ᠬᠤᠰᠢᠭᠤ ᠬᠤᠶᠠᠷ ᠢ ᠬᠦᠷᠢᠶᠡᠯᠡᠬᠦ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠬᠠᠳᠠᠭᠰᠠᠳ ᠤᠨ ᠬᠡᠷᠡᠭ ᠶᠠᠪᠤᠳᠠᠯ ᠤᠨ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/6/10
    6 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠰᠢᠭᠤ ᠬᠤᠶᠠᠷ ᠢ ᠬᠦᠷᠢᠶᠡᠯᠡᠬᠦ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠵᠢᠴᠢ ᠬᠤᠰᠢᠭᠤ ᠨᠠᠮ ᠤᠨ ᠬᠤᠷᠢᠶᠠᠨ  ᠤ ᠴᠡᠷᠢᠭ ᠠᠴᠠ ᠬᠠᠯᠬᠠᠳᠠᠭᠰᠠᠳ ᠤᠨ ᠬᠡᠷᠡᠭ ᠶᠠᠪᠤᠳᠠᠯ ᠤᠨ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠪᠦᠬᠦ ᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠣᠳᠣᠷᠢᠳᠬᠤ ᠳᠣᠭᠤᠶᠢᠯᠠᠩ ᠤᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠴᠡᠷᠢᠭ ᠠᠴᠠ ᠬᠠᠯᠬᠠᠳᠠᠭᠰᠠᠳ ᠤᠨ ᠬᠡᠷᠡᠭ ᠶᠠᠪᠤᠳᠠᠯ ᠤᠨ ᠠᠵᠢᠯ  ᠤᠨ ᠣᠳᠣᠷᠢᠳᠬᠤ ᠳᠣᠭᠤᠶᠢᠯᠠᠩ ᠤᠨ ᠬᠤᠷᠠᠯ ᠤᠨ ᠵᠤᠷᠢᠭ ᠰᠠᠨᠠᠭ᠎ᠠ ᠪᠠ ︽ᠰᠢᠨ᠎ᠡ ᠴᠠᠭ ᠦᠶ᠎ᠡ ᠶᠢᠨ ᠴᠡᠷᠢᠭ ᠢᠶᠠᠨ ᠬᠦᠷᠢᠶᠡᠯᠡᠨ ᠡᠮᠦᠨ᠎ᠡ ᠹᠷᠤᠨᠲ ᠲᠤ ᠲᠤᠰᠠᠯᠠᠬᠤ ᠠᠵᠢᠯ ᠢ ᠴᠢᠩᠭᠠᠳᠬᠠᠬᠤ ᠲᠤᠬᠠᠢ ᠰᠠᠨᠠᠯ︾᠂ ︽︿ᠭᠤᠤᠯᠳᠠᠯᠭᠠᠲᠤ ᠣᠷᠣᠨ ᠪᠦᠰᠡ ᠶᠢᠨ ᠴᠡᠷᠢᠭ ᠢᠶᠠᠨ ᠬᠦᠷᠢᠶᠡᠯᠡᠨ ᠡᠮᠦᠨ᠎ᠡ ᠹᠷᠤᠨᠲ ᠲᠤ ᠲᠤᠰᠠᠯᠠᠬᠤ ᠠᠵᠢᠯ ᠤᠨ ᠵᠤᠬᠢᠴᠠᠭᠤᠯᠤᠯᠲᠠ  ᠶᠢᠨ ᠲᠤᠭᠲᠠᠴᠠ ᠶᠢ ᠪᠠᠶᠢᠭᠤᠯᠬᠤ ᠠᠷᠭ᠎ᠠ ᠠᠪᠴᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠂           ︽︿ᠡᠮᠦᠨ᠎ᠡ ᠹᠷᠤᠨᠲ ᠲᠤ ᠲᠤᠰᠠᠯᠠᠬᠤ ᠭᠤᠤᠯᠳᠠᠯᠭᠠᠲᠤ ᠪᠠᠶᠢᠭᠤᠯᠭ᠎ᠠ ᠨᠢᠭᠡᠴᠡ ᠶᠢ ᠰᠢᠯᠢᠨ ᠰᠣᠩᠭᠤᠬᠤ ᠠᠷᠭ᠎ᠠ ᠠᠪᠴᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠂ ︽︿ᠴᠡᠷᠢᠭ ᠢᠶᠠᠨ ᠬᠦᠷᠢᠶᠡᠯᠡᠨ ᠡᠮᠦᠨ᠎ᠡ ᠹᠷᠤᠨᠲ  ᠲᠤ ᠲᠤᠰᠠᠯᠠᠬᠤ ᠠᠵᠢᠯ ᠤᠨ ᠡᠩᠨᠡᠭᠡ ᠶᠢ ᠪᠠᠶᠢᠭᠤᠯᠬᠤ ᠠᠷᠭ᠎ᠠ ᠠᠪᠴᠠᠯ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠤ᠂ ︽ᠣᠲᠤᠭ ᠤᠨ ᠡᠮᠦᠨᠡᠲᠦ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠤᠨ ᠣᠳᠣᠷᠢᠳᠬᠤ ᠳᠣᠭᠤᠶᠢᠯᠠᠩ ᠤᠨ 2022 ᠣᠨ ᠤ ᠠᠵᠢᠯ ᠤᠨ ᠭᠤᠤᠯᠳᠠᠯᠭ᠎ᠠ︾᠂ ︽ᠣᠲᠤᠭ ᠤᠨ ᠡᠮᠦᠨᠡᠲᠦ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠬᠠᠳᠠᠭᠰᠠᠳ ᠤᠨ ᠬᠡᠷᠡᠭ ᠶᠠᠪᠤᠳᠠᠯ  ᠤᠨ ᠠᠵᠢᠯ ᠤᠨ ᠣᠳᠣᠷᠢᠳᠬᠤ ᠳᠣᠭᠤᠶᠢᠯᠠᠩ ᠤᠨ 2022 ᠣᠨ ᠤ ᠠᠵᠢᠯ ᠤᠨ ᠭᠤᠤᠯᠳᠠᠯᠭ᠎ᠠ︾᠂            ︽ᠣᠲᠤᠭ ᠤᠨ ᠡᠮᠦᠨᠡᠲᠦ ᠬᠤᠰᠢᠭᠤᠨ ᠤ ᠴᠡᠷᠢᠭ ᠠᠴᠠ ᠬᠠᠯᠬᠠᠳᠠᠭᠰᠠᠳ ᠤᠨ ᠬᠡᠷᠡᠭ ᠶᠠᠪᠤᠳᠠᠯ ᠤᠨ ᠠᠵᠢᠯ ᠤᠨ ᠬᠦᠷᠢᠶ᠎ᠡ ᠬᠡᠪᠴᠢᠶᠡᠨ ᠳᠠᠬᠢ ᠨᠤᠴᠢᠲᠠᠢ ᠳᠦᠭᠰᠢᠬᠦᠷᠢ ᠪᠠ ᠵᠠᠬᠢᠳᠠᠯ ᠰᠣᠷᠪᠣᠯᠵᠢᠯᠠᠭ᠎ᠠ ᠶᠢᠨ ᠵᠦᠷᠢᠴᠡᠯ ᠤᠨ ᠠᠰᠠᠭᠤᠳᠠᠯ  ᠢ ᠵᠠᠭᠤᠨ ᠡᠳᠦᠷ ᠲᠤ ᠰᠢᠢᠳᠪᠦᠷᠢᠯᠡᠬᠦ ᠰᠢᠪᠲᠤᠯᠤᠯᠲᠠ ᠶᠢᠨ ᠠᠵᠢᠯᠯᠠᠭᠠᠨ ᠤ ᠲᠦᠰᠦᠯ︾ ᠢ ᠰᠣᠳᠣᠯᠬᠤ ᠶᠢᠨ ᠬᠠᠮᠲᠤ ᠪᠦᠬᠦ ᠬᠤᠰᠢᠭᠤᠨ ᠤ ᠴᠡᠷᠢᠭ ᠠᠴᠠ ᠬᠠᠯᠬᠠᠳᠠᠭᠰᠠᠳ ᠤᠨ ᠬᠡᠷᠡᠭ ᠶᠠᠪᠤᠳᠠᠯ ᠤᠨ ᠠᠵᠢᠯ ᠤᠨ ᠬᠦᠷᠢᠶ᠎ᠡ ᠬᠡᠪᠴᠢᠶᠡᠨ  ᠳᠠᠬᠢ ᠵᠠᠬᠢᠳᠠᠯ ᠰᠣᠷᠪᠣᠯᠵᠢᠯᠠᠭ᠎ᠠ ᠶᠢᠨ ᠵᠦᠷᠢᠴᠡᠯ ᠤᠨ ᠠᠰᠠᠭᠤᠳᠠᠯ ᠢ ᠮᠦᠷᠳᠡᠨ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠣᠨᠣᠰᠪᠠ᠃     ᠬᠤᠷᠠᠯ ᠠᠴᠠ ᠦᠨᠤ ᠵᠢᠯ ᠪᠤᠯ ᠨᠠᠮ ᠤᠨ ᠬᠤᠷᠢᠳᠣᠭᠠᠷ ᠶᠡᠭᠡ ᠬᠤᠷᠠᠯ ᠬᠤᠷᠠᠯᠳᠣᠬᠤ ᠵᠢᠯ ᠪᠤᠯᠤᠨ᠎ᠠ᠂ ᠬᠤᠶᠠᠷ ᠢ ᠬᠦᠷᠢᠶᠡᠯᠡᠬᠦ ᠪᠠ ᠴᠡᠷᠢᠭ ᠠᠴᠠ ᠬᠠᠯᠠᠭᠳᠠᠬᠰᠠᠳ ᠤᠨ ᠠᠵᠢᠯ ᠢ ᠰᠠᠶᠢᠲᠤᠷ ᠬᠢᠬᠦ ᠠᠴᠢ ᠬᠤᠯᠪᠤᠭᠳᠠᠯ᠂ ᠡᠬᠦᠷᠭᠡ ᠬᠠᠷᠢᠭᠤᠴᠠᠯᠭ᠎ᠠ ᠬᠦᠨᠳᠦ ᠴᠢᠬᠤᠯᠠ ᠪᠤᠯᠬᠤᠷ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ  ᠬᠢᠨ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠢ ᠬᠦᠷᠢᠶᠡᠯᠡᠬᠦ ᠪᠠ ᠴᠡᠷᠢᠭ ᠠᠴᠠ ᠬᠠᠯᠠᠭᠳᠠᠭᠰᠠᠳ ᠤᠨ ᠠᠵᠢᠯ  ᠤᠨ ᠴᠢᠬᠤᠯᠠ ᠦᠬᠦᠯᠡᠮᠵᠢ ᠶᠢ ᠬᠦᠨᠵᠡᠭᠡᠢ ᠰᠣᠷᠣᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ  ᠪᠠᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ  ᠤ ᠰᠢᠢᠳᠪᠦᠷᠢᠲᠦ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠨ᠂ ︽ᠬᠤᠶᠠᠷ ᠢ ᠲᠤᠭᠲᠠᠭᠠᠬᠤ︾ ᠶᠢ ᠦᠨᠡᠨᠴᠢ ᠰᠢᠳᠣᠷᠭᠤ  ᠪᠠᠷ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠬᠦ ᠦᠨᠳᠦᠷᠴᠡ ᠠᠴᠠ ᠡᠯ᠎ᠡ ᠲᠦᠷᠦᠯ ᠤᠨ ᠠᠵᠢᠯ ᠢᠶᠠᠨ ᠪᠦᠬᠦ ᠰᠡᠳᠬᠢᠯ ᠪᠦᠬᠦ ᠵᠤᠷᠢᠭ ᠢᠶᠠᠷ ᠰᠠᠶᠢᠲᠤᠷ ᠬᠢᠵᠦ᠂ ᠮᠠᠨ ᠤ ᠬᠤᠰᠢᠭᠤᠨ ᠤ ᠬᠤᠶᠠᠷ ᠢ ᠬᠦᠷᠢᠶᠡᠯᠡᠬᠦ ᠪᠠ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠬᠤᠷᠠᠯ ᠠᠴᠠ ᠬᠤᠶᠠᠷ ᠢ ᠬᠦᠷᠢᠶᠡᠯᠡᠬᠦ ᠴᠣᠭᠴᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠵᠡᠯ ᠰᠠᠨᠠᠭ᠎ᠠ ᠪᠠᠨ ᠨᠢᠭᠡᠳᠬᠡᠨ᠂ ᠦᠵᠡᠯᠲᠡ ᠲᠠᠨᠢᠯᠲᠠ ᠪᠠᠨ ᠳᠡᠭᠡᠭᠰᠢᠯᠡᠬᠦᠯᠵᠦ᠂ ᠴᠣᠭᠴᠠᠯᠠᠯᠲᠠ ᠶᠢᠨ ᠠᠵᠢᠯ ᠤᠨ ᠲᠤᠯᠭᠠᠮ ᠴᠢᠨᠠᠷ ᠪᠠ ᠬᠠᠷᠢᠭᠤᠴᠠᠯᠭᠠᠲᠤ ᠰᠡᠳᠬᠢᠯᠬᠡ ᠪᠠᠨ ᠣᠯᠠᠮ ᠨᠢᠬᠡ ᠠᠯᠬᠤᠮ ᠴᠢᠩᠭᠠᠳᠬᠠᠵᠤ᠂ ᠬᠢᠨᠠᠨ ᠦᠨᠡᠯᠡᠯᠲᠡ ᠶᠢᠨ ᠪᠠᠷᠢᠮᠵᠢᠶ᠎ᠠ᠂ ᠭᠤᠭᠴᠤᠭ᠎ᠠ ᠵᠠᠩᠭᠢᠯᠠᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠠᠵᠢᠯ ᠤᠨ ᠠᠬᠢᠴᠠ ᠪᠠᠨ ᠬᠤᠭᠤᠴᠠᠭᠠᠯᠠᠨ ᠲᠤᠭᠲᠠᠭᠠᠬᠤ ᠪᠠᠷ ᠳᠠᠮᠵᠢᠭᠤᠯᠤᠨ ᠠᠬᠢᠴᠠ ᠠᠬᠢᠭᠤᠯᠤᠯᠲᠠ ᠶᠢ ᠠᠳᠬᠤᠵᠤ᠂ ᠬᠠᠰᠣᠯᠲᠠ ᠬᠠᠮᠢᠶᠠᠷᠤᠯᠲᠠ ᠪᠠᠷ ᠳᠠᠮᠵᠢᠭᠤᠯᠤᠨ ᠨᠠᠶᠢᠲᠠᠪᠤᠷᠢᠵᠢᠭᠤᠯᠤᠯᠲᠠ ᠶᠢ ᠠᠳᠬᠤᠨ᠂ ᠦᠨᠡᠯᠡᠯᠲᠡ ᠶᠢ ᠣᠭᠲᠣᠬᠤ ᠡᠯ᠎ᠡ ᠲᠦᠷᠦᠯ ᠤᠨ ᠠᠵᠢᠯ ᠤᠨ ᠨᠠᠶᠢᠲᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠵᠠᠬᠢᠳᠠᠯ ᠰᠣᠷᠪᠣᠯᠵᠢᠯᠠᠭ᠎ᠠ ᠠᠮᠣᠷ ᠲᠤᠭᠲᠠᠭᠤᠨ ᠤ ᠬᠠᠮᠠᠭᠠᠯᠠᠯᠲᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠭᠤᠤᠯᠯᠠᠬᠤ ᠪᠠᠶᠢᠷᠢᠨ ᠳᠤ ᠲᠠᠯᠪᠢᠨ᠂ ᠭᠤᠤᠯᠳᠠᠯᠭᠠᠲᠤ ᠵᠠᠬᠢᠳᠠᠯ ᠰᠣᠷᠪᠣᠯᠵᠢᠯᠠᠭ᠎ᠠ ᠬᠢᠭᠰᠡᠳ ᠪᠠ ᠴᠡᠷᠢᠭ ᠠᠴᠠ ᠬᠠᠯᠠᠭᠳᠠᠭᠰᠠᠳ ᠤᠨ ᠬᠦᠰᠡᠯ ᠱᠠᠭᠠᠷᠳᠠᠯᠭ᠎ᠠ ᠶᠢᠨ ᠲᠤᠰᠬᠠᠯ ᠢᠶᠠᠷ ᠲᠦᠪᠯᠡᠷᠡᠩᠭᠦᠢ᠂ ᠵᠦᠷᠢᠴᠡᠯ ᠢᠶᠠᠷ ᠳᠣᠪᠣᠶᠢᠮ᠎ᠠ ᠠᠰᠠᠭᠤᠳᠠᠯ ᠢ ᠲᠦᠪᠯᠡᠷᠡᠬᠦᠯᠦᠨ ᠮᠦᠷᠳᠡᠨ ᠪᠠᠶᠢᠴᠠᠭᠠᠵᠤ᠂ ᠳᠦᠷᠦᠯ ᠬᠤᠪᠢᠶᠠᠨ ᠳᠠᠩᠰᠠᠯᠠᠵᠤ ᠰᠢᠢᠳᠪᠦᠷᠢᠯᠡᠨ᠂ ᠴᠡᠷᠢᠭ ᠠᠴᠠ ᠬᠠᠯᠠᠭᠳᠠᠭᠰᠠᠳ ᠤᠨ ᠬᠠᠤᠯᠢ ᠶᠤᠰᠤᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠶᠢ ᠣᠯᠣᠰ ᠲᠦᠷᠦ ᠶᠢᠨ ᠡᠬᠦᠷᠭᠡ ᠪᠤᠯᠭᠠᠵᠤ ᠢᠮᠠᠭᠲᠠ ᠠᠬᠢᠭᠤᠯᠤᠨ᠂ ᠬᠤᠶᠠᠷ ᠢ ᠬᠦᠷᠢᠶᠡᠯᠡᠬᠦ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠭᠤᠶᠢᠪᠢᠰᠢ ᠦᠬᠡᠢ ᠰᠠᠶᠢᠲᠤᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠳᠡᠮᠵᠢᠯᠭᠡ ᠪᠠᠲᠤᠯᠠᠭ᠎ᠠ ᠶᠢᠨ ᠡᠷᠴᠢᠮ ᠢᠶᠠᠨ ᠲᠠᠰᠣᠷᠠᠯᠲᠠ ᠦᠬᠡᠢ ᠴᠢᠩᠭᠠᠳᠬᠠᠨ᠂ ᠡᠷᠦᠬᠡ ᠳᠤ ᠬᠦᠨᠵᠡᠬᠡᠶᠢᠷᠡᠵᠦ ᠪᠣᠯᠭᠤᠭᠠᠨ ᠲᠤᠬᠤᠨᠢᠭᠤᠯᠬᠤ ᠡᠯ᠎ᠡ ᠲᠦᠷᠦᠯ ᠤᠨ ᠠᠵᠢᠯᠯᠠᠭᠠᠨ ᠢ ᠯᠠᠪᠳᠠᠭᠤᠨ ᠪᠠᠲᠤᠲᠠᠢ ᠦᠷᠨᠢᠬᠦᠯᠵᠦ᠂ ᠠᠰᠠᠷᠠᠮᠵᠢ ᠬᠠᠷᠠᠭᠠᠯᠵᠠᠯ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠴᠡᠷᠢᠭ ᠠᠴᠠ ᠬᠠᠯᠠᠭᠳᠠᠭᠰᠠᠳ ᠢ ᠦᠨᠡᠨ ᠬᠦ ᠰᠠᠶᠢᠲᠤᠷ ᠳᠦᠪᠬᠢᠨᠡᠬᠦᠯᠦᠨ ᠪᠠᠲᠤᠯᠠᠵᠤ᠂ ᠲᠡᠳᠡᠨ ᠳᠤ ᠰᠠᠶᠢᠲᠤᠷ ᠦᠢᠯᠡᠴᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠣᠳᠣᠷᠢᠳᠬᠤ ᠪᠠᠭ ᠤᠨ ᠪᠦᠷᠢᠯᠳᠦᠬᠦᠨ ᠨᠠᠷ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠤ ᠷᠦᠩ ᠲᠠᠩ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠲᠤᠳᠢ ᠵᠡᠷᠭᠡ ᠬᠤᠰᠢᠭᠤ ᠣᠳᠣᠷᠢᠳᠣᠯᠭ᠎ᠠ ᠵᠢᠴᠢ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号