ᠬᠤᠰᠢᠭᠤ ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ 31 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠣᠳᠣᠷᠢᠳᠬᠤ ᠳᠣᠭᠤᠶᠢᠯᠠᠩ ᠤᠨ 3 ᠣᠳᠠᠭᠠᠨ ᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/6/13
    6 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ 31 ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠣᠳᠣᠷᠢᠳᠬᠤ ᠳᠣᠭᠤᠶᠢᠯᠠᠩ ᠤᠨ 3 ᠣᠳᠠᠭᠠᠨ ᠤ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ 5 ᠰᠠᠷ᠎ᠠ ᠶᠢᠨ 27 ᠤ ᠡᠳᠦᠷ ᠤᠨ ᠨᠠᠮ ᠤᠨ ᠲᠦᠪ ᠬᠤᠷᠢᠶᠠᠨ ᠤ ᠣᠯᠣᠰ ᠲᠦᠷᠦ ᠶᠢᠨ ᠲᠤᠪᠴᠢᠶᠠᠨ ᠤ ᠬᠤᠷᠠᠯ ᠤᠨ ᠵᠤᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ  ᠤ ᠣᠯᠣᠰ ᠲᠦᠷᠦ ᠶᠢᠨ ᠲᠤᠪᠴᠢᠶᠠᠨ ᠤ ᠭᠤᠴᠢ ᠶᠢᠰᠦᠳᠦᠬᠡᠷ ᠣᠳᠠᠭᠠᠨ ᠤ ᠲᠦᠪᠯᠡᠷᠡᠬᠦᠯᠦᠨ ᠰᠣᠷᠣᠯᠴᠠᠯᠭ᠎ᠠ ᠶᠢᠨ ᠬᠤᠷᠠᠯ ᠳᠡᠭᠡᠷᠡᠬᠢ ︽ᠬᠦᠮᠦᠨ ᠪᠠ ᠪᠠᠶᠢᠭᠠᠯᠢ ᠡᠶ᠎ᠡ ᠵᠤᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠴᠢᠷᠮᠠᠶᠢᠨ ᠪᠠᠶᠢᠭᠤᠯᠬᠤ︾᠂ ︽ᠮᠠᠨ ᠤ ᠣᠯᠣᠰ ᠤᠨ ᠬᠦᠭᠵᠢᠯᠲᠡ ᠶᠢ ᠵᠦᠪ ᠣᠨᠣᠪᠴᠢᠲᠠᠢ ᠲᠠᠨᠢᠬᠤ ᠪᠠ ᠡᠵᠡᠮᠰᠢᠬᠦ ᠴᠢᠬᠤᠯᠠ ᠣᠨᠣᠯ ᠪᠠ ᠦᠢᠯᠡᠳᠦᠯᠬᠡ ᠶᠢᠨ ᠠᠰᠠᠭᠤᠳᠠᠯ︾ ᠵᠡᠷᠭᠡ ᠴᠢᠬᠤᠯᠠ ᠶᠠᠷᠢᠶ᠎ᠠ ᠴᠢᠬᠤᠯᠠ ᠦᠬᠦᠯᠡᠯ᠂ ᠳᠣᠮᠳᠠᠳᠣ ᠣᠯᠣᠰ ᠤᠨ ᠬᠡᠣᠬᠡᠳ ᠪᠠᠭᠠᠴᠣᠳ ᠤᠨ ᠲᠦᠪ ᠪᠠᠶᠢᠭᠤᠯᠤᠭᠳᠠᠭᠰᠠᠨ 40 ᠵᠢᠯ ᠤᠨ ᠤᠢ ᠳᠤ ᠵᠤᠷᠢᠭᠤᠯᠤᠭᠰᠠᠨ ᠪᠠᠶᠠᠷ  ᠤᠨ ᠵᠠᠬᠢᠳᠠᠯ ᠤᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠦᠬᠦᠯᠡᠯ ᠤᠨ ᠵᠤᠷᠢᠭ ᠰᠠᠨᠠᠭ᠎ᠠ ᠶᠢ ᠬᠦᠨᠵᠡᠭᠡᠢ ᠰᠣᠷᠣᠯᠴᠠᠨ ᠬᠢᠨᠠᠮᠠᠭᠠᠢ ᠰᠣᠳᠣᠯᠵᠣ᠂ ᠲᠤᠲᠤᠷᠠᠬᠢ ᠵᠤᠷᠢᠭ ᠰᠠᠨᠠᠭᠠᠨ ᠤ ᠮᠦᠨ ᠴᠢᠨᠠᠷ ᠪᠠ ᠭᠤᠤᠯ ᠰᠠᠨᠠᠭ᠎ᠠ ᠶᠢ ᠬᠦᠨᠵᠡᠬᠡᠢ ᠣᠶᠢᠯᠠᠭᠠᠨ᠂ ︽ᠬᠤᠶᠠᠷ ᠢ ᠲᠤᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠬᠡᠵᠢᠬᠦᠯᠬᠦ ᠣᠯᠣᠰ ᠲᠦᠷᠦ ᠶᠢᠨ ᠦᠨᠳᠦᠷᠴᠡ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠰᠢᠨᠲᠠᠷᠠᠰᠢ ᠦᠬᠡᠢ ᠦᠢᠯᠡᠳᠦᠯᠬᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠂ ︽ᠳᠦᠷᠪᠡᠨ ᠣᠷᠣᠨ︾ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠴᠠᠭ ᠦᠶ᠎ᠡ  ᠶᠢᠨ ᠣᠲᠤᠭ ᠤᠨ ᠡᠮᠦᠨᠡᠲᠦ ᠬᠤᠰᠢᠭᠤᠨ ᠤ ᠬᠦᠭᠵᠢᠯᠲᠡ ᠶᠢᠨ ᠰᠢᠨ᠎ᠡ ᠠᠶᠠᠨ ᠢ ᠰᠠᠶᠢᠲᠤᠷ ᠵᠠᠮᠨᠠᠨ᠂ ᠰᠢᠯᠢᠳᠡᠭ ᠪᠦᠲᠦᠮᠵᠢ ᠪᠠᠷ ᠢᠶᠠᠨ ᠨᠠᠮ ᠤᠨ ᠬᠤᠷᠢᠳᠣᠭᠠᠷ ᠶᠡᠭᠡ ᠬᠤᠷᠠᠯ ᠠᠮᠵᠢᠯᠲᠠᠲᠠᠢ ᠬᠤᠷᠠᠯᠳᠣᠬᠤ ᠶᠢ ᠣᠭᠲᠣᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠣᠷᠳᠣᠰ ᠬᠤᠲᠠ ᠳᠤ ᠪᠠᠶᠢᠴᠠᠭᠠᠨ ᠰᠣᠳᠣᠯᠣᠯᠲᠠ ᠬᠢᠬᠦ ᠦᠶᠡᠰ ᠤᠨ ᠵᠢᠭᠠᠪᠤᠷᠢ ᠶᠢᠨ ᠵᠤᠷᠢᠭ ᠰᠠᠨᠠᠭ᠎ᠠ ᠪᠠ ᠬᠤᠯᠪᠤᠭᠳᠠᠯ ᠪᠦᠬᠦᠢ ᠰᠠᠭᠤᠳᠠᠯ ᠤᠨ ᠬᠤᠷᠠᠯ ᠳᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠤᠨ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠣᠶᠢᠯᠠᠭᠠᠵᠤ᠂ ᠴᠢᠨᠠᠷᠯᠢᠭ ᠬᠦᠭᠵᠢᠯᠲᠡ ᠳᠤ ᠠᠩᠬᠠᠷᠤᠯ ᠢᠶᠠᠨ ᠲᠦᠪᠯᠡᠷᠡᠬᠦᠯᠦᠨ᠂ ᠲᠤᠭᠲᠠᠭᠤᠨ ᠢᠶᠠᠷ ᠣᠷᠣᠭᠰᠢᠯᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠡᠬᠦᠷᠭᠡ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠂ ᠦᠵᠡᠯ ᠰᠠᠨᠠᠭ᠎ᠠ ᠪᠠ ᠬᠦᠴᠦᠨ ᠴᠢᠳᠠᠯ ᠢᠶᠠᠨ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠬᠤ᠂ ᠬᠤᠳᠠᠯᠳᠣᠭᠠᠴᠢᠨ ᠣᠷᠢᠵᠦ ᠪᠡᠯᠡ ᠣᠷᠣᠭᠤᠯᠬᠤ᠂ ᠴᠢᠳᠠᠪᠤᠷᠢᠲᠠᠨ ᠪᠠ ᠰᠢᠨᠵᠢᠯᠡᠭᠡ ᠮᠡᠷᠬᠡᠵᠢᠯ ᠤᠨ ᠰᠢᠨᠡᠴᠢᠯᠡᠯᠲᠡ ᠶᠢ ᠴᠢᠩᠭᠠᠳᠬᠠᠬᠤ ᠳᠡᠭᠡᠷ᠎ᠡ ᠲᠦᠪᠯᠡᠷᠡᠬᠦᠯᠵᠦ᠂ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠠᠶᠢᠷᠢᠯᠠᠭᠤᠯᠤᠯᠲᠠ ᠶᠢ ᠣᠲᠤᠭ ᠤᠨ ᠡᠮᠦᠨᠡᠲᠦ ᠬᠤᠰᠢᠭᠤᠨ ᠳᠤ ᠭᠤᠶᠢᠪᠢᠰᠢ ᠦᠬᠡᠢ ᠪᠠᠷ ᠪᠤᠲᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠦᠬᠦ ᠣᠯᠣᠰ᠂ ᠪᠦᠬᠦ ᠣᠷᠣᠨ᠂ ᠪᠦᠬᠦ ᠬᠤᠲᠠ ᠶᠢᠨ ᠠᠵᠤ ᠠᠬᠤᠢ ᠶᠢᠨ ᠶᠡᠭᠡ ᠲᠠᠯ᠎ᠠ ᠶᠢ ᠲᠤᠭᠲᠠᠪᠤᠷᠢᠵᠢᠭᠤᠯᠬᠤ ᠬᠤᠷᠠᠯ ᠤᠨ ᠵᠤᠷᠢᠭ ᠰᠠᠨᠠᠭ᠎ᠠ ᠪᠠ ᠶᠡᠷᠦᠩᠬᠡᠢ ᠰᠠᠶᠢᠳ ᠯᠢ ᠺᠧ ᠴᠢᠶᠠᠩ ᠤᠨ ᠨᠢᠭᠡᠳᠦᠬᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠶᠠᠷᠢᠶᠠᠨ ᠤ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠪᠦᠬᠦ ᠬᠤᠰᠢᠭᠤ ᠪᠠᠷ ᠢᠶᠠᠨ ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠦ᠂ ᠠᠵᠤ ᠠᠬᠤᠢ ᠶᠢ ᠲᠤᠭᠲᠠᠭᠤᠨ ᠪᠠᠶᠢᠯᠭᠠᠨ᠂ ᠠᠮᠣᠷ ᠳᠦᠪᠰᠢᠨ  ᠢᠶᠠᠷ ᠬᠦᠭᠵᠢᠬᠦ︾ ᠶᠡᠷᠦᠩᠬᠡᠢ ᠱᠠᠭᠠᠷᠳᠠᠯᠭ᠎ᠠ ᠶᠤᠰᠤᠭᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ᠂ ᠦᠪᠡᠷᠲᠡᠭᠡᠨ ᠵᠠᠰᠠᠬᠤ ᠤᠷᠤᠨ ᠪᠠ ᠬᠤᠲᠠ ᠶᠢᠨ ᠰᠢᠢᠳᠪᠦᠷᠢᠲᠦ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠢᠳᠡᠭᠡᠯ ᠵᠤᠷᠢᠭ ᠢᠶᠠᠨ ᠣᠯᠠᠮ ᠨᠢᠬᠡ ᠠᠯᠬᠤᠮ ᠬᠦᠪᠴᠢᠯᠡᠨ᠂ ᠲᠤᠭᠲᠠᠯ ᠬᠦᠴᠦᠨ ᠢᠶᠠᠨ ᠪᠠᠷᠢᠮᠲᠠᠯᠠᠵᠤ᠂ ᠬᠢᠨᠠᠮᠠᠭᠠᠢ ᠰᠣᠳᠣᠯᠵᠣ ᠢᠳᠡᠪᠬᠢᠲᠡᠢ ᠪᠠᠷ ᠬᠠᠷᠢᠯᠴᠠᠨ᠂ ᠳᠡᠭᠡᠳᠦ ᠱᠠᠲᠤᠨ ᠤ ᠠᠵᠤ ᠠᠬᠤᠢ ᠶᠢᠨ ᠶᠡᠭᠡ ᠲᠠᠯ᠎ᠠ ᠶᠢ ᠲᠤᠭᠲᠠᠪᠤᠷᠢᠵᠢᠭᠤᠯᠬᠤ ᠰᠢᠷᠢᠰ ᠲᠦᠷᠦ ᠶᠢᠨ ᠪᠤᠳᠤᠯᠭ᠎ᠠ ᠶᠢ ᠪᠦᠬᠦ ᠬᠦᠴᠦᠨ ᠢᠶᠠᠷ ᠣᠯᠵᠣ᠂ ᠲᠦᠷᠦᠯ ᠵᠦᠢᠯ ᠤᠨ ᠪᠠᠶᠢᠭᠤᠯᠤᠯᠲᠠ᠂ ᠬᠤᠳᠠᠯᠳᠣᠭᠠᠴᠢᠨ ᠣᠷᠢᠵᠦ ᠪᠡᠯᠡ ᠣᠷᠣᠭᠤᠯᠬᠤ᠂ ᠬᠡᠷᠡᠭᠯᠡᠬᠡᠨ ᠤ ᠠᠬᠢᠭᠤᠯᠤᠯᠲᠠ᠂ ᠭᠠᠷᠤᠯᠲᠠ ᠪᠠᠨ ᠨᠡᠮᠡᠭᠳᠡᠬᠦᠯᠦᠨ ᠬᠠᠩᠭᠠᠯᠭ᠎ᠠ ᠶᠢ ᠪᠠᠲᠤᠯᠠᠬᠤ ᠵᠡᠷᠭᠡ ᠡᠯ᠎ᠡ ᠲᠦᠷᠦᠯ ᠤᠨ ᠠᠵᠢᠯ ᠢ ᠭᠤᠶᠢᠪᠢᠰᠢ ᠦᠬᠡᠢ ᠪᠠᠷ ᠰᠠᠶᠢᠲᠤᠷ ᠠᠳᠬᠤᠨ᠂ ᠠᠵᠤ ᠠᠬᠤᠶᠢᠯᠠᠯ ᠢ ᠬᠠᠪᠰᠣᠷᠴᠣ ᠬᠦᠴᠢᠷᠳᠡᠯ ᠢ ᠨᠢ ᠰᠢᠢᠳᠪᠦᠷᠢᠯᠡᠬᠦ᠂ ᠠᠵᠢᠯ ᠣᠯᠭᠤᠯᠲᠠ ᠶᠢᠨ ᠲᠤᠭᠲᠠᠪᠤᠷᠢᠵᠢᠭᠤᠯᠤᠯᠲᠠ᠂ ᠠᠷᠠᠳ ᠤᠨ ᠠᠮᠢᠳᠣᠷᠠᠯ ᠤᠨ ᠦᠨᠳᠦᠰᠦᠨ ᠪᠠᠲᠤᠯᠠᠭ᠎ᠠ ᠵᠡᠷᠭᠡ ᠠᠵᠢᠯ ᠢ ᠪᠦᠬᠦ ᠰᠡᠳᠬᠢᠯ ᠪᠦᠬᠦ ᠵᠤᠷᠢᠭ ᠢᠶᠠᠷ ᠰᠠᠶᠢᠲᠤᠷ ᠬᠢᠵᠦ᠂ ᠠᠵᠤ ᠠᠬᠤᠢ ᠶᠢᠨ ᠡᠷᠬᠢᠯᠲᠡ ᠵᠦᠢ ᠵᠤᠬᠢᠰᠲᠠᠢ ᠪᠠᠶᠢᠬᠤ ᠶᠢ ᠪᠠᠲᠤᠯᠠᠨ᠂ ᠪᠦᠬᠦ ᠣᠷᠣᠨ᠂ ᠪᠦᠬᠦ ᠬᠤᠲᠠ ᠶᠢᠨ ᠠᠵᠤ ᠠᠬᠤᠢ ᠶᠢᠨ ᠶᠡᠭᠡ ᠲᠠᠯ᠎ᠠ ᠶᠢ ᠲᠤᠭᠲᠠᠪᠤᠷᠢᠵᠢᠭᠤᠯᠬᠤ ᠳᠤ ᠣᠲᠤᠭ ᠤᠨ ᠡᠮᠦᠨᠡᠲᠦ ᠬᠤᠰᠢᠭᠤᠨ ᠤ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠲᠦᠪ ᠤᠨ ᠠᠮᠢ ᠠᠬᠤᠢ ᠣᠷᠴᠢᠨ ᠬᠠᠮᠠᠭᠠᠯᠠᠯᠲᠠ ᠶᠢᠨ ᠭᠤᠷᠪᠠᠳᠣᠭᠠᠷ ᠬᠢᠨᠠᠨ ᠪᠠᠶᠢᠴᠠᠭᠠᠬᠤ ᠳᠣᠭᠤᠶᠢᠯᠠᠩ ᠤᠨ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠠᠶᠢᠳᠠᠯ ᠢ ᠬᠢᠨᠠᠨ ᠪᠠᠶᠢᠴᠠᠭᠠᠳ ᠬᠠᠷᠢᠭᠤ ᠲᠤᠰᠬᠠᠭᠰᠠᠨ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠣᠨ ᠤ ᠦᠵᠡᠯ ᠰᠠᠨᠠᠭ᠎ᠠ ᠪᠠ ᠶᠡᠷᠦᠩᠬᠡᠢ ᠱᠦᠵᠢ ᠶᠢᠨ ᠦᠪᠦᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠣᠷᠣᠯᠴᠠᠨ ᠲᠤᠤᠱᠯᠠᠭᠤᠯᠵᠤ᠂ ᠰᠠᠨᠠᠭᠠᠴᠢᠯᠠᠭ᠎ᠠ ᠠᠴᠠ  ᠪᠠᠨ ᠪᠦᠬᠦᠨ ᠢ ᠬᠦᠯᠢᠶᠡᠵᠦ ᠠᠪᠤᠨ᠂ ᠴᠡᠭᠴᠡᠯᠡᠯᠲᠡ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠬᠦᠨ ᠤ ᠬᠠᠮᠲᠤ᠂ ᠬᠢᠨᠠᠨ ᠪᠠᠶᠢᠴᠠᠭᠠᠯᠲᠠ ᠶᠢᠨ ᠳᠣᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢᠶᠠᠷ ᠭᠠᠷᠳᠠᠬᠤ ᠴᠡᠭ ᠪᠤᠯᠭᠠᠵᠤ᠂ ᠨᠢᠬᠡ ᠪᠦᠯᠦᠭ ᠠᠯᠣᠰ ᠬᠡᠲᠦ ᠶᠢ ᠪᠤᠳᠤᠯᠬᠢᠯᠠᠭᠰᠠᠨ ᠦᠨᠳᠦᠰᠦᠨ ᠠᠴᠠ ᠨᠢ ᠵᠠᠰᠠᠬᠤ ᠳᠦᠷᠢᠮ ᠲᠤᠭᠲᠠᠭᠠᠯ  ᠢ ᠣᠯᠠᠮ ᠨᠢᠬᠡ ᠠᠯᠬᠤᠮ ᠳᠡᠭᠦᠯᠳᠡᠷᠵᠢᠬᠦᠯᠵᠦ ᠲᠤᠭᠲᠠᠭᠠᠨ᠂ ᠠᠯᠳᠠᠰᠢ ᠲᠤᠲᠠᠭᠤᠳᠠᠯ ᠢ ᠵᠠᠯᠠᠷᠠᠭᠤᠯᠬᠤ᠂ ᠠᠰᠠᠭᠤᠳᠠᠯ  ᠢ ᠨᠢ ᠰᠢᠢᠳᠪᠦᠷᠢᠯᠡᠬᠦ ᠳᠠᠭᠠᠭᠠᠮᠠᠭᠠᠢ ᠲᠤᠭᠲᠠᠴᠠ ᠶᠢ ᠪᠠᠶᠢᠭᠤᠯᠵᠤ᠂ ᠠᠮᠢ ᠠᠬᠤᠢ ᠣᠷᠴᠢᠨ ᠬᠠᠮᠠᠭᠠᠯᠠᠯᠲᠠ ᠶᠢᠨ ᠠᠰᠠᠭᠤᠳᠠᠯ ᠢ ᠡᠬᠦᠰᠦᠯ ᠠᠴᠠ ᠨᠢ ᠰᠢᠢᠳᠪᠦᠷᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠦᠪᠡᠷᠲᠡᠭᠡᠨ ᠵᠠᠰᠠᠬᠤ ᠣᠷᠣᠨ ᠤ ᠣᠳᠣᠷᠢᠳᠣᠯᠭ᠎ᠠ ᠶᠢᠨ ᠲᠦᠷᠦ ᠶᠢᠨ ᠶᠠᠪᠤᠳᠠᠯ ᠤᠨ ᠬᠤᠷᠢᠶᠠᠨ  ᠤ ᠠᠯᠪᠠᠨ ᠲᠢᠩᠬᠢᠮ ᠤᠨ ᠲᠤᠲᠤᠭᠠᠲᠤ ᠪᠠᠶᠢᠳᠠᠯ ᠤᠨ ᠨᠡᠶᠢᠲᠡᠯᠡᠯ ᠤᠨ 304 ᠬᠤᠭᠤᠴᠠᠭᠠᠨ ᠤ ︽ᠳᠡᠳ᠋ ᠶᠡᠷᠦᠩᠬᠡᠢ ᠰᠠᠶᠢᠳ ᠯᠢᠦ ᠡᠾᠧ᠂ ᠲᠦᠷᠦ ᠶᠢᠨ ᠶᠠᠪᠤᠳᠠᠯ ᠤᠨ ᠬᠡᠰᠢᠬᠦᠨ ᠸᠠᠩ ᠶᠦᠩ᠂ ᠵᠤᠤ ᠺᠧ ᡁᠢ ᠤᠨ ᠪᠦᠬᠦ ᠣᠯᠣᠰ ᠤᠨ ᠦᠪᠡᠷ ᠢᠶᠠᠨ ᠪᠠᠷᠢᠭᠰᠠᠨ ᠣᠷᠣᠨ ᠰᠠᠭᠤᠴᠠ ᠶᠢᠨ ᠠᠮᠣᠷ ᠳᠦᠪᠰᠢᠨ ᠤ ᠲᠤᠰᠬᠠᠢ ᠴᠡᠭᠴᠡᠯᠡᠯᠲᠡ ᠶᠢᠨ ᠸᠢᠳᠢᠣ᠋ ᠬᠤᠷᠠᠯ ᠳᠡᠭᠡᠷᠡᠬᠢ ᠶᠠᠷᠢᠶ᠎ᠠ︾ ᠳᠡᠭᠡᠷ᠎ᠡ ᠬᠢᠭᠰᠡᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠲᠦᠪ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠬᠠᠮᠢᠶ᠎ᠠ ᠪᠦᠬᠦᠢ ᠰᠢᠢᠳᠪᠦᠷᠢᠲᠦ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠪᠤᠲᠠᠲᠤ ᠠᠵᠢᠯᠯᠠᠭ᠎ᠠ ᠪᠠᠷ ᠢᠶᠠᠨ ᠪᠠᠶᠢᠴᠠᠭᠠᠯᠲᠠ ᠴᠡᠭᠴᠡᠯᠡᠯᠲᠡ ᠶᠢᠨ ᠠᠵᠢᠯ  ᠢ ᠰᠠᠶᠢᠲᠤᠷ ᠠᠳᠬᠤᠨ᠂ ᠨᠢᠬᠡ ᠡᠷᠦᠬᠡ ᠶᠢ ᠣᠷᠬᠢᠭᠳᠠᠭᠤᠯᠬᠤ ᠦᠬᠡᠢ ᠪᠠᠷ ᠪᠦᠬᠦ ᠲᠠᠯ᠎ᠠ ᠪᠠᠷ ᠴᠡᠭᠴᠡᠯᠡᠨ ᠵᠠᠰᠠᠬᠤ ᠶᠢ ᠦᠨᠡᠨ ᠬᠦ ᠪᠡᠶᠡᠯᠡᠬᠦᠯᠵᠦ᠂ ᠠᠶᠤᠯ ᠤᠨ ᠳᠠᠯᠳᠠ ᠬᠡᠮ ᠢ ᠡᠷᠡᠰ ᠬᠤᠷᠢᠭᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠦᠬᠦ ᠬᠤᠰᠢᠭᠤᠨ ᠤ ᠨᠠᠮ ᠤᠨ ᠲᠤᠲᠤᠭᠠᠲᠤ ᠶᠢᠨ ᠣᠯᠣᠰ ᠲᠦᠷᠦ ᠶᠢᠨ ᠠᠮᠢᠳᠣᠷᠠᠯ ᠤᠨ ᠪᠣᠯᠬᠢᠴᠢᠯᠠᠭᠰᠠᠨ  ᠠᠷᠠᠯᠵᠢᠶᠠᠴᠢᠯᠠᠭᠰᠠᠨ ᠠᠰᠠᠭᠤᠳᠠᠯ ᠢ ᠲᠦᠪᠯᠡᠷᠡᠬᠦᠯᠦᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠣᠨᠣᠰᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠲᠠᠢ ᠦᠷᠬᠦᠯᠵᠢᠯᠡᠨ ᠬᠠᠷᠢᠴᠠᠭᠤᠯᠵᠤ᠂ ᠡᠯ᠎ᠡ ᠲᠦᠷᠦᠯ ᠤᠨ ᠬᠢᠬᠦ ᠴᠢᠬᠤᠯᠠᠲᠠᠢ ᠠᠵᠢᠯ  ᠢᠶᠠᠨ ᠴᠢᠨᠠᠷᠯᠢᠭ ᠪᠡᠶᠡᠯᠡᠬᠦᠯᠵᠦ᠂ ᠦᠪᠡᠷᠲᠡᠭᠡᠨ ᠪᠠᠶᠢᠴᠠᠭᠠᠵᠤ ᠢᠯᠡᠷᠡᠬᠦᠯᠦᠭᠰᠡᠨ ᠠᠰᠠᠭᠤᠳᠠᠯ ᠤᠨ ᠴᠡᠭᠴᠡᠯᠡᠯᠲᠡ ᠶᠢᠨ ᠠᠵᠢᠯ ᠢᠶᠠᠨ ᠭᠤᠤᠯᠳᠠᠯᠭ᠎ᠠ ᠲᠠᠢ ᠰᠠᠶᠢᠲᠤᠷ ᠬᠢᠨ᠂ ᠬᠤᠷᠤᠮᠠᠬᠠᠨ ᠠᠵᠢᠯᠯᠠᠭ᠎ᠠ᠂ ᠶᠤᠰᠤᠨ ᠲᠡᠳᠦᠢ ᠦᠩᠭᠡᠷᠡᠬᠡᠬᠦ ᠦᠵᠡᠭᠳᠡᠯ ᠢ ᠡᠷᠡᠰ ᠳᠡᠪᠴᠢᠵᠦ᠂ ᠲᠦᠪᠯᠡᠷᠡᠬᠦᠯᠦᠨ ᠵᠠᠰᠠᠬᠤ ᠠᠵᠢᠯ ᠢ ᠪᠤᠲᠠᠲᠠᠶᠢᠵᠢᠭᠤᠯᠤᠨ᠂ ᠪᠤᠲᠠᠲᠤ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠬᠦᠯᠦᠯᠲᠡ ᠶᠢ ᠰᠣᠨᠣᠰᠪᠠ᠃ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠵᠢᠶᠡᠳᠡ ᠰᠡᠷᠡᠮᠵᠢ ᠲᠠᠢ ᠪᠠᠶᠢᠬᠤ ᠶᠢ ᠪᠠᠷᠢᠮᠲᠠᠯᠠᠨ᠂ ᠡᠬᠦᠷᠭᠡ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠠᠷᠭ᠎ᠠ ᠠᠪᠴᠠᠯ ᠢᠶᠠᠨ ᠨᠠᠷᠢᠯᠢᠭᠵᠢᠭᠤᠯᠤᠨ᠂ ᠭᠤᠤᠯᠳᠠᠯᠭᠠᠲᠤ ᠭᠤᠭᠴᠤᠭ᠎ᠠ᠂ ᠵᠠᠩᠭᠢᠯᠠᠭ᠎ᠠ ᠶᠢᠨ ᠬᠦᠷᠢᠶ᠎ᠡ ᠬᠡᠪᠴᠢᠶᠡᠨ ᠳᠠᠬᠢ ᠳᠠᠯᠳᠠ ᠬᠡᠮ ᠤᠨ ᠪᠠᠶᠢᠴᠠᠭᠠᠯᠲᠠ ᠶᠢ ᠲᠤᠭᠲᠠᠮᠠᠯ᠂ ᠲᠤᠭᠲᠠᠮᠠᠯ ᠪᠤᠰᠤ ᠬᠤᠭᠤᠴᠠᠭ᠎ᠠ ᠲᠠᠢ ᠪᠠᠷ ᠶᠠᠪᠤᠭᠳᠠᠭᠤᠯᠵᠦ᠂ ᠳᠠᠯᠳᠠ ᠬᠡᠮ ᠪᠦᠬᠦᠨ ᠢ ᠪᠠᠶᠢᠴᠠᠭᠠᠵᠤ ᠲᠤᠲᠤᠷᠬᠠᠶᠢᠯᠠᠨ᠂ ᠪᠦᠬᠦ ᠠᠰᠠᠭᠤᠳᠠᠯ ᠢ ᠲᠦᠢᠯᠪᠣᠷᠢᠲᠡᠢ ᠰᠢᠢᠳᠪᠦᠷᠢᠯᠡᠨ᠂ ᠣᠷᠢᠳᠴᠢᠯᠠᠨ ᠪᠡᠯᠡᠳᠬᠡᠬᠦ᠂ ᠠᠯᠳᠠᠰᠢ ᠭᠠᠷᠭᠠᠬᠤ ᠦᠬᠡᠢ ᠪᠠᠶᠢᠬᠤ ᠶᠢ ᠦᠨᠡᠨ ᠬᠦ ᠪᠡᠶᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠬᠦᠯᠦᠯᠲᠡ ᠶᠢ ᠰᠣᠨᠣᠰᠪᠠ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠦᠴᠢᠷ ᠤᠨ ᠬᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠪᠤᠳᠣᠯᠢᠶᠠᠨᠲᠠᠢ ᠴᠢᠨᠠᠷ᠂ ᠬᠦᠨᠳᠦ ᠨᠣᠴᠢᠲᠦ ᠴᠢᠨᠠᠷ᠂ ᠣᠷᠲᠣ ᠬᠤᠭᠤᠴᠠᠭᠠᠨ ᠤ ᠰᠢᠨᠵᠢ ᠶᠢ ᠬᠦᠨᠵᠡᠬᠡᠢ ᠲᠠᠨᠢᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠠᠷᠴᠢᠮ ᠢ ᠢᠮᠠᠭᠲᠠ ᠪᠠᠷᠢᠮᠲᠠᠯᠠᠨ᠂ ᠮᠢᠨᠴᠦᠬᠦᠷᠡᠬᠦ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠳᠡᠪᠴᠢᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠪᠤᠲᠠᠲᠠᠶᠢᠵᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠠᠰᠠ ᠪᠦᠬᠦ ᠬᠤᠰᠢᠭᠤᠨ ᠤ ᠨᠠᠮ ᠤᠨ ᠲᠤᠲᠤᠭᠠᠲᠤ ᠶᠢᠨ ᠬᠠᠤᠯᠢ ᠳᠦᠷᠢᠮ ᠤᠨ ᠠᠵᠢᠯ᠂ ᠸᠢᠴᠠᠲ ᠢᠶᠠᠷ ᠨᠢᠭᠤᠴᠠ  ᠵᠠᠳᠠᠷᠠᠬᠤ ᠶᠢ ᠰᠡᠷᠬᠡᠶᠢᠯᠡᠬᠦ ᠲᠤᠰᠬᠠᠢ ᠴᠡᠭᠴᠡᠯᠡᠯᠲᠡ᠂ 2021 ᠣᠨ ᠤ ᠬᠤᠲᠠ ᠠᠴᠠ ᠬᠤᠰᠢᠭᠤᠨ ᠳᠤ ᠬᠠᠨᠳᠣᠭᠤᠯᠣᠭᠰᠠᠨ ᠬᠢᠨᠠᠨ ᠰᠢᠯᠭᠠᠯᠲᠠ ᠵᠢᠴᠢ ᠣᠷᠣᠰᠢᠵᠦ ᠪᠠᠶᠢᠭ᠎ᠠ ᠠᠰᠠᠭᠤᠳᠠᠯ᠂ 2021 ᠣᠨ ᠤ ︽ᠲᠠᠪᠤ ᠶᠢ ᠢᠵᠢ ᠴᠣᠭᠴᠠᠵᠢᠭᠤᠯᠤᠭᠰᠠᠨ︾ ᠶᠡᠷᠦᠩᠬᠡᠶᠢᠯᠡᠭᠰᠡᠨ ᠬᠢᠨᠠᠨ ᠰᠢᠯᠭᠠᠯᠲᠠ ᠦᠨᠡᠯᠡᠯᠲᠡ ᠶᠢᠨ ᠪᠦᠲᠦᠮᠵᠢ ᠪᠠ 2022 ᠣᠨ ᠤ ᠪᠦᠬᠦ ᠬᠤᠰᠢᠭᠤᠨ ᠤ ᠪᠦᠲᠦᠮᠵᠢ ᠶᠢᠨ ᠬᠢᠨᠠᠨ ᠰᠢᠯᠭᠠᠯᠲᠠ ᠶᠢᠨ ᠬᠦᠢᠴᠡᠳᠬᠡᠯ ᠲᠤᠭᠠᠨ ᠤ ᠰᠢᠰᠲ᠋ᠧᠮ ᠵᠡᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠣᠳᠣᠷᠢᠳᠬᠤ ᠪᠠᠭ ᠤᠨ ᠪᠦᠷᠢᠯᠳᠦᠬᠦᠨ ᠨᠠᠷ ᠬᠤᠷᠠᠯ ᠳᠤ ᠣᠷᠣᠯᠴᠠᠪᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠤ ᠷᠦᠩ ᠲᠠᠩ᠂ ᠬᠤᠰᠢᠭᠤ ᠣᠯᠣᠰ ᠲᠦᠷᠦ ᠶᠢᠨ ᠵᠦᠪᠯᠡᠯᠬᠡᠨ ᠤ ᠲᠡᠷᠢᠬᠦᠯᠡᠭᠴᠢ ᠲᠤᠳᠢ ᠵᠡᠷᠭᠡ ᠬᠤᠰᠢᠭᠤ ᠣᠳᠣᠷᠢᠳᠣᠯᠭ᠎ᠠ ᠵᠢᠴᠢ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠰᠣᠯᠠ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号