ᠬᠤᠰᠢᠭᠤ ᠨᠠᠮ ᠤᠨ ᠬᠤᠷᠢᠶᠠᠨ ᠤ ᠣᠯᠣᠰ ᠤᠨ ᠠᠮᠣᠷ ᠲᠦᠪᠰᠢᠨ ᠤ ᠵᠦᠪᠯᠡᠯ ᠤᠨ ᠬᠤᠶᠠᠳᠣᠭᠠᠷ ᠣᠳᠠᠭᠠᠨ  ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/6/10
    6 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶᠠᠨ ᠤ ᠣᠯᠣᠰ ᠤᠨ ᠠᠮᠣᠷ ᠳᠦᠪᠰᠢᠨ ᠤ ᠵᠦᠪᠯᠡᠯ ᠤᠨ ᠬᠤᠶᠠᠳᠣᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠣᠷᠳᠣᠰ ᠬᠤᠲᠠ ᠶᠢᠨ ᠨᠠᠮ ᠤᠨ ᠬᠤᠷᠢᠶᠠᠨ ᠤ ᠣᠯᠣᠰ ᠤᠨ ᠠᠮᠣᠷ ᠳᠦᠪᠰᠢᠨ ᠤ ᠵᠦᠪᠯᠡᠯ ᠤᠨ ᠵᠢᠷᠭᠤᠳᠤᠭᠠᠷ ᠣᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠤ᠂ ︽ᠳᠣᠮᠳᠠᠳᠣ ᠣᠯᠣᠰ ᠤᠨ ᠡᠪ ᠬᠠᠮᠲᠤ ᠨᠠᠮ ᠤᠨ ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠯᠣᠰ ᠤᠨ ᠠᠮᠣᠷ ᠳᠦᠪᠰᠢᠨ ᠤ ᠵᠦᠪᠯᠡᠯ ᠤᠨ 2022 ᠣᠨ ᠤ ᠠᠵᠢᠯ ᠤᠨ ᠲᠤᠬᠢᠷᠠᠭᠤᠯᠤᠯᠲᠠ︾᠂ ︽ᠣᠲᠤᠭ ᠤᠨ ᠡᠮᠦᠨᠡᠲᠦ ᠬᠤᠰᠢᠭᠤᠨ ᠤ ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ ᠣᠯᠣᠰ ᠤᠨ ᠠᠮᠣᠷ ᠳᠦᠪᠰᠢᠨ ᠤ  ᠠᠵᠢᠯ ᠤᠨ ᠵᠤᠬᠢᠴᠠᠭᠤᠯᠤᠯᠲᠠ ᠶᠢᠨ ᠲᠤᠭᠲᠠᠴᠠ︾᠂ ︽ᠣᠲᠤᠭ ᠤᠨ ᠡᠮᠦᠨᠡᠲᠦ ᠬᠤᠰᠢᠭᠤᠨ ᠤ ᠭᠠᠳᠠᠭᠠᠲᠤ ᠳᠠᠬᠢ ᠠᠰᠢᠭ ᠲᠤᠰᠠ ᠶᠢᠨ ᠠᠮᠣᠷ ᠳᠦᠪᠰᠢᠨ ᠤ ᠠᠵᠢᠯ ᠤᠨ ᠵᠤᠬᠢᠴᠠᠭᠤᠯᠤᠯᠲᠠ ᠶᠢᠨ ᠲᠤᠭᠲᠠᠴᠠ︾ ᠶᠢ ᠰᠣᠳᠣᠯᠪᠠ᠃     ᠬᠤᠷᠠᠯ ᠠᠴᠠ ᠣᠯᠣᠰ ᠤᠨ ᠠᠮᠣᠷ ᠳᠦᠪᠰᠢᠨ ᠤ ᠠᠵᠢᠯ ᠢ ᠰᠠᠶᠢᠲᠤᠷ ᠬᠢᠬᠦ ᠠᠴᠢ ᠬᠤᠯᠪᠤᠭᠳᠠᠯ᠂ ᠡᠬᠦᠷᠭᠡ ᠬᠠᠷᠢᠭᠤᠴᠠᠯᠭ᠎ᠠ ᠬᠦᠨᠳᠦ ᠴᠢᠬᠤᠯᠠ ᠪᠤᠯᠬᠤᠷ ᠪᠦᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ  ᠬᠢᠨ ᠣᠯᠣᠰ ᠲᠦᠷᠦ ᠶᠢᠨ ᠵᠤᠭᠰᠣᠴᠠ ᠪᠠᠨ ᠣᠯᠠᠮ ᠨᠢᠬᠡ ᠠᠯᠬᠤᠮ ᠳᠡᠭᠡᠭᠰᠢᠯᠡᠬᠦᠯᠵᠦ᠂ ᠠᠮᠣᠷ ᠳᠦᠪᠰᠢᠨ ᠤ ᠣᠬᠠᠮᠰᠠᠷ ᠢᠶᠠᠨ ᠪᠠᠲᠤ ᠱᠣᠭᠤᠨ᠂ ᠣᠯᠣᠰ ᠤᠨ ᠠᠮᠣᠷ ᠳᠦᠪᠰᠢᠨ ᠢ ᠬᠠᠮᠠᠭᠠᠯᠠᠬᠤ ᠵᠠᠷᠴᠢᠮ ᠢᠶᠠᠨ ᠢᠮᠠᠭᠲᠠ ᠪᠠᠷᠢᠮᠲᠠᠯᠠᠵᠤ᠂ ᠠᠮᠣᠷ ᠳᠦᠪᠰᠢᠨ ᠢᠶᠠᠷ ᠬᠦᠭᠵᠢᠬᠦ ᠶᠢ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ  ᠶᠢᠨ ᠡᠯ᠎ᠡ ᠬᠦᠷᠢᠶ᠎ᠡ ᠴᠠᠷᠠᠭᠠᠨ ᠤ ᠪᠦᠬᠦ ᠶᠠᠪᠤᠴᠠ ᠳᠤ ᠲᠤᠤᠱᠯᠠᠭᠤᠯᠤᠨ᠂ ᠡᠯ᠎ᠡ ᠬᠦᠷᠢᠶ᠎ᠡ ᠴᠠᠷᠠᠭᠠᠨ ᠳᠤ ᠣᠷᠣᠰᠢᠵᠤ ᠪᠠᠶᠢᠭ᠎ᠠ ᠠᠮᠣᠷ ᠳᠦᠪᠰᠢᠨ ᠤ ᠳᠠᠯᠳᠠ ᠬᠡᠮ ᠪᠠ ᠳᠦᠭᠰᠢᠬᠦᠷᠢ ᠶᠢᠨ ᠴᠡᠭ ᠢ ᠪᠦᠬᠦ ᠲᠠᠯ᠎ᠠ ᠪᠠᠷ ᠮᠦᠷᠳᠡᠨ ᠡᠵᠡᠮᠰᠢᠵᠦ᠂ ᠬᠦᠨᠳᠦ ᠨᠣᠴᠢᠲᠠᠢ ᠠᠶᠤᠯ ᠳᠦᠭᠰᠢᠬᠦᠷᠢ ᠶᠢ ᠰᠡᠷᠬᠡᠶᠢᠯᠡᠨ ᠰᠢᠢᠳᠪᠦᠷᠢᠯᠡᠬᠦ ᠡᠯ᠎ᠡ ᠲᠦᠷᠦᠯ ᠤᠨ ᠠᠵᠢᠯ ᠢ ᠡᠷᠴᠢᠮᠲᠠᠢ ᠰᠠᠶᠢᠲᠤᠷ ᠬᠢᠨ᠂ ᠣᠯᠣᠰ ᠤᠨ ᠠᠮᠣᠷ ᠳᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠡᠯ᠎ᠡ ᠬᠦᠷᠢᠶ᠎ᠡ ᠴᠠᠷᠠᠭᠠᠨ ᠤ ᠠᠮᠣᠷ ᠲᠤᠭᠲᠠᠭᠤᠨ ᠢ ᠡᠷᠡᠰ ᠬᠠᠮᠠᠭᠠᠯᠠᠨ᠂ ᠣᠯᠣᠰ ᠤᠨ ᠠᠮᠣᠷ ᠳᠦᠪᠰᠢᠨ ᠳᠤ ᠠᠶᠤᠯ ᠳᠦᠭᠰᠢᠬᠦᠷᠢ ᠣᠴᠠᠷᠠᠭᠤᠯᠬᠤ ᠬᠡᠷᠡᠭ ᠶᠠᠪᠤᠳᠠᠯ ᠢ ᠡᠬᠦᠰᠬᠦ ᠦᠬᠡᠢ ᠪᠠᠶᠢᠬᠤ  ᠶᠢ ᠪᠠᠲᠤᠯᠠᠬᠤ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠣᠯᠣᠰ ᠤᠨ ᠠᠮᠣᠷ ᠳᠦᠪᠰᠢᠨ ᠤ ᠠᠯᠪᠠᠨ ᠭᠡᠷ ᠤᠨ ᠬᠢᠨ ᠲᠤᠯᠤᠭᠠᠶᠢᠯᠠᠭᠴᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠨᠢᠭᠡᠳᠦᠯᠲᠡᠢ ᠵᠤᠬᠢᠴᠠᠭᠤᠯᠤᠯᠲᠠ ᠪᠠ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠠᠵᠢᠯ ᠤᠨ ᠳᠣᠮᠳᠠ ᠣᠷᠣᠰᠢᠵᠦ ᠪᠠᠶᠢᠭ᠎ᠠ ᠭᠤᠤᠯᠳᠠᠯᠭᠠᠲᠤ ᠠᠰᠠᠭᠤᠳᠠᠯ᠂ ᠪᠠᠭᠤᠷᠠᠢ ᠲᠠᠯ᠎ᠠ ᠲᠤᠲᠠᠭᠤᠳᠠᠯ ᠢᠶᠠᠨ ᠴᠠᠭ ᠲᠤᠬᠠᠢ ᠳᠤᠨᠢ ᠰᠣᠳᠣᠯᠣᠨ ᠰᠢᠢᠳᠪᠦᠷᠢᠯᠡᠵᠦ᠂ ᠬᠠᠮᠲᠤᠪᠡᠷ ᠣᠷᠣᠯᠴᠠᠬᠤ᠂ ᠬᠠᠮᠲᠤᠷᠠᠨ ᠠᠵᠢᠯᠯᠠᠬᠤ ᠠᠵᠢᠯ ᠤᠨ ᠪᠠᠶᠢᠳᠠᠯ ᠢ ᠪᠦᠷᠢᠯᠳᠦᠬᠦᠯᠬᠦ ᠬᠡᠷᠡᠭᠲᠡᠢ᠃ ᠣᠯᠣᠰ ᠤᠨ ᠠᠮᠣᠷ ᠳᠦᠪᠰᠢᠨ ᠤ ᠵᠦᠪᠯᠡᠯ ᠤᠨ ᠡᠯ᠎ᠡ ᠪᠦᠷᠢᠯᠳᠦᠬᠦᠨ ᠨᠢᠭᠡᠴᠡ ᠠᠴᠠ ᠣᠯᠣᠰ ᠤᠨ ᠠᠮᠣᠷ ᠳᠦᠪᠰᠢᠨ ᠢ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠬᠦᠷᠭᠡᠯᠡᠨ᠂ ᠲᠤᠰ ᠲᠤᠰ ᠤᠨ ᠬᠠᠷᠢᠭᠤᠴᠠᠯᠭ᠎ᠠ ᠪᠠᠨ ᠬᠦᠢᠴᠡᠳᠬᠡᠬᠦ᠂ ᠨᠢᠭᠲᠠ ᠬᠠᠮᠵᠢᠯᠴᠠᠬᠤ ᠶᠢ ᠪᠠᠷᠢᠮᠲᠠᠯᠠᠵᠤ᠂ ᠭᠤᠤᠯᠳᠠᠯᠭᠠᠲᠤ ᠬᠦᠷᠢᠶ᠎ᠡ ᠬᠡᠪᠴᠢᠶᠡᠨ ᠳᠠᠬᠢ ᠢᠯᠡᠷᠡᠯ ᠤᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠠ ᠠᠶᠤᠯ ᠲᠦᠭᠰᠢᠬᠦᠷᠢ ᠶᠢᠨ ᠳᠠᠯᠳᠠ ᠬᠡᠮ ᠳᠤ ᠠᠩᠬᠠᠷᠤᠯ ᠢᠶᠠᠨ ᠲᠦᠪᠯᠡᠷᠡᠬᠦᠯᠦᠨ᠂ ᠨᠣᠲᠤᠭ ᠳᠡᠪᠢᠰᠬᠡᠷ ᠢᠶᠠᠨ ᠬᠠᠮᠠᠭᠠᠯᠠᠬᠤ ᠡᠬᠦᠷᠬᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠬᠡᠵᠦ᠂ ᠠᠮᠣᠷ ᠲᠤᠭᠲᠠᠭᠤᠨ ᠠᠵᠤ ᠠᠬᠤᠢ ᠶᠢᠨ ᠣᠷᠴᠢᠨ ᠠᠬᠤᠢ᠂ ᠲᠦᠷᠦ ᠳᠦᠪᠰᠢᠨ ᠲᠦᠮᠡᠨ ᠠᠮᠣᠭᠤᠯᠠᠩ ᠨᠠᠶᠢᠬᠡᠮ ᠤᠨ ᠣᠷᠴᠢᠨ ᠠᠬᠤᠢ ᠶᠢ ᠪᠤᠢ ᠪᠣᠯᠭᠠᠨ᠂ ᠪᠤᠲᠠᠲᠤ ᠦᠢᠯᠡ ᠠᠵᠢᠯᠯᠠᠭ᠎ᠠ ᠪᠠᠷ ᠢᠶᠠᠨ ᠨᠠᠮ ᠤᠨ ᠬᠤᠷᠢᠳᠣᠭᠠᠷ ᠶᠡᠭᠡ ᠬᠤᠷᠠᠯ  ᠠᠮᠵᠢᠯᠲᠠᠲᠠᠢ ᠬᠤᠷᠠᠯᠳᠣᠬᠤ ᠶᠢ ᠣᠭᠲᠣᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠣᠳᠣᠷᠢᠳᠬᠤ ᠪᠠᠭ ᠤᠨ ᠪᠦᠷᠢᠯᠳᠦᠬᠦᠨ ᠨᠠᠷ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠤ ᠷᠦᠩ ᠲᠠᠩ᠂ ᠬᠤᠰᠢᠭᠤ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠲᠤᠳᠢ ᠵᠡᠷᠭᠡ ᠬᠤᠰᠢᠭᠤ ᠣᠳᠣᠷᠢᠳᠣᠯᠭ᠎ᠠ ᠵᠢᠴᠢ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号