ᠶᠠᠩ ᠶᠢᠩ ᠰᠢᠨ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/6/10
    6 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠠᠵᠢᠯ ᠢ ᠪᠠᠶᠢᠴᠠᠭᠠᠨ ᠰᠣᠳᠣᠯᠪᠠ᠃     ᠶᠠᠩ ᠶᠢᠩ ᠰᠢᠨ ᠣᠷᠢᠳ ᠬᠤᠵᠢᠳ ᠣᠯᠠᠭᠠᠨᠮᠦ᠋ᠴᠢᠷ᠂ ᠲᠡᠤᠬᠡ ᠰᠣᠶᠣᠯ ᠤᠨ ᠮᠦᠽᠸᠢ ᠪᠠᠶᠢᠭᠤᠯᠬᠤ ᠰᠣᠩᠭᠤᠯᠲᠠ ᠭᠠᠵᠠᠷ᠂ ᠨᠣᠮ ᠤᠨ ᠰᠠᠩ᠂ ᠰᠣᠶᠣᠯ ᠤᠨ ᠣᠷᠳᠣᠨ᠂ ᠬᠠᠭᠤᠴᠢ ᠰᠣᠳᠣᠯᠭᠠᠨ ᠤ ᠬᠦᠷᠢᠶᠡᠯᠡᠩ᠂ ᠶᠡᠭᠡ ᠲᠤᠯᠤᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠣᠷᠣᠨ ᠵᠡᠷᠭᠡ ᠭᠠᠵᠠᠷ ᠲᠤ ᠬᠦᠷᠴᠦ᠂ ᠣᠯᠠᠭᠠᠨᠮᠦ᠋ᠴᠢᠷ ᠤᠨ ᠲᠤᠭᠯᠠᠭᠴᠢᠳ ᠪᠠ ᠠᠵᠢᠯᠲᠠᠳ ᠤᠨ ᠲᠤᠬᠢᠷᠠᠭᠤᠯᠤᠯᠲᠠ᠂ ᠣᠳᠬ᠎ᠠ ᠣᠷᠠᠯᠢᠭ ᠤᠨ ᠵᠤᠬᠢᠶᠠᠨ ᠪᠦᠲᠦᠬᠡᠯᠲᠡ᠂ ᠲᠡᠤᠬᠡ ᠰᠣᠶᠣᠯ ᠤᠨ ᠮᠦᠽᠸᠢ ᠶᠢᠨ ᠦᠵᠡᠬᠦᠯᠬᠡ ᠶᠢᠨ ᠲᠦᠰᠦᠪᠯᠡᠯ᠂ ᠨᠣᠮ ᠤᠨ ᠰᠠᠩ ᠤᠨ ᠪᠠᠶᠢᠭᠤᠯᠤᠯᠲᠠ ᠡᠵᠡᠩᠨᠡᠯᠲᠡ᠂ ᠰᠣᠳᠣᠯᠭᠠᠨ ᠤ ᠬᠦᠷᠢᠶᠡᠯᠡᠩ ᠤᠨ ᠲᠡᠤᠬᠡ ᠶᠢᠨ ᠳᠣᠷᠠᠰᠬᠠᠯᠲᠤ ᠵᠦᠢᠯ ᠤᠨ ᠬᠠᠳᠠᠭᠠᠯᠠᠯᠲᠠ ᠬᠠᠮᠠᠭᠠᠯᠠᠯᠲᠠ᠂ ᠦᠵᠡᠮᠵᠢ  ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠤᠶᠢᠯᠠᠭᠠᠪᠠ᠃     ᠶᠠᠩ ᠶᠢᠩ ᠰᠢᠨ ᠠᠴᠠ ᠣᠯᠠᠭᠠᠨᠮᠦ᠋ᠴᠢᠷ ᠤᠨ ᠬᠦᠭᠵᠢᠯᠲᠡ ᠶᠢᠨ ᠳᠣᠮᠳᠠ ᠲᠤᠯᠭᠠᠷᠠᠭᠰᠠᠨ ᠬᠦᠴᠢᠷ ᠠᠰᠠᠭᠤᠳᠠᠯ  ᠢ ᠬᠦᠨᠵᠡᠬᠡᠢ ᠰᠣᠳᠣᠯᠣᠨ ᠰᠢᠢᠳᠪᠦᠷᠢᠯᠡᠵᠦ᠂ ᠨᠢᠬᠡ ᠳᠤ ᠮᠡᠷᠭᠡᠰᠢᠵᠦ ᠣᠯᠠᠨ ᠵᠦᠢᠯ ᠳᠤ ᠴᠠᠭᠠᠷᠠᠭᠰᠠᠨ ᠴᠢᠳᠠᠪᠤᠷᠢᠲᠠᠨ  ᠤ ᠬᠦᠮᠦᠵᠢᠬᠦᠯᠦᠯᠲᠡ ᠶᠢ ᠴᠢᠩᠭᠠᠳᠬᠠᠨ᠂ ᠡᠩᠨᠡᠭᠡᠨ ᠤ ᠪᠠᠶᠢᠭᠤᠯᠤᠯᠲᠠ ᠪᠠᠨ ᠲᠠᠰᠣᠷᠠᠯᠲᠠ ᠦᠬᠡᠢ ᠴᠢᠩᠭᠠᠳᠬᠠᠬᠤ ᠬᠡᠷᠡᠭᠲᠡᠢ᠃ ᠲᠡᠣᠬᠡ ᠰᠣᠶᠣᠯ ᠤᠨ ᠠᠭᠤᠯᠤᠭᠳᠠᠬᠤᠨ ᠢ ᠬᠦᠢᠴᠡᠳ ᠠᠭᠤᠲᠠᠯᠠᠵᠤ᠂ ᠲᠡᠤᠬᠡ ᠰᠣᠶᠣᠯ ᠤᠨ ᠮᠦᠽᠸᠢ  ᠶᠢ ᠣᠲᠤᠭ ᠤᠨ ᠡᠮᠦᠨᠡᠲᠦ ᠬᠤᠰᠢᠭᠤᠨ ᠤ ᠲᠡᠤᠬᠡ ᠰᠣᠶᠣᠯ ᠢᠶᠠᠨ ᠲᠠᠨᠢᠯᠴᠠᠭᠤᠯᠬᠤ ᠴᠢᠬᠤᠯᠠ ᠴᠣᠩᠬᠤᠪᠴᠢ ᠪᠤᠯᠭᠠᠨ ᠪᠠᠶᠢᠭᠤᠯᠬᠤ ᠬᠡᠷᠡᠭᠲᠡᠢ᠃ ᠰᠣᠶᠣᠯ ᠤᠨ ᠳᠠᠶᠢᠴᠢᠯᠠᠯᠲᠠ ᠶᠢᠨ ᠦᠢᠯᠡᠳᠦᠯ ᠢᠶᠠᠨ ᠪᠠᠳᠠᠷᠠᠭᠤᠯᠤᠨ᠂ ᠨᠣᠮ ᠤᠨ ᠰᠠᠩ ᠪᠠ ᠰᠣᠶᠣᠯ ᠤᠨ ᠣᠷᠳᠣᠨ ᠵᠡᠷᠭᠡ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠣᠩᠰᠢᠯᠭ᠎ᠠ ᠶᠢᠨ ᠬᠡᠷᠡᠭᠴᠡᠭᠡ ᠶᠢ ᠲᠠᠰᠣᠷᠠᠯᠲᠠ ᠦᠬᠡᠢ ᠬᠠᠩᠭᠠᠨ᠂ ᠰᠢᠨ᠎ᠡ ᠴᠠᠭ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠴᠢᠳᠠᠪᠤᠷᠢ ᠪᠠ ᠬᠢᠷᠢ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠲᠡᠢ᠃ ᠰᠢᠨᠵᠢᠯᠡᠭᠡ ᠮᠡᠷᠭᠡᠵᠢᠯ ᠤᠨ ᠡᠬᠢ ᠰᠣᠷᠪᠣᠯᠵᠢ ᠳᠤ ᠲᠦᠰᠢᠭᠯᠡᠨ ᠲᠡᠣᠬᠡ ᠶᠢᠨ ᠳᠣᠷᠠᠰᠬᠠᠯᠲᠤ ᠵᠦᠢᠯ ᠤᠨ ᠬᠠᠮᠠᠭᠠᠯᠠᠯᠲᠠ ᠪᠠ ᠲᠡᠬᠦᠨ ᠤ ᠦᠯᠢᠭᠡᠷ ᠲᠡᠣᠬᠡ ᠶᠢᠨ ᠠᠭᠤᠲᠠᠯᠠᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠵᠢᠭᠤᠯᠴᠢᠯᠠᠯ ᠤᠨ ᠡᠬᠢ ᠰᠣᠷᠪᠣᠯᠵᠢ ᠡᠳ᠋ ᠬᠦᠷᠦᠩᠭᠡ ᠶᠢᠨ ᠠᠮᠢᠳᠣᠯᠢᠭᠵᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠵᠦ ᠰᠠᠶᠢᠲᠤᠷ ᠠᠳᠬᠤᠨ᠂ ᠣᠲᠤᠭ ᠤᠨ ᠡᠮᠦᠨᠡᠲᠦ ᠬᠤᠰᠢᠭᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠲᠠᠰᠣᠷᠠᠯᠲᠠ ᠦᠬᠡᠢ ᠪᠠᠳᠠᠷᠠᠭᠤᠯᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠣᠷᠬᠢᠯ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号