6 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠣᠯᠵᠠᠴᠢ | ᠪᠠᠯᠭᠠᠰᠣᠨ ᠳᠤ ᠬᠤᠳᠠ ᠪᠠᠯᠭᠠᠰᠣᠨ ᠤ ᠪᠣᠬᠢᠷ ᠣᠰᠣᠨ ᠤ ᠰᠢᠢᠳᠪᠦᠷᠢᠯᠡᠯᠳᠡ ᠪᠠ ᠬᠤᠭ ᠨᠣᠪᠰᠢ ᠪᠣᠯᠠᠬᠤ ᠲᠠᠯᠠᠪᠣᠷ | ᠤᠨ ᠠᠵᠢᠯ ᠢ ᠪᠠᠶᠢᠴᠠᠭᠠᠨ ᠰᠣᠳᠣᠯᠪᠠ᠃ | ᠸᠠᠩ ᠢᠦᠢ ᠴᠢᠶᠠᠩ᠂ ᠣᠯᠵᠠᠴᠢ ᠪᠠᠯᠭᠠᠰᠣᠨ ᠤ ᠪᠣᠬᠢᠷ ᠣᠰᠣ ᠰᠢᠢᠳᠪᠦᠷᠢᠯᠡᠭᠦ ᠣᠶᠢᠯᠠᠳᠪᠦᠷᠢ ᠪᠠᠷ ᠬᠦᠷᠴᠦ | ᠡᠳᠦᠷ ᠲᠣᠳᠣᠮ ᠤᠨ ᠠᠵᠢᠯᠯᠠᠮᠵᠢ ᠶᠢᠨ ᠪᠠᠶᠢᠳᠠᠯ ᠢ ᠪᠠᠶᠢᠴᠠᠭᠠᠨ ᠦᠵᠡᠵᠣ᠂ ᠪᠣᠬᠢᠷ ᠣᠰᠣ ᠰᠢᠢᠳᠪᠦᠷᠢᠯᠡᠬᠦ | ᠣᠶᠢᠯᠠᠳᠪᠦᠷᠢ ᠶᠢᠨ ᠢᠨᠵᠧᠨᠧᠷᠢᠩ ᠤᠨ ᠦᠭᠡᠷᠡᠴᠢᠯᠡᠯᠳᠡ ᠶᠢᠨ ᠲᠦᠯᠦᠪᠵᠢᠭᠦᠯᠭᠡ᠂ ᠪᠣᠬᠢᠷ ᠣᠰᠣᠨ ᠤ | ᠰᠢᠢᠳᠪᠦᠷᠢᠯᠡᠯᠳᠡ ᠶᠢᠨ ᠴᠢᠳᠠᠪᠬᠢ᠂ ᠲᠦᠬᠦᠭᠡᠷᠦᠮᠵᠢ ᠶᠢᠨ ᠠᠵᠢᠯᠯᠠᠮᠵᠢ᠂ ᠪᠦᠬᠦᠶᠢᠯᠡ ᠶᠠᠪᠣᠴᠠ ᠶᠢ ᠨᠠᠷᠢᠨ | ᠣᠶᠢᠯᠠᠭᠠᠪᠠ᠃ ᠲᠡᠷᠡ᠂ ᠪᠣᠬᠢᠷ ᠣᠰᠣᠨ ᠤ ᠰᠢᠢᠳᠪᠦᠷᠢᠯᠡᠯᠳᠡ ᠶᠢᠨ ᠠᠵᠢᠯ ᠨᠢ ᠲᠦᠭ ᠲᠦᠮᠡᠨ ᠡᠷᠦᠭᠡ᠂ ᠬᠤᠳᠠ | ᠶᠢᠨ ᠠᠮᠣᠷ ᠲᠣᠭᠳᠠᠭᠤᠨ ᠠᠵᠢᠯᠯᠠᠮᠵᠢ ᠲᠠᠢ ᠬᠤᠯᠪᠣᠭᠳᠠᠵᠣ ᠪᠠᠶᠢᠳᠠᠭ᠃ ᠪᠣᠬᠢᠷ ᠣᠰᠣ ᠰᠢᠢᠳᠪᠦᠷᠢᠯᠡᠬᠦ ᠣᠶᠢᠯᠠᠳᠪᠦᠷᠢ | ᠶᠢᠨ ᠢᠨᠵᠧᠨᠧᠷᠢᠩ ᠤᠨ ᠦᠭᠡᠷᠡᠴᠢᠯᠡᠯᠳᠡ ᠶᠢᠨ ᠪᠠᠶᠢᠭᠤᠯᠣᠯᠳᠠ ᠶᠢ ᠲᠦᠷᠭᠡᠳᠬᠡᠨ᠂ ᠪᠣᠬᠢᠷ ᠣᠰᠣ ᠰᠢᠢᠳᠪᠦᠷᠢᠯᠡᠭᠦ | ᠴᠢᠳᠠᠪᠬᠢ ᠶᠢ ᠲᠡᠭᠡᠭᠰᠢᠡᠯᠭᠦᠯᠵᠣ᠂ ᠰᠠᠭᠤᠭᠠᠯᠢ ᠠᠷᠠᠳ ᠤᠨ ᠠᠮᠢᠳᠣᠷᠠᠯ ᠪᠣᠯᠣᠨ ᠠᠮᠢ ᠠᠬᠤᠢ ᠣᠷᠴᠢᠨ ᠲᠣᠭᠤᠷᠢᠨ ᠢ | ᠰᠠᠶᠢᠵᠢᠷᠠᠭᠤᠯᠬᠤ ᠬᠡᠷᠡᠭᠳᠡᠢ᠃ ᠰᠢᠨᠵᠢᠯᠡᠭᠦ ᠣᠬᠠᠭᠠᠨᠴᠢ ᠪᠠᠷ ᠲᠦᠯᠦᠪᠵᠢᠭᠦᠯᠦᠨ ᠪᠠᠶᠢᠷᠢᠯᠠᠭᠤᠯᠵᠣ᠂ ᠬᠤᠳᠠ | ᠪᠠᠯᠭᠠᠰᠣᠨ ᠤ ᠪᠣᠷᠣᠭᠠᠨ ᠪᠣᠬᠢᠷ ᠣᠰᠣᠨ ᠤ ᠲᠣᠣᠷ ᠬᠤᠭᠤᠯᠠᠢ ᠶᠢᠨ ᠪᠠᠶᠢᠭᠤᠯᠣᠯᠳᠠ ᠶᠢ ᠣᠯᠠᠮ ᠲᠡᠭᠦᠯᠳᠡᠷᠵᠢᠭᠦᠯᠦᠨ᠂ | ᠪᠣᠷᠣᠭᠠᠨ ᠪᠣᠬᠢᠷ ᠣᠰᠣᠨ ᠤ ᠲᠣᠣᠷ ᠬᠤᠭᠤᠯᠠᠢ ᠶᠢ ᠬᠠᠮᠳᠣᠳᠬᠠᠨ ᠬᠡᠷᠡᠭᠯᠡᠭᠦ ᠠᠰᠠᠭᠤᠳᠠᠯ ᠢ ᠲᠣᠣᠱᠳᠠᠢ | ᠰᠢᠢᠳᠪᠦᠷᠢᠯᠡᠬᠦ ᠬᠡᠷᠡᠭᠳᠡᠢ᠃ ᠪᠣᠷᠣᠭᠠᠨ ᠪᠣᠬᠢᠷ ᠣᠰᠣᠨ ᠤ ᠬᠤᠳᠳᠤᠭ ᠤᠨ ᠠᠮᠠᠰᠠᠷ ᠲᠤ ᠰᠡᠷᠭᠡᠶᠢᠯᠡᠭᠦ ᠲᠣᠣᠷ | ᠣᠷᠣᠭᠤᠯᠣᠨ᠂ ᠣᠯᠠᠨ ᠲᠦᠮᠡᠨ ᠤ ᠠᠮᠣᠷ ᠲᠦᠪᠰᠢᠨ ᠢ ᠪᠠᠳᠣᠯᠠᠬᠤ ᠬᠡᠷᠡᠭᠳᠡᠢ ᠭᠡᠵᠣ ᠬᠡᠯᠡᠭᠰᠡᠨ ᠪᠠᠶᠢᠨ᠎ᠠ᠃ | ᠸᠠᠩ ᠢᠦᠢ ᠴᠢᠶᠠᠩ ᠬᠤᠭ ᠨᠣᠪᠰᠢ ᠪᠣᠯᠠᠬᠤ ᠲᠠᠯᠠᠪᠣᠷ ᠲᠤ ᠬᠦᠷᠴᠦ ᠬᠤᠭ ᠨᠣᠪᠰᠢ ᠪᠣᠯᠠᠬᠤ ᠲᠠᠯᠠᠪᠣᠷ ᠤᠨ | ᠲᠦᠯᠦᠪᠵᠢᠭᠦᠯᠭᠡ ᠪᠠᠶᠢᠷᠢᠯᠠᠭᠤᠯᠣᠯᠳᠠ᠂ ᠣᠶᠢᠯᠠᠳᠪᠦᠷᠢᠯᠠᠯ ᠠᠮᠢᠳᠣᠷᠠᠯ ᠤᠨ ᠬᠤᠭ ᠨᠣᠪᠰᠢ ᠶᠢᠨ ᠵᠦᠭᠡᠭᠡᠪᠦᠷᠢᠯᠡᠯᠳᠡ᠂ | ᠰᠢᠢᠳᠪᠦᠷᠢᠯᠡᠯᠳᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠭ ᠨᠣᠪᠰᠢ ᠪᠣᠯᠠᠬᠤ ᠲᠠᠯᠠᠪᠣᠷ ᠪᠣᠯ ᠠᠷᠠᠳ | ᠲᠦᠮᠡᠨ ᠤ ᠣᠶᠢᠯᠠᠳᠪᠦᠷᠢᠯᠠᠯ ᠠᠮᠢᠳᠣᠷᠠᠯ ᠲᠠᠢ ᠬᠤᠯᠪᠣᠭᠳᠠᠬᠤ ᠠᠷᠠᠳ ᠤᠨ ᠠᠮᠢᠳᠣᠷᠠᠯ ᠤᠨ ᠢᠨᠵᠧᠨᠧᠷᠢᠩ᠂ ᠮᠦᠨᠴᠦ | ᠣᠷᠴᠢᠨ ᠬᠠᠮᠠᠭᠠᠯᠠᠯᠳᠠ ᠶᠢᠨ ᠠᠵᠢᠯ ᠲᠠᠢ ᠬᠤᠯᠪᠣᠭᠳᠠᠬᠤ ᠴᠢᠬᠤᠯᠠ ᠠᠰᠠᠭᠤᠳᠠᠯ ᠪᠣᠯᠣᠨ᠎ᠠ᠃ ᠠᠮᠢ ᠠᠬᠤᠢ ᠶᠢᠨ | ᠬᠠᠮᠠᠭᠠᠯᠠᠯᠳᠠ ᠶᠢᠨ ᠱᠠᠭᠠᠷᠳᠠᠯᠭ᠎ᠠ ᠶᠣᠰᠣᠭᠠᠷ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠶᠠᠪᠣᠴᠠ ᠳᠤ ᠪᠠᠨ | ︽ᠬᠠᠶᠠᠭᠳᠠᠮᠠᠯ ᠢ ᠠᠰᠢᠭᠯᠠᠬᠤ︾ ᠣᠶᠢᠯᠠᠭᠠᠭᠳᠠᠬᠤᠨ ᠢ ᠪᠠᠳᠦ ᠱᠣᠭᠤᠵᠣ᠂ ᠬᠤᠭ ᠨᠣᠪᠰᠢ ᠶᠢᠨ ᠶᠡᠷᠦᠩᠬᠡᠶᠢᠯᠡᠭᠰᠡᠨ | ᠠᠰᠢᠭᠯᠠᠯᠳᠠ ᠶᠢᠨ ᠨᠣᠷᠮ᠎ᠠ ᠪᠠ ᠰᠢᠢᠳᠪᠦᠷᠢᠯᠡᠯᠳᠡ ᠶᠢᠨ ᠴᠢᠳᠠᠪᠬᠢ ᠶᠢ ᠦᠨᠡᠨ ᠬᠦ ᠲᠡᠭᠡᠭᠰᠢᠯᠡᠭᠦᠯᠬᠦ ᠬᠡᠷᠡᠭᠳᠡᠢ᠃ ᠬᠤᠭ | ᠨᠣᠪᠰᠢ ᠰᠢᠢᠳᠪᠦᠷᠢᠯᠡᠭᠦ ᠴᠢᠳᠠᠪᠬᠢ ᠪᠣᠯᠣᠨ ᠬᠢᠷᠢ ᠲᠦᠪᠰᠢᠨ ᠢᠶᠠᠨ ᠲᠠᠰᠣᠷᠠᠯᠳᠠ ᠦᠭᠡᠢ ᠲᠡᠭᠡᠭᠰᠢᠯᠡᠭᠦᠯᠣᠨ᠂ | ᠠᠮᠢᠳᠣᠷᠠᠯ ᠤᠨ ᠬᠤᠭ ᠨᠣᠪᠰᠢ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠭᠦᠯᠦᠨ | ᠰᠢᠢᠳᠪᠦᠷᠢᠯᠡᠭᠦ ᠶᠢ ᠪᠠᠳᠣᠯᠠᠵᠣ᠂ ᠪᠦᠬᠦ ᠬᠤᠰᠢᠭᠤᠨ ᠤ ᠠᠮᠢᠳᠣᠷᠠᠯ ᠤᠨ ᠬᠤᠭ ᠨᠣᠪᠰᠢ ᠰᠢᠢᠳᠪᠦᠷᠢᠯᠡᠬᠦ ᠠᠰᠠᠭᠤᠳᠠᠯ ᠢ | ᠪᠦᠳᠦᠮᠵᠢᠳᠡᠢ ᠰᠢᠢᠳᠪᠦᠷᠢᠯᠡᠨ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠠᠮᠢ ᠠᠬᠤᠢ ᠣᠷᠴᠢᠨ ᠲᠣᠭᠤᠷᠢᠨ ᠢ | ᠰᠢᠯᠢᠳᠡᠭᠵᠢᠭᠦᠯᠦᠨ ᠲᠣᠬᠢᠯᠢᠭᠵᠢᠭᠤᠯᠵᠣ ᠬᠡᠷᠡᠭᠳᠡᠢ ᠭᠡᠵᠣ ᠬᠡᠯᠡᠭᠰᠡᠨ ᠪᠠᠶᠢᠨ᠎ᠠ᠃ | ᠬᠤᠰᠢᠭᠤ ᠣᠳᠣᠷᠢᠳᠣᠯᠭ᠎ᠠ ᠹᠦ᠋ ᠺᠧ᠂ ᠱᠢ ᠬᠤᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃ |