ᠶᠠᠩ ᠶᠢᠩ ᠰᠢᠨ ᠬᠤᠰᠢᠭᠤ ᠠᠷᠠᠤᠨ ᠤᠨ ᠵᠠᠰᠠᠭ ᠤᠨ ᠤᠷᠳᠤᠨ ᠤ 2022 ᠤᠨ ᠤ 7 ᠳ᠋ᠤᠭᠠᠷ ᠤᠳᠠᠭᠠᠨ  ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/14
    6 ᠰᠠᠷ᠎ᠠ ᠶᠢᠨ 9 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠠᠷᠠᠤᠨ ᠤᠨ ᠵᠠᠰᠠᠭ ᠤᠨ ᠤᠷᠳᠤᠨ ᠤ 2022 ᠤᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠨᠠᠮ ᠤᠨ ᠤᠳᠤᠷᠢᠤᠨᠬᠤ ᠳᠤᠭᠤᠶᠢᠯᠠᠩ ᠤᠨ ᠪᠦᠷᠢᠯᠳᠤᠬᠦᠨ᠂ ᠪᠠᠭ ᠤᠨ ᠪᠦᠷᠢᠯᠳᠤᠬᠦᠨ ᠵᠢᠴᠢ ᠵᠠᠰᠠᠭ ᠤᠨ ᠤᠷᠳᠤᠨ ᠤ ᠠᠯᠪᠠᠨ ᠬᠡᠷ ᠤᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃     ᠬᠤᠷᠠᠯ ᠠᠴᠠ ᠶᠡᠷᠤᠩᠬᠡᠢ ᠰᠠᠶᠢᠤᠨ ᠯᠢ ᠺᠧ ᠴᠢᠶᠠᠩ ᠤᠨ ᠨᠢᠬᠡᠳᠤᠬᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠪᠠ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠠᠶᠢᠳᠤᠷ ᠬᠢᠬᠦ ᠳᠤᠬᠠᠢ ᠶᠠᠷᠢᠶᠠᠨ ᠤ ᠵᠤᠷᠢᠭ ᠰᠠᠨᠠᠭ᠎ᠠ ᠪᠠ ᠪᠦᠬᠦ ᠤᠯᠤᠰ᠂ ᠪᠦᠬᠦ ᠤᠷᠤᠨ᠂ ᠪᠦᠬᠦ ᠬᠤᠳᠠ ᠶᠢᠨ ᠠᠵᠤ ᠠᠬᠤᠢ ᠶᠢᠨ ᠶᠡᠭᠡ ᠳᠠᠯ᠎ᠠ ᠶᠢ ᠳᠤᠭᠳᠠᠪᠤᠷᠢᠵᠢᠭᠤᠯᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 1 — 5 ᠳ᠋ᠤᠭᠠᠷ ᠰᠠᠷ᠎ᠠ ᠵᠢᠴᠢ ᠳᠡᠬᠡᠳᠤ ᠬᠠᠭᠠᠰ ᠵᠢᠯ ᠤᠨ ᠠᠵᠤ ᠠᠬᠤᠢ ᠶᠢᠨ ᠡᠷᠬᠢᠯᠳᠠ ᠶᠢᠨ ᠵᠢᠱᠢᠯᠳᠠ ᠵᠠᠳᠠᠯᠤᠯᠳᠠ ᠶᠢᠨ ᠪᠠᠶᠢᠳᠠᠯ᠂ ᠠᠶᠤᠯᠬᠦᠢ ᠤᠶᠢᠯᠡᠤᠨᠪᠤᠷᠢᠯᠡᠯ ᠤᠨ ᠪᠠᠶᠢᠴᠠᠭᠠᠯᠳᠠ ᠶᠢᠨ ᠠᠵᠢᠯ ᠤᠨ ᠬᠠᠷᠢᠭᠤ ᠮᠡᠳᠡᠬᠦᠯᠤᠯᠳᠠ ᠶᠢ ᠰᠤᠨᠤᠰᠪᠠ᠃ ᠲᠦᠷᠤ ᠶᠢᠨ ᠪᠤᠳᠤᠯᠭ᠎ᠠ ᠶᠢᠨ ᠳᠤᠬᠢᠶᠠᠯ ᠢ ᠬᠢᠨᠠᠮᠠᠭᠠᠢ ᠰᠤᠳᠤᠯᠤᠨ ᠡᠵᠡᠮᠳᠡᠵᠤ᠂ ᠨᠢᠬᠡ ᠪᠦᠯᠦᠭ ᠪᠡᠯᠡ ᠤᠷᠤᠭᠤᠯᠤᠯᠳᠠ ᠶᠢᠨ ᠬᠠᠨᠳᠤᠰᠢ ᠲᠠᠢ᠂ ᠠᠰᠢᠭ ᠤᠷᠤᠯᠭ᠎ᠠ ᠲᠠᠢ ᠲᠦᠷᠤᠯ ᠵᠦᠢᠯ ᠢ ᠤᠯᠠᠨ ᠬᠠᠷᠠᠭᠠᠰᠤ ᠠᠴᠠ ᠪᠦᠬᠦ ᠳᠠᠯ᠎ᠠ ᠪᠠᠷ ᠠᠭᠤᠳᠠᠯᠠᠬᠤ ᠪᠠ ᠨᠦᠬᠡᠴᠡᠯᠡᠬᠦ ᠬᠡᠷᠡᠭᠳᠠᠢ᠃ ᠰᠠᠨᠠᠭᠠᠴᠢᠯᠠᠭ᠎ᠠ ᠲᠠᠢ ᠤᠷᠢᠤᠨᠴᠢᠯᠠᠨ ᠤᠶᠢᠯᠡᠴᠢᠯᠡᠵᠤ᠂ ᠠᠷᠠᠯᠵᠢᠶ᠎ᠠ ᠡᠵᠡᠩᠨᠡᠯᠳᠠ ᠶᠢᠨ ᠤᠷᠴᠢᠨ ᠢ ᠰᠢᠯᠢᠳᠡᠭᠵᠢᠬᠦᠯᠤᠨ᠂ ᠠᠵᠤ ᠠᠬᠤᠶᠢᠯᠠᠯ ᠤᠨ ᠤᠶᠢᠯᠡᠤᠨᠪᠤᠷᠢᠯᠡᠯ ᠡᠵᠡᠩᠨᠡᠯᠳᠠ  ᠶᠢᠨ ᠠᠮᠢᠳᠤᠯᠢᠭ ᠬᠦᠴᠤᠨ ᠢ ᠴᠢᠩᠭᠠᠤᠨᠬᠠᠬᠤ ᠬᠡᠷᠡᠭᠳᠠᠢ᠃ ᠠᠬᠢᠯᠳᠠ ᠶᠢ ᠠᠩᠬᠠᠷᠤᠨ ᠬᠠᠷᠠᠯᠳᠠ ᠪᠠᠨ ᠪᠠᠳᠤᠯᠠᠵᠤ ᠨᠢᠬᠡᠳᠤᠯᠳᠠᠢ ᠲᠦᠯᠤᠪᠵᠢᠬᠦᠯᠤᠨ ᠳᠤᠬᠢᠷᠠᠭᠤᠯᠬᠤ ᠶᠢ ᠴᠢᠩᠭᠠᠤᠨᠬᠠᠨ᠂ ᠲᠦᠷᠤᠯ ᠵᠦᠢᠯ ᠤᠨ ᠡᠮᠤᠨ᠎ᠡ ᠬᠤᠶᠢᠨᠠᠬᠢ ᠬᠡᠯᠬᠢᠶᠡᠵᠢᠯ ᠪᠠ ᠵᠠᠩᠬᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠦᠪᠯᠡᠷᠡᠬᠦᠯᠵᠤ᠂ ᠪᠦᠷᠢᠤᠨᠬᠡᠵᠤ ᠵᠠᠳᠠᠯᠬᠤ᠂ ᠬᠢᠨᠠᠨ ᠪᠠᠶᠢᠴᠠᠭᠠᠵᠤ ᠤᠷᠢᠤᠨᠴᠢᠯᠡᠨ  ᠰᠡᠷᠡᠮᠵᠢᠯᠡᠬᠦᠯᠬᠦ ᠶᠢ ᠴᠢᠩᠭᠠᠤᠨᠬᠤ ᠬᠡᠷᠡᠭᠳᠠᠢ᠃ ᠲᠦᠷᠤᠯ ᠵᠦᠢᠯ ᠤᠨ ᠪᠠᠶᠢᠭᠤᠯᠤᠯᠳᠠ ᠶᠢ ᠴᠢᠩᠭ᠎ᠠ ᠠᠤᠨᠬᠤᠨ᠂ ᠡᠨᠧᠷᠬᠢ ᠶᠢᠨ ᠬᠠᠩᠭᠠᠯᠭ᠎ᠠ ᠶᠢ ᠪᠠᠳᠤᠯᠠᠵᠤ᠂ ᠠᠮᠤᠷ ᠲᠦᠪᠰᠢᠨ ᠢ  ᠪᠠᠳᠤᠯᠠᠭᠰᠡᠨ ᠰᠠᠭᠤᠷᠢᠨ ᠳᠡᠬᠡᠷ᠎ᠡ ᠠᠵᠤ ᠤᠶᠢᠯᠡᠤᠨᠪᠤᠷᠢ ᠶᠢᠨ ᠤᠶᠢᠯᠡᠤᠨᠪᠤᠷᠢᠯᠡᠯ ᠤᠨ ᠴᠢᠳᠠᠪᠬᠢ ᠶᠢ ᠲᠦᠷᠬᠡᠤᠨᠬᠡᠨ ᠪᠠᠳᠠᠷᠠᠭᠤᠯᠬᠤ ᠬᠡᠷᠡᠭᠳᠠᠢ᠃ ᠠᠷᠠᠤᠨ ᠤᠨ ᠠᠮᠢᠳᠤᠷᠠᠯ ᠤᠨ ᠬᠢᠵᠠᠭᠠᠷ ᠱᠤᠭᠤᠮ ᠢ ᠪᠠᠳᠤᠯᠠᠨ᠂ ᠵᠠᠬ᠎ᠠ ᠳᠡᠯᠬᠡᠬᠦᠷ ᠤᠨ ᠬᠡᠷᠡᠭᠯᠡᠭᠡ ᠶᠢ ᠠᠬᠢᠭᠤᠯᠵᠤ᠂ ᠬᠦᠴᠢᠷᠳᠠᠯ ᠲᠠᠢ ᠤᠯᠠᠨ ᠲᠦᠮᠡᠨ ᠤ ᠦᠨᠳᠤᠰᠤᠨ ᠵᠦᠢᠯ ᠢ ᠪᠠᠳᠤᠯᠠᠬᠤ ᠵᠢᠴᠢ ᠤᠰᠤ ᠴᠠᠬᠢᠯᠭᠠᠨ ᠬᠡᠢ ᠳᠤᠯᠠᠭᠠᠯᠠᠮᠵᠢ ᠵᠡᠷᠬᠡ ᠵᠦᠢᠯ ᠤᠨ ᠪᠠᠳᠤᠯᠠᠭ᠎ᠠ ᠶᠢ ᠴᠢᠩᠭᠠᠤᠨᠬᠠᠬᠤ ᠬᠡᠷᠡᠭᠳᠠᠢ᠃ ᠬᠢᠵᠢᠭ ᠤᠨ ᠪᠠᠶᠢᠳᠠᠯ  ᠤᠨ ᠰᠡᠷᠬᠡᠶᠢᠯᠡᠯ ᠡᠵᠡᠮᠳᠡᠯ᠂ ᠨᠡᠬᠦᠷᠡᠰᠤᠨ ᠠᠭᠤᠷᠬᠠᠢ ᠵᠢᠴᠢ ᠨᠡᠬᠦᠷᠡᠰᠤᠨ ᠪᠤᠰᠤ ᠠᠭᠤᠷᠬᠠᠢ ᠶᠢᠨ ᠬᠠᠮᠢᠶᠠᠷᠤᠯᠳᠠ᠂ ᠠᠶᠤᠯᠬᠦᠢ ᠤᠶᠢᠯᠡᠤᠨᠪᠤᠷᠢᠯᠡᠯ ᠤᠨ ᠬᠡᠮ ᠰᠤᠭᠤᠭ ᠤᠨ ᠪᠠᠶᠢᠴᠠᠭᠠᠯᠳᠠ ᠴᠡᠭᠴᠡᠯᠡᠯᠳᠠ᠂ ᠭᠠᠩ ᠬᠠᠭᠰᠠᠷᠭᠠᠨ ᠭᠠᠮᠰᠢᠭ  ᠤᠨ ᠪᠠᠭᠠᠰᠬᠠᠯᠳᠠ᠂ ᠵᠠᠬᠢᠳᠠᠯ ᠰᠤᠷᠪᠤᠯᠵᠢᠯᠠᠭ᠎ᠠ ᠶᠢᠨ ᠠᠮᠤᠷ ᠳᠤᠭᠳᠠᠭᠤᠨ ᠵᠡᠷᠬᠡ ᠠᠵᠢᠯ ᠢ ᠨᠢᠬᠡᠳᠤᠯᠳᠠᠢ ᠲᠦᠯᠤᠪᠯᠡᠨ ᠰᠠᠶᠢᠳᠤᠷ ᠬᠢᠵᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠳᠤᠭᠳᠠᠭᠤᠨ ᠢ ᠪᠠᠳᠤᠯᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠨᠡᠬᠡᠬᠡᠯᠳᠠ ᠶᠢᠨ ᠤᠷᠤᠨ ᠤ ᠬᠡᠷᠡᠭ ᠤᠨ ᠵᠠᠯᠠᠷᠠᠭᠤᠯᠤᠯᠳᠠ ᠶᠢᠨ ᠠᠬᠢᠭᠤᠯᠤᠯᠳᠠ᠂ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠪᠠᠶᠢᠴᠠᠭᠠᠯᠳᠠ ᠶᠢᠨ ᠬᠠᠷᠢᠭᠤ ᠳᠤᠰᠬᠠᠭᠰᠡᠨ ᠠᠰᠠᠭᠤᠳᠠᠯ ᠤᠨ ᠴᠡᠭᠴᠡᠯᠡᠯᠳᠠ᠂ ᠤᠢ ᠰᠢᠭᠤᠢ ᠨᠤᠳᠤᠭ ᠪᠡᠯᠴᠢᠬᠡᠷ ᠤᠨ ᠳᠤᠰᠬᠠᠢ ᠴᠡᠭᠴᠡᠯᠡᠯᠳᠠ᠂ ᠲᠦᠪ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢᠨ ᠳᠤᠭᠤᠶᠢᠯᠠᠩ ᠤᠨ ᠰᠢᠯᠵᠢᠬᠦᠯᠤᠨ ᠳᠤᠰᠢᠶᠠᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠬᠦᠢᠴᠡᠤᠨᠬᠡᠭᠰᠡᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠪᠠ᠃ ᠳᠤᠰᠬᠠᠢ ᠠᠩᠬᠢ ᠪᠠᠨ ᠳᠠᠷᠬᠠᠭᠠᠬᠤ ᠦᠬᠡᠢ ᠪᠠᠷ᠂ ᠬᠦᠴᠤᠯᠡᠴᠠ ᠪᠠᠨ ᠪᠠᠭᠤᠷᠠᠭᠤᠯᠬᠤ ᠦᠬᠡᠢ ᠪᠠᠷ᠂ ᠳᠤᠬᠢᠷᠠᠭᠤᠯᠤᠯᠳᠠ ᠪᠠᠨ ᠵᠤᠭᠰᠤᠭᠠᠬᠤ ᠦᠬᠡᠢ ᠪᠠᠷ ᠤᠯᠠᠨ ᠠᠷᠭ᠎ᠠ ᠠᠪᠴᠠᠯ ᠢ ᠵᠡᠷᠬᠡᠪᠡᠷ ᠬᠡᠷᠡᠭᠯᠡᠨ᠂ ᠡᠯ᠎ᠡ ᠲᠦᠷᠤᠯ  ᠤᠨ ᠳᠤᠰᠬᠠᠢ ᠴᠡᠭᠴᠡᠯᠡᠯᠳᠠ ᠶᠢᠨ ᠠᠵᠢᠯ ᠢ ᠭᠠᠷᠠᠭ ᠪᠦᠷᠢ ᠳᠤ ᠠᠬᠢᠯᠳᠠ ᠲᠠᠢ  ᠪᠠᠶᠢᠯᠭᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃ ᠬᠤᠷᠠᠯ ᠠᠴᠠ ︽ᠤᠳᠤᠭ ᠤᠨ ᠡᠮᠤᠨᠡᠳᠤ ᠬᠤᠰᠢᠭᠤᠨ ᠤ ᠳᠠᠷᠬᠠᠢ ᠬᠡᠯᠪᠡᠷᠢ ᠶᠢᠨ ᠰᠠᠯᠬᠢᠨ ᠬᠦᠴᠤᠨ᠂ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠤᠯ ᠵᠦᠢᠯ ᠢ ᠤᠷᠢᠳᠠᠪᠠᠷ ᠬᠡᠷᠡᠭᠵᠢᠬᠦᠯᠬᠦ ᠲᠦᠰᠤᠯ︾᠂ ᠤᠳᠤᠭ ᠤᠨ ᠡᠮᠤᠨᠡᠳᠤ ᠬᠤᠰᠢᠭᠤᠨ ᠤ ᠤᠯᠵᠠᠴᠢ ᠪᠠᠯᠭᠠᠰᠤ ᠶᠢᠨ ᠭᠠᠵᠠᠷ ᠳᠤᠤᠷᠠᠬᠢ ᠤᠰᠤᠨ ᠤ ᠬᠡᠳᠤ ᠬᠡᠷᠡᠭᠯᠡᠯᠳᠠ ︵ᠤᠰᠤᠨ ᠠᠮᠢ ᠠᠬᠤᠢ︾ ᠶᠢᠨ ᠶᠡᠷᠤᠩᠬᠡᠢ ᠵᠠᠰᠠᠯᠳᠠ ᠶᠢᠨ ᠢᠨᠵᠧᠨᠧᠷᠢᠩ ᠤᠨ ᠬᠡᠷᠡᠭᠵᠢᠬᠦᠯᠤᠯᠳᠠ ᠶᠢ ᠰᠤᠳᠤᠯᠤᠨ ᠶᠠᠷᠢᠯᠴᠠᠪᠠ᠃ ᠠᠵᠢᠯ ᠤᠨ ᠠᠬᠢᠴᠠ ᠪᠠᠨ ᠲᠦᠷᠬᠡᠤᠨᠬᠡᠨ᠂ ᠰᠢᠯᠢᠳᠡᠭ ᠢ ᠨᠢ ᠰᠤᠩᠭᠤᠨ ᠪᠤᠳᠠᠳᠤ ᠪᠦᠳᠤᠮᠵᠢ ᠶᠢ ᠴᠢᠬᠤᠯᠠᠴᠢᠯᠠᠵᠤ᠂ ᠮᠠᠨ ᠤ ᠬᠤᠰᠢᠭᠤᠨ ᠤ ᠡᠯᠪᠡᠭ ᠪᠠᠶᠠᠯᠢᠭ ᠰᠠᠯᠬᠢᠨ ᠡᠨᠧᠷᠬᠢ ᠨᠠᠷᠠᠨ ᠡᠨᠧᠷᠬᠢ ᠶᠢᠨ ᠡᠬᠢ ᠪᠠᠶᠠᠯᠢᠭ ᠢ ᠪᠦᠬᠦ ᠬᠦᠴᠤᠨ ᠢᠶᠠᠷ ᠴᠢᠷᠮᠠᠶᠢᠨ ᠠᠷᠠᠤᠨ ᠢ ᠪᠠᠶᠠᠵᠢᠭᠤᠯᠬᠤ ᠪᠤᠳᠠᠳᠤ ᠪᠡᠯᠡ ᠮᠦᠩᠬᠦ ᠪᠤᠯᠭᠠᠨ ᠬᠤᠪᠢᠷᠠᠭᠤᠯᠬᠤ ᠬᠡᠷᠡᠭᠳᠠᠢ᠃ ᠳᠡᠬᠡᠳᠤ ᠱᠠᠳᠤᠨ ᠤ ᠲᠦᠷᠤ ᠶᠢᠨ ᠪᠤᠳᠤᠯᠭ᠎ᠠ ᠶᠢ ᠡᠮᠬᠢᠯᠡᠨ᠂ ᠢᠳᠡᠪᠬᠢᠳᠠᠢ ᠪᠠᠷ ᠪᠡᠯᠡ ᠮᠦᠩᠬᠦ ᠤᠯᠵᠤ᠂ ᠡᠮᠤᠨᠡᠬᠢ ᠬᠤᠭᠤᠴᠠᠭᠠᠨ ᠤ ᠡᠯ᠎ᠡ ᠲᠦᠷᠤᠯ ᠤᠨ ᠭᠠᠷ ᠬᠦᠢᠴᠡᠤᠨᠬᠡᠯ ᠢ ᠲᠦᠷᠬᠡᠤᠨᠬᠡᠬᠦ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠤᠳᠤᠭ ᠤᠨ ᠡᠮᠤᠨᠡᠳᠤ ᠬᠤᠰᠢᠭᠤᠨ ᠤ 2022 ᠤᠨ ᠤ ᠠᠵᠢᠯ ᠤᠶᠢᠯᠡᠰ ᠤᠨ ᠨᠢᠬᠡᠴᠠ ᠶᠢᠨ ᠳᠡᠬᠡᠳᠤ ᠳᠠᠪᠬᠤᠷᠭ᠎ᠠ ᠶᠢᠨ ᠪᠠᠴᠢᠮ ᠬᠡᠷᠡᠭᠰᠡᠬᠦ ᠴᠢᠬᠤᠯᠠᠳᠠᠢ ᠳᠤᠰᠬᠠᠢ ᠮᠡᠷᠬᠡᠵᠢᠯ ᠤᠨ ᠴᠢᠳᠠᠪᠤᠷᠢᠳᠠᠨ ᠢ ᠤᠷᠢᠨ ᠬᠡᠷᠡᠭᠯᠡᠬᠦ᠂ ᠪᠠᠴᠢᠮ ᠬᠡᠷᠡᠭᠰᠡᠬᠦ ᠴᠢᠬᠤᠯᠠᠳᠠᠢ ᠡᠮ ᠡᠮᠴᠢᠯᠡᠭᠡ ᠡᠷᠡᠬᠦᠯ ᠬᠠᠮᠠᠭᠠᠯᠠᠯ ᠤᠨ ᠳᠤᠰᠬᠠᠢ ᠮᠡᠷᠬᠡᠵᠢᠯ ᠤᠨ ᠴᠢᠳᠠᠪᠤᠷᠢᠳᠠᠨ ᠢ ᠰᠢᠭᠤᠤᠨ ᠬᠡᠷᠡᠭᠯᠡᠬᠦ ᠵᠡᠷᠬᠡ ᠬᠠᠮᠢᠶ᠎ᠠ ᠪᠦᠬᠦᠢ ᠶᠠᠪᠤᠳᠠᠯ ᠢ ᠰᠤᠳᠤᠯᠪᠠ᠃ ᠴᠢᠳᠠᠪᠷᠢᠳᠠᠨ ᠡᠯᠰᠡᠬᠦ ᠪᠤᠭᠤᠮᠳᠠ ᠶᠢ ᠴᠢᠩᠭ᠎ᠠ ᠠᠤᠨᠬᠤᠨ᠂ ᠴᠢᠳᠠᠪᠤᠷᠢ ᠲᠠᠢ᠂ ᠬᠠᠷᠢᠭᠤᠴᠠᠯᠭ᠎ᠠ ᠲᠠᠢ᠂ ᠡᠬᠦᠷᠬᠡᠯᠡᠯ ᠲᠠᠢ ᠰᠢᠯᠢᠳᠡᠭ ᠴᠢᠳᠠᠪᠤᠷᠢᠳᠠᠨ ᠢ ᠢᠳᠡᠪᠬᠢᠳᠠᠢ ᠨᠦᠬᠡᠴᠡᠯᠡᠨ ᠬᠦᠮᠤᠵᠢᠬᠦᠯᠵᠤ ᠳᠠᠨᠢᠯᠴᠠᠭᠤᠯᠤᠨ᠂ ᠴᠢᠳᠠᠪᠤᠷᠢᠳᠠᠨ ᠢ ᠡᠯᠰᠡᠬᠦ ᠤᠷᠳᠤ ᠬᠤᠭᠤᠴᠠᠭᠠᠨ ᠤ ᠪᠦᠳᠤᠮᠵᠢᠳᠤ ᠳᠤᠭᠳᠠᠴᠠ ᠶᠢ ᠢᠳᠡᠪᠬᠢᠳᠠᠢ ᠡᠷᠢᠯᠬᠢᠯᠡᠵᠤ᠂ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠴᠢᠳᠠᠪᠤᠷᠢᠳᠠᠨ ᠤ ᠬᠦᠴᠤᠳᠤ ᠳᠤᠯᠭᠠᠭᠤᠷᠢᠯᠠᠯ ᠬᠠᠩᠭᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠪᠠᠰᠠ ᠪᠤᠰᠤᠤᠨ ᠵᠦᠢᠯ ᠢ ᠰᠤᠳᠤᠯᠪᠠ᠃     ᠬᠤᠰᠢᠭᠤ ᠤᠳᠤᠷᠢᠳᠤᠯᠭ᠎ᠠ ᠰᠦᠨ ᠶᠢᠤ ᠵᠢᠶᠦ᠋ᠨ᠂ ᠴᠧᠩ ᠱᠦ ᠵᠢᠶᠦ᠋ᠨ᠂ ᠬᠤᠪᠢᠰᠬᠠᠯᠳᠤ᠂ ᠴᠢᠨ ᠯᠢᠩ ᠹᠧᠩ᠂ ᠡᠯ᠎ᠡ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠤᠨ ᠬᠤᠷᠠᠯ ᠳᠤ ᠰᠤᠯᠠ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号