ᠪᠦᠷᠢᠨᠴᠢᠮᠡᠩ ᠪᠣᠷᠣᠪᠠᠯᠭᠠᠰᠣ ᠶᠢᠨ ᠦᠨᠳᠦᠰᠦᠳᠡᠨ ᠤ ᠺᠠᠳ᠋ᠷᠴᠣᠳ ᠤᠨ ᠲᠡᠭᠡᠳᠦ ᠰᠣᠷᠭᠠᠭᠤᠯᠢ  ᠣᠳᠤᠭ  ᠤᠨ ᠡᠮᠦᠨᠡᠳᠦ ᠬᠤᠰᠢᠭᠤᠨ ᠳᠤ ᠨᠢᠭᠡᠳᠦᠮᠡᠯ ᠹᠷᠣᠨᠲ ᠤᠨ ᠬᠦᠮᠦᠵᠢᠯ ᠪᠣᠯᠪᠠᠰᠣᠷᠠᠯ ᠪᠣᠯᠣᠨ ᠦᠨᠳᠦᠰᠦᠨ ᠱᠠᠳᠣᠨ  ᠤ ᠨᠢᠭᠡᠳᠦᠮᠡᠯ ᠹᠷᠣᠨᠲ ᠤᠨ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/5/27
    5 ᠰᠠᠷ᠎ᠠ ᠶᠢᠨ 24᠂ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ ᠪᠦᠷᠢᠨᠴᠢᠮᠡᠩ ᠪᠣᠷᠣᠪᠠᠯᠭᠠᠰᠣ ᠶᠢᠨ ᠦᠨᠳᠦᠰᠦᠳᠡᠨ ᠤ ᠺᠠᠳ᠋ᠷᠴᠣᠳ  ᠤᠨ ᠲᠡᠭᠡᠳᠦ ᠰᠣᠷᠭᠠᠭᠤᠯᠢ᠂ ᠣᠳᠤᠭ ᠤᠨ ᠡᠮᠦᠨᠡᠳᠦ ᠬᠤᠰᠢᠭᠤᠨ ᠤ ᠨᠢᠭᠡᠳᠦᠮᠡᠯ ᠹᠷᠤᠨᠲ ᠤᠨ ᠬᠦᠮᠦᠵᠢᠯ ᠪᠣᠯᠪᠠᠰᠣᠷᠠᠯ ᠪᠣᠯᠣᠨ ᠦᠨᠳᠦᠰᠦᠨ ᠱᠠᠳᠣᠨ ᠤ ᠨᠢᠭᠡᠳᠦᠮᠡᠯ ᠹᠷᠣᠨᠲ ᠤᠨ ᠠᠵᠢᠯ ᠢ ᠪᠠᠶᠢᠴᠠᠭᠠᠨ ᠰᠣᠳᠣᠯᠪᠠ᠃     ᠪᠦᠷᠢᠨᠴᠢᠮᠡᠩ ᠣᠷᠢᠳ ᠬᠤᠵᠢᠳ ᠨᠢᠭᠡᠳᠦᠮᠡᠯ ᠹᠷᠣᠨᠲ ᠤᠨ ᠣᠶᠢᠯᠡᠳᠦᠯᠭᠡ ᠵᠢᠭᠠᠨ ᠰᠣᠷᠭᠠᠯᠳᠠ ᠶᠢᠨ ᠴᠡᠭ᠂ ᠪᠠᠯᠭᠠᠰᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠬᠦᠷᠴᠦ᠂ ᠨᠢᠭᠡᠳᠦᠮᠡᠯ ᠹᠷᠣᠨᠲ ᠤᠨ ᠬᠦᠮᠦᠵᠢᠯ ᠣᠶᠢᠯᠡᠳᠦᠯᠭᠡ ᠵᠢᠭᠠᠨ ᠰᠣᠷᠭᠠᠯᠳᠠ ᠤᠨ ᠴᠡᠭ ᠤᠨ ᠪᠠᠶᠢᠭᠤᠯᠣᠯᠳᠠ ᠪᠣᠯᠣᠨ ᠡᠭᠦᠷᠭᠡ ᠴᠢᠳᠠᠪᠬᠢ ᠶᠢᠨ ᠣᠶᠢᠯᠠᠳᠣᠯ ᠢᠶᠠᠨ ᠪᠠᠳᠠᠷᠠᠭᠤᠯᠣᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠦᠨᠳᠦᠰᠦᠨ ᠱᠠᠳᠣᠨ ᠤ ᠨᠢᠭᠡᠳᠦᠮᠡᠯ ᠹᠷᠣᠨᠲ ᠤᠨ ᠠᠵᠢᠯ ᠪᠣᠯ ᠨᠢᠭᠡᠳᠦᠮᠡᠯ ᠹᠷᠣᠨᠲ ᠤᠨ ᠠᠵᠢᠯ ᠤᠨ ᠰᠠᠭᠤᠷᠢ ᠪᠣᠯᠣᠨ᠎ᠠ᠂ ᠦᠨᠳᠦᠰᠦᠨ ᠱᠠᠳᠣᠨ ᠤ ᠠᠵᠢᠯ ᠢ ᠣᠯᠠᠮ ᠣᠷᠳᠣᠳᠬᠠᠨ᠂ ᠨᠢᠭᠡᠳᠦᠮᠡᠯ ᠹᠷᠣᠨᠲ ᠤᠨ ᠠᠵᠢᠯ ᠤᠨ ᠬᠦᠷᠢᠶ᠎ᠡ ᠬᠡᠪᠴᠢᠶ᠎ᠡ ᠶᠢ ᠦᠷᠭᠡᠳᠬᠡᠵᠣ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠢᠭᠡᠳᠦᠮᠡᠯ ᠹᠷᠣᠨᠲ ᠤᠨ ᠪᠦᠷᠢᠯᠳᠦᠭᠦᠨ ᠦᠨᠳᠦᠰᠦᠨ ᠱᠠᠳᠣᠨ ᠤ ᠵᠠᠰᠠᠯᠳᠠ ᠳᠤ ᠢᠳᠡᠪᠬᠢᠳᠡᠢ ᠣᠷᠣᠯᠴᠠᠬᠤ ᠶᠢ ᠲᠡᠮᠵᠢᠨ᠂ ᠪᠦᠯᠬᠦᠮᠳᠡᠨ ᠨᠢᠭᠳᠠᠷᠠᠬᠤ ᠬᠡᠷᠡᠭᠳᠡᠢ ᠭᠡᠵᠣ ᠬᠡᠯᠡᠭᠰᠡᠨ ᠪᠠᠶᠢᠨ᠎ᠠ᠃     ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠬᠦᠮᠦᠵᠢᠯ ᠪᠣᠯᠪᠠᠰᠣᠷᠠᠯ ᠤᠨ ᠠᠵᠢᠯ ᠢ ᠬᠡᠷᠬᠢᠨ ᠰᠠᠶᠢᠳᠦᠷ ᠬᠢᠬᠦ ᠲᠣᠬᠠᠢ ᠪᠣᠷᠣᠪᠠᠯᠭᠠᠰᠣ ᠶᠢᠨ ᠦᠨᠳᠦᠰᠦᠳᠡᠨ ᠤ ᠺᠠᠳ᠋ᠷᠴᠣᠳ ᠤᠨ ᠲᠡᠭᠡᠳᠦ ᠰᠣᠷᠭᠠᠭᠤᠯᠢ ᠶᠢᠨ ᠬᠢᠨ ᠲᠠᠢ ᠰᠠᠭᠤᠳᠠᠯ  ᠤᠨ ᠬᠤᠷᠠᠯ ᠬᠤᠷᠠᠯᠳᠣᠪᠠ᠃ ᠪᠦᠷᠢᠨᠴᠢᠮᠡᠩ᠂ ᠪᠣᠷᠣᠪᠠᠯᠭᠠᠰᠣ ᠶᠢᠨ ᠦᠨᠳᠦᠰᠦᠳᠡᠨ ᠤ ᠺᠠᠳ᠋ᠷᠴᠣᠳ ᠤᠨ ᠲᠡᠭᠡᠳᠦ ᠰᠣᠷᠭᠠᠭᠤᠯᠢ ᠺᠠᠳ᠋ᠷᠴᠣᠳ ᠤᠨ ᠪᠣᠯᠪᠠᠰᠣᠷᠠᠯ ᠤᠨ ᠰᠠᠭᠤᠷᠢᠨ ᠪᠣᠯᠣᠭᠰᠠᠨ ᠤ ᠬᠤᠪᠢ ᠳᠤ ᠲᠠᠭᠤᠷᠢᠶᠠᠯ ᠬᠡᠴᠢᠶᠡᠯᠯᠡᠭᠡ ᠬᠢᠬᠦ ᠪᠠᠷ ᠢᠶᠠᠨ ᠵᠢᠭᠠᠨ ᠰᠣᠷᠭᠠᠯᠳᠠ ᠶᠢᠨ ᠠᠷᠭ᠎ᠠ ᠠᠪᠴᠠᠯ ᠢᠶᠠᠨ ᠰᠢᠨᠡᠴᠢᠯᠡᠬᠦ ᠪᠠᠷ ᠲᠠᠮᠵᠢᠭᠤᠯᠣᠨ᠂ ᠰᠢᠨ᠎ᠡ ᠴᠠᠭ ᠦᠶ᠎ᠡ ᠶᠢᠨ ᠣᠯᠣᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠬᠦᠮᠦᠵᠢᠯ ᠪᠣᠯᠪᠠᠰᠣᠷᠠᠯ ᠤᠨ ᠴᠢᠭᠯᠡᠯᠳᠦ ᠴᠢᠨᠠᠷ ᠪᠣᠯᠣᠨ ᠪᠦᠳᠦᠮᠵᠢᠳᠡᠢ ᠴᠢᠨᠠᠷ ᠢᠶᠠᠨ ᠲᠡᠭᠡᠭᠰᠢᠯᠡᠭᠦᠯᠬᠦ ᠶᠢᠨ ᠬᠠᠮᠳᠦ ᠣᠷᠳᠣᠰ ᠬᠤᠳᠠ ᠶᠢᠨ ᠨᠡᠶᠢᠭᠡᠮ ᠵᠢᠷᠣᠮ ᠤᠨ ᠲᠡᠭᠡᠳᠦ ᠰᠣᠷᠭᠠᠭᠤᠯᠢ ᠶᠢᠨ ᠪᠣᠷᠣᠪᠠᠯᠭᠠᠰᠣᠨ ᠳᠠᠬᠢ ᠬᠤᠪᠢᠶᠠᠷᠢ ᠰᠣᠷᠭᠠᠭᠤᠯᠢ ᠶᠢᠨ ᠪᠠᠶᠢᠭᠤᠯᠣᠯᠳᠠ ᠪᠣᠯᠣᠨ ᠣᠷᠳᠣᠰ  ᠤᠨ ᠨᠢᠭᠡᠳᠦᠮᠡᠯ ᠹᠷᠣᠨᠲ ᠤᠨ ᠣᠶᠢᠯᠡᠳᠦᠯᠭᠡ ᠵᠢᠭᠠᠨ ᠰᠣᠷᠭᠠᠯᠳᠠ ᠶᠢᠨ ᠴᠡᠭ ᠤᠨ ᠫᠠᠶᠢᠰᠠ ᠡᠯᠭᠦᠬᠦ ᠠᠵᠢᠯ ᠢ ᠲᠦᠷᠭᠡᠳᠬᠡᠵᠣ᠂ ᠨᠢᠭᠡᠳᠦᠮᠡᠯ ᠹᠷᠣᠨᠲ ᠤᠨ ᠲᠠᠪᠠᠭᠤᠯᠢᠭ ᠢ ᠣᠯᠠᠮ ᠪᠠᠳᠠᠷᠠᠭᠤᠯᠣᠨ᠂ ᠬᠠᠮᠳᠦ ᠶᠢᠨ ᠲᠠᠨᠢᠯᠳᠠ ᠪᠠᠨ ᠨᠢᠭᠳᠠᠷᠠᠭᠤᠯᠬᠤ ᠬᠡᠷᠡᠭᠳᠡᠢ ᠭᠡᠵᠣ ᠬᠡᠯᠡᠭᠰᠡᠨ ᠪᠠᠶᠢᠨ᠎ᠠ᠃     ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠳᠡᠰ ᠤᠨ ᠪᠠᠶᠢᠩᠭᠤ ᠶᠢᠨ ᠶᠠᠪᠣᠳᠠᠯ ᠤᠨ ᠲᠡᠳ᠋ ᠬᠡᠯᠳᠡᠰ ᠤᠨ ᠲᠠᠷᠤᠭ᠎ᠠ ᠴᠢᠶᠣᠣ ᠰᠢᠶᠣᠣ ᠵᠢᠶᠦ᠋ᠨ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ  ᠤᠨ ᠬᠡᠯᠳᠡᠰ ᠤᠨ ᠲᠡᠳ᠋ ᠲᠠᠷᠤᠭ᠎ᠠ ᠳ᠋ᠢᠩ ᠯᠢᠩ᠂ ᠣᠳᠤᠭ ᠤᠨ ᠡᠮᠦᠨᠡᠳᠦ ᠬᠤᠰᠢᠭᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ ᠱᠦᠵᠢ ᠵᠣᠣ ᠱᠤᠸᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠳᠡᠰ ᠤᠨ ᠲᠠᠷᠤᠭ᠎ᠠ ᠮᠡᠷᠭᠡᠨᠵᠠᠶᠠᠭ᠎ᠠ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ ᠶᠢᠣ ᠵᠢᠶᠠᠨ ᠴᠢᠩ ᠨᠠᠷ ᠬᠠᠮᠳᠦ ᠪᠠᠶᠢᠴᠠᠭᠠᠨ ᠰᠣᠳᠣᠯᠵᠣ᠂ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号