ᠣᠲᠤᠭ ᠤᠨ ᠡᠮᠦᠨᠡᠲᠦ ᠬᠤᠰᠢᠭᠤᠨ ᠤ 2022 ᠣᠨ ᠤ ᠦᠢᠯᠡᠴᠢᠯᠡᠬᠡᠨ ᠤ ᠦᠢᠯᠡᠰ ᠤᠨ ᠲᠦᠷᠦᠯ ᠵᠦᠢᠯ ᠤᠳ ᠲᠦᠪᠯᠡᠷᠡᠩᠬᠦᠢ ᠪᠠᠷ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2022/5/20
    5 ᠰᠠᠷ᠎ᠠ ᠶᠢᠨ 18 ᠤ ᠡᠳᠦᠷ᠂ ᠣᠷᠳᠣᠰ ᠬᠤᠲᠠ ᠶᠢᠨ ᠦᠢᠯᠡᠴᠢᠯᠡᠬᠡᠨ ᠤ ᠦᠢᠯᠡᠰ ᠤᠨ ᠲᠦᠷᠦᠯ ᠵᠦᠢᠯ  ᠤᠳ ᠲᠦᠪᠯᠡᠷᠡᠩᠭᠦᠢ ᠪᠠᠷ ᠪᠠᠷᠢᠯᠭ᠎ᠠ ᠡᠬᠢᠯᠡᠬᠦ ᠶᠤᠰᠤᠯᠠᠯ ᠸᠢᠳᠢᠤ᠋ ᠬᠡᠯᠪᠡᠷᠢ ᠪᠠᠷ ᠬᠤᠷᠠᠯᠳᠣᠵᠣ᠂ ᠮᠠᠨ ᠤ ᠬᠤᠰᠢᠭᠤ ᠬᠤᠪᠢᠶᠠᠷᠢ ᠬᠤᠷᠠᠯ ᠤᠨ ᠲᠠᠯᠠᠪᠠᠢ ᠪᠠᠨ ᠪᠤᠷᠤᠪᠠᠯᠭᠠᠰᠣ ᠪᠠᠯᠭᠠᠰᠣᠨ ᠤ ᠢᠳᠡᠰᠢᠨ ᠨᠣᠭᠤᠭ᠎ᠠ ᠶᠢ ᠰᠣᠷᠭᠤᠭ ᠢᠶᠠᠷ ᠬᠠᠳᠠᠭᠠᠯᠠᠬᠤ ᠬᠦᠮᠦᠷᠭᠡ ᠶᠢᠨ ᠲᠦᠷᠦᠯ ᠵᠦᠢᠯ ᠤᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠪᠠᠷᠢᠯᠭ᠎ᠠ ᠡᠬᠢᠯᠡᠬᠦ ᠶᠤᠰᠤᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠦᠢᠯᠡᠴᠢᠯᠡᠬᠡᠨ ᠤ ᠦᠢᠯᠡᠰ ᠤᠨ ᠲᠦᠷᠦᠯ ᠵᠦᠢᠯ ᠤᠳ ᠤᠨ ᠲᠦᠪᠯᠡᠷᠡᠩᠭᠦᠢ ᠪᠠᠶᠢᠭᠤᠯᠤᠯᠲᠠ ᠶᠢᠨ ᠪᠠᠶᠢᠳᠠᠯ ᠢᠶᠠᠨ ᠬᠠᠷᠢᠭᠤ ᠮᠡᠳᠡᠬᠦᠯᠪᠡ᠃     ᠦᠢᠯᠠᠭᠠᠭᠰᠠᠨ ᠢᠶᠠᠷ᠂ ᠲᠤᠰ ᠣᠳᠠᠭᠠᠨ ᠤ ᠣᠲᠤᠭ ᠤᠨ ᠡᠮᠦᠨᠡᠲᠦ ᠬᠤᠰᠢᠭᠤᠨ ᠤ ᠦᠢᠯᠡᠴᠢᠯᠡᠬᠡᠨ ᠤ ᠦᠢᠯᠡᠰ  ᠤᠨ ᠲᠦᠪᠯᠡᠷᠡᠩᠭᠦᠢ ᠪᠠᠷ  ᠪᠠᠷᠢᠯᠭ᠎ᠠ ᠡᠬᠢᠯᠡᠬᠦ ᠲᠦᠷᠦᠯ ᠵᠦᠢᠯ ᠨᠡᠶᠢᠲᠡ 13 ᠪᠠᠶᠢᠵᠦ᠂ ᠰᠣᠶᠣᠯ᠂ ᠵᠠᠮ ᠬᠠᠷᠢᠯᠴᠠᠭ᠎ᠠ᠂ ᠠᠷᠠᠳ ᠤᠨ ᠠᠮᠢᠳᠣᠷᠠᠯ ᠵᠡᠷᠭᠡ ᠬᠦᠷᠢᠶ᠎ᠡ  ᠴᠠᠷᠠᠭ᠎ᠠ ᠲᠠᠢ ᠬᠤᠯᠪᠤᠭᠳᠠᠵᠤ᠂ ᠶᠡᠷᠦᠩᠬᠡᠢ ᠪᠡᠯᠡ ᠣᠷᠣᠭᠤᠯᠣᠯᠲᠠ 22.14 ᠳ᠋ᠦᠩᠰᠢᠭᠤᠷ ᠲᠦᠬᠦᠷᠢᠭ᠂ ᠵᠢᠯ ᠤᠨ ᠲᠤᠲᠤᠷ᠎ᠠ 6.17 ᠳ᠋ᠦᠩᠰᠢᠭᠤᠷ ᠲᠦᠬᠦᠷᠢᠭ ᠪᠡᠯᠡ ᠣᠷᠣᠭᠤᠯᠬᠤ ᠪᠠᠷ ᠲᠦᠯᠦᠪᠯᠡᠨ᠂ ᠡᠬᠦᠨ ᠳᠤ ᠬᠤᠰᠢᠭᠤ ᠠᠵᠢᠯᠴᠢᠨ ᠤ ᠰᠣᠶᠣᠯ ᠤᠨ ᠣᠷᠳᠣᠨ ᠤ ᠲᠦᠷᠦᠯ ᠵᠦᠢᠯ᠂ ᠬᠤᠪᠢᠰᠬᠠᠯᠲᠤ ᠬᠦᠮᠦᠵᠢᠯ ᠰᠣᠷᠣᠯᠴᠠᠯᠭ᠎ᠠ ᠶᠢᠨ ᠦᠢᠯᠡᠳᠦᠯᠬᠡ ᠶᠢᠨ ᠰᠠᠭᠤᠷᠢᠨ ᠭᠠᠵᠠᠷ ᠤᠨ ᠲᠦᠷᠦᠯ ᠵᠦᠢᠯ᠂ ᠪᠤᠷᠤᠪᠠᠯᠭᠠᠰᠣ ᠶᠢᠨ ᠦᠵᠡᠭᠳᠡᠯᠲᠦ ᠵᠢᠭᠠᠨ ᠰᠣᠷᠭᠠᠯᠲᠠ ᠶᠢᠨ ᠪᠠᠶᠢᠭᠤᠯᠤᠯᠲᠠ ᠶᠢᠨ ᠲᠦᠷᠦᠯ ᠵᠦᠢᠯ᠂ ᠨᠡᠶᠢᠲᠡᠮ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠦᠷᠬᠡᠳᠬᠡᠨ ᠪᠠᠶᠢᠭᠤᠯᠬᠤ ᠲᠦᠷᠦᠯ ᠵᠦᠢᠯ᠂ ᠪᠤᠷᠤᠪᠠᠯᠭᠠᠰᠣ ᠪᠠᠯᠭᠠᠰᠣᠨ ᠤ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠤᠯᠪᠤᠭᠠᠲᠤ ᠴᠤᠭᠴᠠ ᠶᠢᠨ ᠢᠳᠡᠰᠢᠨ ᠨᠤᠭᠤᠭ᠎ᠠ ᠶᠢ ᠰᠣᠷᠭᠤᠭ ᠢᠶᠠᠷ ᠬᠠᠳᠠᠭᠠᠯᠠᠬᠤ ᠬᠦᠮᠦᠷᠬᠡ ᠶᠢᠨ ᠲᠦᠷᠦᠯ ᠵᠦᠢᠯ᠂ ᠰᠣᠶᠣᠯ ᠢᠷᠬᠡᠨᠰᠢᠯ ᠤᠨ ᠳᠣᠷᠠᠰᠬᠠᠯ ᠤᠨ ᠬᠦᠷᠢᠶᠡᠯᠡᠩ ᠤᠨ ᠲᠦᠷᠦᠯ ᠵᠦᠢᠯ᠂ ᠡᠮᠡᠭᠲᠡᠢ ᠴᠢᠳᠠᠪᠤᠷᠢᠲᠠᠳ ᠤᠨ ᠰᠢᠨ᠎ᠡ ᠶᠢ ᠡᠬᠦᠳᠴᠦ ᠦᠢᠯᠡᠰ ᠪᠤᠰᠬᠠᠬᠤ ᠰᠠᠭᠤᠷᠢᠨ ᠭᠠᠵᠠᠷ ᠤᠨ ᠲᠦᠷᠦᠯ ᠵᠦᠢᠯ᠂ ᠨᠠᠮ ᠤᠨ ᠰᠣᠷᠭᠠᠭᠤᠯᠢ᠂ ᠬᠤᠶᠠᠳᠣᠭᠠᠷ ᠳᠣᠮᠳᠠᠳᠣ ᠰᠣᠷᠭᠠᠭᠤᠯᠢ᠂ ᠨᠢᠭᠡᠳᠦᠬᠡᠷ ᠪᠠᠭ᠎ᠠ ᠰᠣᠷᠭᠠᠭᠤᠯᠢ ᠶᠢᠨ ᠪᠠᠶᠢᠭᠤᠯᠤᠯᠲᠠ ᠶᠢᠨ ᠲᠦᠷᠦᠯ ᠵᠦᠢᠯ᠂ ᠱᠧᠩ ᠱᠢ ᠢ ᠫᠢᠨ᠂ ᠯᠠᠨ ᠲᠢᠶᠡᠨ ᠮᠢᠩ ᠶᠣᠸᠡᠨ᠂ ᠳ᠋ᠠ ᠮᠢᠩ ᠹᠦ᠋ ᠵᠡᠷᠭᠡ ᠬᠤᠳᠠᠯᠳᠤᠭ᠎ᠠ ᠦᠢᠯᠡᠴᠢᠯᠡᠭᠡ ᠲᠠᠢ ᠣᠷᠣᠨ ᠰᠠᠭᠤᠴᠠ ᠶᠢᠨ ᠲᠤᠭᠤᠷᠢᠭ ᠤᠨ ᠲᠦᠷᠦᠯ ᠵᠦᠢᠯ ᠵᠡᠷᠭᠡ ᠪᠠᠭᠲᠠᠨ᠎ᠠ᠃     ᠳᠠᠷᠠᠭ᠎ᠠ ᠠᠯᠬᠤᠮ ᠳᠤ᠂ ᠣᠲᠤᠭ ᠤᠨ ᠡᠮᠦᠨᠡᠲᠦ ᠬᠤᠰᠢᠭᠤ ᠣᠳᠣᠬᠠᠨ ᠤ ᠲᠦᠷᠦᠯ ᠵᠦᠢᠯ ᠤᠨ ᠪᠠᠷᠢᠯᠭ᠎ᠠ ᠡᠬᠢᠯᠡᠬᠦᠯᠬᠦ ᠰᠢᠵᠢᠷ ᠠᠯᠲᠠᠨ ᠬᠤᠭᠤᠴᠠᠭ᠎ᠠ ᠶᠢ ᠴᠢᠩᠭ᠎ᠠ ᠠᠳᠬᠤᠵᠤ᠂ ︽ᠲᠦᠷᠦᠯ ᠵᠦᠢᠯ ᠢᠶᠠᠷ ᠭᠤᠤᠯ ᠪᠤᠯᠭᠠᠬᠤ︾ ᠦᠵᠡᠯᠲᠡ ᠶᠢ ᠣᠯᠠᠮ ᠨᠢᠬᠡ ᠠᠯᠬᠤᠮ ᠴᠢᠩᠭᠠᠳᠬᠠᠨ᠂ ᠡᠯ᠎ᠡ ᠲᠠᠯ᠎ᠠ ᠶᠢᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠡᠬᠦᠷᠭᠡ ᠶᠢᠨ ᠨᠠᠷᠢᠨ ᠳᠠᠩᠰᠠ ᠪᠠᠨ ᠨᠠᠷᠢᠯᠢᠭᠵᠢᠭᠤᠯᠤᠨ᠂ ᠲᠤᠬᠢᠷᠠᠭᠤᠯᠤᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠪᠠᠨ ᠬᠤᠭᠤᠴᠠᠭᠠᠯᠠᠵᠤ ᠲᠤᠭᠲᠠᠭᠠᠨ᠂ ᠬᠠᠷᠢᠭᠤᠴᠠᠯᠭ᠎ᠠ ᠪᠠᠨ ᠬᠦᠮᠦᠨ ᠳᠤ ᠨᠠᠶᠢᠲᠠᠪᠤᠷᠢᠵᠢᠭᠤᠯᠵᠤ᠂ ᠲᠦᠷᠦᠯ ᠵᠦᠢᠯ ᠤᠨ ᠣᠷᠣᠭᠤᠯᠣᠯᠲᠠ᠂ ᠣᠷᠣᠨᠵᠢᠭᠤᠯᠣᠯᠲᠠ᠂ ᠪᠠᠶᠢᠭᠤᠯᠤᠯᠲᠠ᠂ ᠠᠰᠢᠭᠯᠠᠯᠲᠠ ᠶᠢᠨ ᠪᠦᠬᠦ ᠶᠠᠪᠤᠴᠠ ᠳᠤ ᠠᠩᠬᠠᠷᠤᠯ ᠢᠶᠠᠨ ᠲᠦᠪᠯᠡᠷᠡᠬᠦᠯᠦᠨ᠂ ᠪᠠᠲᠤ ᠴᠢᠩᠭ᠎ᠠ ᠡᠬᠦᠷᠭᠡᠯᠡᠯ ᠬᠠᠷᠢᠭᠤᠴᠠᠯᠭ᠎ᠠ᠂ ᠦᠨᠡᠨ ᠪᠤᠲᠠᠲᠠᠢ ᠠᠵᠢᠯ ᠤᠨ ᠠᠷᠭ᠎ᠠ ᠠᠪᠴᠠᠯ᠂ ᠲᠦᠪ ᠴᠢᠬᠡᠴᠢ ᠠᠵᠢᠯ ᠤᠨ ᠰᠣᠷᠲᠠᠯ ᠢᠶᠠᠷ ᠲᠦᠷᠦᠯ ᠵᠦᠢᠯ ᠤᠨ ᠪᠠᠶᠢᠭᠤᠯᠤᠯᠲᠠ ᠶᠢᠨ ᠬᠤᠷᠳᠣᠴᠠ ᠶᠢ ᠪᠦᠬᠦ ᠬᠦᠴᠦᠨ ᠢᠶᠠᠷ ᠨᠡᠮᠡᠭᠳᠡᠬᠦᠯᠵᠦ᠂ ᠠᠵᠤ   ᠠᠬᠤᠢ  ᠶᠢᠨ ᠬᠦᠭᠵᠢᠯᠲᠡ ᠳᠤ ᠦᠷᠬᠦᠯᠵᠢᠬᠦᠶᠢᠴᠡ ᠬᠦᠳᠡᠯᠬᠡᠬᠦ ᠬᠦᠴᠦᠨ ᠢ ᠨᠡᠮᠡᠷᠢᠯᠡᠨ᠂ ᠪᠦᠬᠦ ᠬᠤᠲᠠ ᠶᠢᠨ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠲᠡ ᠳᠤ ᠬᠦᠴᠦᠨ ᠴᠢᠳᠠᠯ ᠢᠶᠠᠨ ᠡᠷᠬᠦᠨ᠎ᠡ ᠬᠡᠵᠦ ᠬᠡᠯᠡᠭᠰᠡᠨ ᠪᠠᠶᠢᠨ᠎ᠠ᠃     ᠬᠤᠰᠢᠭᠤ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠲᠤᠳᠢ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠰᠢᠶᠡᠨ  ᠤ ᠲᠡᠰ ᠤᠨ ᠬᠠᠮᠢᠶ᠎ᠠ ᠪᠦᠬᠦᠢ ᠣᠳᠣᠷᠢᠳᠣᠯᠭ᠎ᠠ ᠵᠢᠴᠢ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠠᠵᠤ ᠠᠬᠤᠶᠢᠯᠠᠯ ᠤᠨ ᠲᠦᠯᠦᠭᠡᠯᠡᠭᠴᠢᠳ᠂ ᠪᠤᠷᠣᠪᠠᠯᠭᠠᠰᠣ ᠪᠠᠯᠭᠠᠰᠣᠨ ᠤ ᠺᠠᠳ᠋ᠷ ᠠᠵᠢᠯᠲᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠪᠠᠷᠢᠯᠭ᠎ᠠ ᠡᠬᠢᠯᠡᠬᠦ ᠶᠤᠰᠤᠯᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号