ᠶᠠᠩ ᠶᠢᠩ ᠰᠢᠨ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/5/24
    5 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠷᠠᠯ ᠠᠴᠠ ᠨᠡᠭᠡᠭᠡᠯᠳᠡ ᠶᠢᠨ ᠣᠷᠣᠨ ᠤ ᠬᠡᠷᠡᠭ ᠢᠶᠠᠷ ᠦᠭᠡᠷᠡᠴᠢᠯᠡᠯᠳᠡ ᠶᠢ ᠠᠬᠢᠭᠤᠯᠬᠤ᠂ ᠪᠠᠶᠢᠭᠠᠯᠢ ᠶᠢᠨ ᠡᠬᠢ ᠪᠠᠶᠠᠯᠢᠭ ᠤᠨ ᠱᠠᠭᠠᠷᠳᠠᠨ ᠪᠠᠶᠢᠴᠠᠭᠠᠯᠳᠠ ᠶᠢᠨ ᠠᠰᠠᠭᠤᠳᠠᠯ ᠤᠨ ᠴᠡᠭᠴᠡᠯᠡᠯᠳᠡ᠂ ᠲᠦᠪ ᠤᠨ ᠠᠮᠢ ᠠᠬᠤᠢ ᠣᠷᠴᠢᠨ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠲᠣᠭᠤᠶᠢᠯᠠᠩ ᠠᠴᠠ ᠰᠢᠯᠵᠢᠭᠦᠯᠦᠨ ᠭᠦᠢᠴᠡᠳᠬᠡᠭᠦᠯᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠤᠨ ᠰᠢᠢᠳᠪᠦᠷᠢᠯᠡᠯᠳᠡ ᠵᠡᠷᠭᠡ ᠠᠵᠢᠯ ᠳᠤ ᠲᠠᠬᠢᠨ ᠪᠠᠶᠢᠴᠠᠭᠠᠨ ᠰᠣᠳᠣᠯᠣᠯᠳᠠ᠂ ᠲᠣᠬᠢᠷᠠᠭᠤᠯᠣᠯᠳᠠ᠂ ᠠᠬᠢᠭᠤᠯᠣᠯᠳᠠ ᠬᠢᠪᠠ᠃      ᠶᠠᠩ ᠶᠢᠩ ᠰᠢᠨ᠂ ᠡᠯ᠎ᠡ ᠬᠤᠪᠢᠳᠠᠨ ᠬᠠᠮᠢᠶᠠᠷᠬᠤ ᠣᠳᠣᠷᠢᠳᠣᠯᠭ᠎ᠠ᠂ ᠨᠡᠭᠡᠭᠡᠯᠳᠡ ᠶᠢᠨ ᠣᠷᠣᠨ᠂ ᠡᠯ᠎ᠡ ᠬᠠᠮᠢᠶ᠎ᠠ ᠪᠦᠬᠦᠢ ᠪᠠᠯᠭᠠᠰᠦ ᠪᠣᠯᠣᠨ ᠰᠠᠯᠠᠭ᠎ᠠ ᠮᠦᠴᠢᠷ ᠲᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠣᠪᠣᠷ ᠢᠶᠠᠨ ᠲᠦᠪ ᠪᠣᠯᠭᠠᠨ᠂ ᠡᠯ᠎ᠡ ᠲᠣᠰᠬᠠᠢ ᠴᠡᠭᠴᠡᠯᠡᠯᠳᠡ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠣ᠂ ᠡᠯ᠎ᠡ ᠲᠣᠰᠬᠠᠢ ᠲᠦᠷᠦᠯ ᠤᠨ ᠴᠡᠭᠴᠡᠯᠡᠯᠳᠡ ᠳᠤ ᠪᠦᠬᠦ ᠲᠠᠯ᠎ᠠ ᠶᠢᠨ ᠬᠢᠨᠠᠯᠳᠠ ᠪᠠ ᠳ᠋ᠦᠩᠨᠡᠯᠳᠡ ᠬᠢᠨ᠂ ᠦᠷ᠎ᠡ ᠳ᠋ᠦᠩ ᠤᠨ ᠣᠳᠣᠷᠢᠳᠣᠮᠵᠢ ᠶᠢ ᠲᠣᠪᠣᠶᠢᠯᠭᠠᠵᠣ᠂ ᠴᠡᠭᠴᠡᠯᠡᠯᠳᠡ ᠶᠢᠨ ᠬᠠᠷᠢᠭᠤᠴᠠᠯᠭ᠎ᠠ ᠪᠠᠨ ᠪᠣᠳᠠᠳᠠᠶᠢᠵᠢᠭᠤᠯᠣᠨ᠂ ᠠᠵᠢᠯ ᠤᠨ ᠬᠠᠷᠢᠯᠴᠠᠭᠠᠨ ᠤ ᠲᠠᠪᠴᠠᠩ ᠪᠠᠶᠢᠭᠤᠯᠵᠣ᠂ ︽ᠡᠳᠦᠷ ᠤᠨ ᠲᠣᠬᠢᠷᠠᠭᠤᠯᠣᠯᠳᠠ᠂ ᠭᠠᠷᠠᠭ ᠤᠨ ᠨᠡᠶᠢᠳᠡᠯᠡᠯ︾ ᠤᠨ ᠠᠵᠢᠯ ᠤᠨ ᠲᠣᠭᠳᠠᠴᠠ ᠶᠢ ᠪᠠᠷᠢᠮᠳᠠᠯᠠᠨ᠂ ︽ᠴᠠᠭ ᠤᠨ ᠬᠢᠵᠠᠭᠠᠷᠯᠠᠯ᠂ ᠦᠷ᠎ᠡ ᠪᠦᠳᠦᠮᠵᠢ︾ ᠶᠢ ᠴᠢᠩᠭ᠎ᠠ  ᠡᠵᠡᠮᠳᠡᠵᠣ᠂ ᠡᠯ᠎ᠡ ᠲᠣᠰᠬᠠᠢ ᠲᠦᠷᠦᠯ ᠤᠨ ᠠᠰᠠᠭᠤᠳᠠᠯ ᠤᠨ ᠴᠡᠭᠴᠡᠯᠡᠯᠳᠡ ᠠᠵᠢᠯᠯᠠᠭᠠᠨ ᠲᠠᠢ᠂ ᠠᠬᠢᠯᠳᠠ ᠲᠠᠢ᠂ ᠪᠦᠳᠦᠮᠵᠢ ᠲᠠᠢ ᠪᠠᠶᠢᠬᠤ ᠶᠢ ᠪᠠᠳᠣᠯᠠᠬᠤ ᠬᠡᠷᠡᠭᠳᠡᠢ᠃ ᠰᠢᠶᠠᠨ ᠤ ᠲᠡᠰ ᠤᠨ ᠡᠯ᠎ᠡ ᠣᠳᠣᠷᠢᠳᠣᠯᠭ᠎ᠠ ᠪᠣᠯᠣᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ ᠪᠡᠶᠡᠴᠢᠯᠡᠨ ᠭᠦᠢᠴᠡᠳᠬᠡᠨ ᠱᠠᠭᠠᠷᠳᠠᠨ ᠪᠠᠶᠢᠴᠠᠭᠠᠵᠣ᠂ ᠰᠠᠯᠠᠭ᠎ᠠ ᠮᠦᠴᠢᠷ ᠬᠠᠷᠢᠯᠴᠠᠨ ᠨᠢᠭᠳᠠ ᠬᠠᠮᠵᠢᠯᠴᠠᠨ᠂ ᠴᠡᠭᠴᠡᠯᠡᠯᠳᠡ ᠶᠢᠨ ᠰᠢᠪᠳᠣᠯᠣᠯᠳᠠ  ᠳᠤ ᠬᠦᠴᠦᠨ ᠢᠶᠠᠨ ᠲᠦᠪᠯᠡᠷᠡᠭᠦᠯᠵᠣ᠂ ᠡᠯ᠎ᠡ ᠲᠣᠰᠬᠠᠢ ᠲᠦᠷᠦᠯ ᠤᠨ ᠴᠡᠭᠴᠡᠯᠡᠯᠳᠡ ᠶᠢᠨ ᠡᠭᠦᠷᠭᠡ ᠪᠠᠨ ᠲᠣᠭᠳᠠᠭᠰᠠᠨ ᠬᠤᠭᠤᠴᠠᠭᠠᠨ ᠳᠤ ᠦᠨᠳᠦᠷ ᠪᠠᠷᠢᠮᠵᠢᠶ᠎ᠡ ᠲᠠᠢ ᠴᠢᠨᠠᠷᠯᠢᠭ ᠪᠡᠶᠡᠯᠡᠭᠦᠯᠬᠦ ᠶᠢ ᠪᠠᠳᠣᠯᠠᠬᠤ ᠬᠡᠷᠡᠭᠳᠡᠢ᠃ ᠮᠡᠳᠡᠭᠡ ᠵᠠᠩᠬᠢ  ᠶᠢᠨ ᠮᠡᠳᠡᠭᠦᠯᠦᠯᠳᠡ ᠪᠠᠨ ᠴᠢᠩᠭᠠᠳᠬᠠᠨ᠂ ᠠᠰᠠᠭᠤᠳᠠᠯ ᠢᠯᠡᠷᠡᠭᠦᠯᠪᠡᠯ ᠴᠠᠭ ᠲᠣᠬᠠᠢ ᠳᠤ ᠨᠢ ᠬᠠᠷᠢᠭᠤ ᠲᠣᠰᠬᠠᠨ᠂ ᠰᠠᠨᠠᠯ ᠢᠶᠠᠨ ᠰᠣᠯᠢᠯᠴᠠᠵᠣ᠂ ᠲᠡᠭᠡᠳᠦ ᠱᠠᠳᠣ ᠲᠠᠢ ᠬᠠᠷᠢᠯᠴᠠᠬᠤ ᠵᠣᠬᠢᠴᠠᠭᠤᠯᠬᠤ ᠡᠷᠴᠢᠮ ᠢᠶᠠᠨ ᠴᠢᠩᠭᠠᠳᠬᠠᠨ᠂ ᠬᠠᠮᠤᠭ ᠰᠢᠨ᠎ᠡ ᠴᠡᠭᠴᠡᠯᠡᠯᠳᠡ ᠶᠢᠨ ᠱᠠᠭᠠᠷᠳᠠᠯᠭ᠎ᠠ ᠪᠣᠯᠣᠨ ᠠᠬᠢᠭᠤᠯᠣᠯᠳᠠ ᠶᠢᠨ ᠪᠠᠶᠢᠳᠠᠯ ᠢ ᠴᠠᠭ ᠲᠣᠬᠠᠢ ᠳᠤ ᠨᠢ ᠡᠵᠡᠮᠳᠡᠵᠣ᠂ ᠠᠰᠠᠭᠤᠳᠠᠯ ᠤᠨ ᠴᠡᠭᠴᠡᠯᠡᠯᠳᠡ ᠶᠢ ᠨᠢᠭᠡᠳ ᠨᠢᠭᠡ ᠪᠠᠷ ᠪᠣᠳᠠᠳᠠᠢ ᠬᠢᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ ᠪᠠᠰᠠ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠣᠶᠢᠯᠡᠴᠢᠯᠡᠭᠡᠨ ᠤ ᠬᠦᠷᠢᠶᠡᠯᠡᠩ ᠤᠨ ᠠᠵᠣ ᠣᠶᠢᠯᠠᠰ ᠤᠨ ᠬᠦᠭᠵᠢᠯᠳᠡ ᠶᠢᠨ ᠵᠢᠯᠣᠭᠤᠳᠬᠤ ᠰᠠᠨᠠᠯ ᠢ ᠨᠠᠶᠢᠷᠠᠭᠤᠯᠣᠨ ᠲᠣᠭᠤᠷᠪᠢᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠴᠣ᠂ ᠡᠯ᠎ᠡ ᠡᠳᠡᠭᠡᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠣᠷᠣᠭᠤᠯᠵᠣ᠂ ᠣᠶᠢᠯᠡᠴᠢᠯᠡᠭᠡᠨ ᠤ ᠬᠦᠷᠢᠶᠡᠯᠡᠩ ᠤᠨ ᠣᠷᠣᠨ ᠵᠠᠢ ᠶᠢᠨ ᠪᠠᠶᠢᠷᠢᠯᠠᠭᠤᠯᠣᠯᠳᠠ ᠪᠣᠯᠣᠨ ᠠᠵᠣ ᠣᠶᠢᠯᠠᠰ  ᠤᠨ ᠪᠠᠶᠢᠷᠢᠯᠠᠭᠤᠯᠣᠯᠳᠠ ᠶᠢ ᠰᠢᠨᠵᠢᠯᠡᠭᠦ ᠣᠬᠠᠭᠠᠨᠴᠢ ᠪᠠᠷ ᠰᠠᠶᠢᠳᠦᠷ ᠬᠢᠨ᠂ ︽ᠬᠤᠳᠠᠯᠳᠣᠭᠠᠴᠢᠨ ᠣᠷᠢᠵᠣ ᠪᠡᠯᠡ ᠣᠷᠣᠭᠤᠯᠬᠤ︾ ᠶᠢ ᠰᠠᠶᠢᠳᠦᠷ ᠡᠵᠡᠮᠳᠡᠵᠣ᠂ ᠬᠦᠷᠢᠶᠡᠯᠡᠩ ᠲᠣᠭᠤᠷᠢᠭ ᠤᠨ ᠠᠵᠣ ᠠᠬᠤᠶᠢᠯᠠᠯ ᠤᠨ ᠰᠣᠯᠠ ᠣᠷᠬᠢᠭᠰᠠᠨ ᠭᠠᠵᠠᠷ ᠤᠨ ᠬᠠᠷᠭᠤᠭᠤᠯᠣᠨ ᠪᠠᠶᠢᠴᠠᠭᠠᠯᠳᠠ ᠪᠠ ᠰᠢᠢᠳᠪᠦᠷᠢᠯᠡᠯᠳᠡ ᠶᠢᠨ ᠡᠷᠴᠢᠮ ᠢᠶᠠᠨ ᠴᠢᠩᠭᠠᠳᠬᠠᠨ᠂ ᠣᠯᠣᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠤᠶᠠᠳᠣᠭᠠᠷ ᠣᠳᠠᠭᠠᠨ ᠤ ᠠᠰᠢᠭᠯᠠᠯᠳᠠ ᠶᠢᠨ ᠰᠢᠨᠵᠢᠯᠡᠭᠦ ᠣᠬᠠᠭᠠᠨᠴᠢ ᠴᠢᠨᠠᠷ ᠪᠣᠯᠣᠨ ᠪᠦᠳᠦᠮᠵᠢᠳᠦ ᠴᠢᠨᠠᠷ ᠢ ᠲᠡᠭᠡᠭᠰᠢᠯᠡᠭᠦᠯᠵᠣ᠂ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠲᠣᠯᠭᠠᠭᠤᠷᠢᠯᠠᠯ ᠬᠠᠩᠭᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃      ᠬᠤᠰᠢᠭᠤ ᠣᠳᠣᠷᠢᠳᠣᠯᠭ᠎ᠠ ᠱᠢ ᠬᠤᠢ᠂ ᠶᠠᠩ ᠵᠢᠢ ᠴᠢᠶᠠᠩ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠯ᠎ᠡ ᠪᠠᠯᠭᠠᠰᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号