳᠤᠭ ᠤᠨ ᠡᠮᠦᠨᠡᠳᠦ ᠬᠤᠰᠢᠭᠤ ᠠᠵᠣ ᠠᠬᠤᠶᠢᠯᠠᠯ ᠤᠨ ᠪᠡᠯᠡ ᠣᠷᠣᠭᠤᠯᠣᠯᠳᠠ ᠪᠠᠶᠢᠭᠤᠯᠣᠯᠳᠠ ᠶᠢ ᠪᠦᠬᠦ ᠬᠦᠴᠦᠨ ᠢᠶᠠᠷ ᠬᠠᠪᠰᠣᠷᠣᠨ ᠲᠡᠮᠵᠢᠵᠣ᠂ ᠠᠵᠣ ᠠᠬᠤᠶᠢᠯᠠᠯ ᠤᠨ ᠬᠦᠭᠵᠢᠯᠳᠡ ᠳᠤ ᠨᠦᠬᠦᠴᠡᠯ ᠡᠭᠦᠳᠬᠦ ᠪᠠᠷ ᠴᠢᠷᠮᠠᠶᠢᠨ᠎ᠠ ᠭᠡᠪᠡ᠃     ᠯᠢ ᠸᠧᠢ ᠫᠢᠩ ᠺᠣᠮᠫᠠᠨᠢ ᠶᠢᠨ ᠠᠵᠣ ᠣᠶᠢᠯᠠᠰ ᠤᠨ ᠪᠦᠳᠦᠴᠡ᠂ ᠬᠦᠭᠵᠢᠯᠳᠡ ᠶᠢᠨ ᠲᠣᠭᠳᠠᠭᠠᠯᠳᠠ᠂ ᠪᠡᠯᠡ ᠣᠷᠣᠭᠤᠯᠣᠯᠳᠠ ᠶᠢᠨ ᠰᠠᠨᠠᠮᠵᠢ ᠪᠠᠨ ᠲᠠᠨᠢᠯᠴᠠᠭᠤᠯᠪᠠ᠃ ᠲᠡᠷᠡ᠂ ᠣᠳᠤᠭ ᠤᠨ ᠡᠮᠦᠨᠡᠳᠦ ᠬᠤᠰᠢᠭᠤ ᠰᠢᠨ᠎ᠡ ᠡᠨᠧᠷᠬᠢ  ᠶᠢᠨ ᠠᠵᠣ ᠣᠶᠢᠯᠠᠰ ᠤᠨ ᠬᠦᠭᠵᠢᠯᠳᠡ ᠶᠢᠨ ᠲᠠᠯ᠎ᠠ ᠪᠠᠷ ᠲᠠᠪᠠᠭᠤᠯᠢᠭ ᠲᠣᠯᠠ ᠠᠵᠣ ᠠᠬᠤᠶᠢᠯᠠᠯ ᠠᠴᠠ ᠲᠣᠰ ᠪᠡᠶ᠎ᠡ  ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠣᠨ᠂ ᠰᠢᠨ᠎ᠡ ᠡᠨᠧᠷᠬᠢ ᠶᠢᠨ ᠣᠶᠣᠨᠴᠢᠯᠠᠭᠰᠠᠨ ᠠᠵᠢᠯᠯᠠᠮᠵᠢ ᠶᠢᠨ ᠠᠵᠣ ᠣᠶᠢᠯᠠᠰ ᠢᠶᠠᠷ ᠭᠠᠷᠳᠠᠴᠠ ᠪᠣᠯᠭᠠᠵᠣ᠂ ᠪᠦᠬᠦ ᠲᠠᠯ᠎ᠠ ᠪᠠᠷ ᠭᠦᠨᠵᠡᠭᠡᠢ ᠬᠠᠷᠢᠯᠴᠠᠨ᠂ ᠬᠠᠮᠳᠣᠷᠠᠯᠴᠠᠭᠠᠨ ᠤ ᠣᠷᠣᠨ ᠵᠠᠢ ᠶᠢ ᠡᠷᠢᠵᠣ᠂ ᠬᠠᠮᠳᠣᠷᠠᠯᠴᠠᠭᠠᠨ ᠤ ᠬᠦᠷᠢᠶ᠎ᠡ ᠴᠠᠷᠠᠭ᠎ᠠ ᠪᠠᠨ ᠣᠯᠠᠮ ᠦᠷᠭᠡᠳᠬᠡᠨ᠂ ᠣᠷᠣᠨ ᠨᠣᠳᠤᠭ ᠤᠨ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠢᠳᠡᠪᠬᠢᠳᠡᠢ ᠬᠤᠪᠢ ᠨᠡᠮᠡᠷᠢ ᠪᠠᠨ ᠦᠵᠡᠭᠦᠯᠣᠨ᠎ᠠ ᠭᠡᠵᠣ ᠢᠯᠡᠷᠬᠡᠶᠢᠯᠡᠪᠡ᠃ ᠡᠭᠦᠨ ᠤ ᠬᠠᠮᠳᠦ ᠣᠳᠤᠭ ᠤᠨ ᠡᠮᠦᠨᠡᠳᠦ ᠬᠤᠰᠢᠭᠤᠨ ᠤ ᠣᠳᠣᠷᠢᠳᠣᠯᠭ᠎ᠠ ᠵᠦᠩ ᠺᠧ ᠵᠢᠶᠠ ᠶᠧ ᠰᠢᠨ᠎ᠡ ᠡᠨᠧᠷᠬᠢ ᠶᠢᠨ ᠰᠣᠳᠣᠯᠭᠠᠨ ᠤ ᠬᠦᠷᠢᠶᠡᠯᠡᠩ ︵ᠬᠢᠵᠠᠭᠠᠷᠳᠦ ᠺᠣᠮᠫᠠᠨᠢ︶ ᠳᠤ ᠬᠦᠷᠴᠦ ᠪᠠᠶᠢᠴᠠᠭᠠᠨ ᠰᠣᠳᠣᠯᠵᠣ ᠰᠠᠨᠠᠯ ᠢᠶᠠᠨ ᠰᠣᠯᠢᠯᠴᠠᠬᠤ ᠶᠢ ᠪᠠᠶᠠᠷᠯᠠᠨ ᠣᠭᠳᠣᠵᠣ ᠪᠠᠶᠢᠨ᠎ᠠ ᠭᠡᠪᠡ᠃     ᠬᠤᠰᠢᠭᠤ ᠣᠳᠣᠷᠢᠳᠣᠯᠭ᠎ᠠ ᠶᠠᠩ ᠵᠢᠢ ᠴᠢᠶᠠᠩ ᠵᠢᠴᠢ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠠᠵᠣ ᠣᠶᠢᠯᠠᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶᠠᠨ ᠤ ᠭᠤᠣᠯ ᠬᠠᠷᠢᠭᠤᠴᠠᠯᠭᠠᠳᠠᠨ ᠰᠠᠭᠤᠳᠠᠯ ᠤᠨ ᠬᠤᠷᠠᠯ  ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号