6 ᠰᠠᠷ᠎ᠠ ᠶᠢᠨ 9 ᠤ ᠡᠳᠦᠷ᠂ ᠣᠳᠤᠭ ᠤᠨ ᠡᠮᠦᠨᠡᠳᠦ ᠬᠤᠰᠢᠭᠤᠨ ᠤ 2022 ᠣᠨ ᠤ ᠲᠠᠩᠰᠠ ᠡᠪᠬᠡᠮᠡᠯ | ᠤᠨ ᠠᠵᠢᠯ ᠤᠨ ᠬᠤᠷᠠᠯ ᠬᠤᠷᠠᠯᠳᠣᠪᠠ᠃ ᠬᠤᠷᠠᠯ ᠠᠴᠠ ᠡᠮᠦᠨ᠎ᠡ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ | ᠢᠦᠢ ᠴᠢᠶᠠᠩ ᠴᠢᠬᠤᠯᠠ ᠵᠢᠭᠠᠪᠦᠷᠢ ᠦᠭᠴᠦ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠠᠯᠪᠠᠨ ᠭᠡᠷ ᠤᠨ ᠡᠷᠬᠢᠯᠡᠭᠴᠢ ᠹᠦ᠋ ᠺᠧ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ | ᠸᠠᠩ ᠢᠦᠢ ᠴᠢᠶᠠᠩ ᠵᠢᠭᠠᠪᠦᠷᠢ ᠳᠤ ᠪᠠᠨ᠂ ᠲᠠᠩᠰᠠ ᠡᠪᠬᠡᠮᠡᠯ ᠤᠨ ᠠᠵᠢᠯ ᠪᠣᠯ ᠨᠠᠮ ᠪᠣᠯᠣᠨ ᠣᠯᠣᠰ ᠤᠨ | ᠪᠦᠬᠦ ᠲᠠᠯ᠎ᠠ ᠶᠢᠨ ᠠᠵᠢᠯ ᠤᠨ ᠴᠢᠬᠤᠯᠠ ᠪᠦᠷᠢᠯᠳᠦᠭᠦᠨ ᠮᠦᠷᠳᠡᠭᠡᠨ ᠣᠯᠣᠰ ᠲᠦᠷᠦᠴᠢ ᠴᠢᠨᠠᠷ᠂ ᠲᠣᠰᠬᠠᠢ ᠮᠡᠷᠭᠡᠵᠢᠯ | ᠤᠨ ᠴᠢᠨᠠᠷ᠂ ᠰᠠᠭᠤᠷᠢ ᠴᠢᠨᠠᠷ᠂ ᠣᠶᠢᠯᠡᠴᠢᠯᠡᠭᠦ ᠴᠢᠨᠠᠷ ᠢᠶᠠᠷ ᠮᠠᠰᠢ ᠴᠢᠩᠭ᠎ᠠ ᠪᠣᠯᠬᠤᠷ ᠲᠠᠩᠰᠠ ᠡᠪᠬᠡᠮᠡᠯ ᠤᠨ ᠠᠵᠢᠯ ᠢ | ᠰᠠᠶᠢᠳᠦᠷ ᠬᠢᠬᠦ ᠨᠢ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠶᠣᠮ᠃ ᠨᠡᠭᠡᠭᠡᠯᠳᠡ ᠶᠢᠨ ᠣᠷᠣᠨ᠂ ᠡᠯ᠎ᠡ | ᠪᠠᠯᠭᠠᠰᠣ᠂ ᠡᠯ᠎ᠡ ᠰᠠᠯᠠᠭ᠎ᠠ ᠮᠦᠴᠢᠷ ᠣᠯᠣᠰ ᠲᠦᠷᠦ ᠶᠢᠨ ᠵᠣᠭᠰᠣᠴᠠ ᠪᠠᠨ ᠣᠯᠠᠮ ᠲᠡᠭᠡᠭᠰᠢᠯᠡᠭᠦᠯᠣᠨ᠂ ᠨᠠᠮ ᠤᠨ | ᠲᠠᠩᠰᠠ ᠡᠪᠬᠡᠮᠡᠯ ᠤᠨ ᠠᠵᠢᠯ ᠳᠠᠬᠢ ᠣᠳᠣᠷᠢᠳᠣᠯᠭ᠎ᠠ ᠪᠠᠨ ᠪᠦᠬᠦ ᠲᠠᠯ᠎ᠠ ᠪᠠᠷ ᠴᠢᠩᠭᠠᠳᠬᠠᠵᠣ᠂ ᠶᠡᠷᠦᠩᠬᠡᠢ ᠱᠦᠵᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠤᠨ ᠴᠢᠬᠤᠯᠠ ᠵᠢᠭᠠᠪᠦᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠣᠣᠱᠯᠠᠭᠤᠯᠣᠨ᠂ ᠲᠠᠩᠰᠠ ᠡᠪᠬᠡᠮᠡᠯ ᠤᠨ ᠠᠵᠢᠯ ᠢ ᠰᠠᠶᠢᠳᠦᠷ ᠬᠢᠬᠦ ᠡᠭᠦᠷᠭᠡ | ᠬᠠᠷᠢᠭᠤᠴᠠᠯᠭᠠᠳᠦ ᠰᠡᠳᠬᠢᠯᠭᠡ ᠪᠠᠨ ᠦᠨᠡᠨ ᠬᠦ ᠲᠡᠭᠡᠭᠰᠢᠡᠯᠭᠦᠯᠵᠣ᠂ ︽ᠨᠠᠮ ᠤᠨ ᠲᠠᠩᠰᠠ ᠡᠪᠬᠡᠮᠡᠯ ᠢ ᠬᠠᠮᠢᠶᠠᠷᠬᠤ᠂ | ᠣᠯᠣᠰ ᠤᠨ ᠲᠡᠣᠬᠡ ᠶᠢ ᠬᠠᠮᠠᠭᠠᠯᠠᠬᠤ᠂ ᠠᠷᠠᠳ ᠲᠦᠮᠡᠨ ᠳᠤ ᠣᠶᠢᠯᠡᠴᠢᠯᠡᠭᠦ︾ ᠣᠶᠢᠯᠠᠭᠠᠭᠳᠠᠬᠤᠨ ᠢ ᠢᠮᠠᠭᠳᠠ | ᠴᠡᠭᠡᠵᠢᠯᠡᠵᠣ᠂ ︽ᠲᠦᠷᠪᠡᠨ ᠰᠠᠶᠢᠨ︾᠂ ︽ᠬᠤᠶᠠᠷ ᠲᠤ ᠣᠶᠢᠯᠡᠴᠢᠯᠡᠭᠦ︾ ᠬᠠᠷᠠᠯᠳᠠ ᠱᠠᠭᠠᠷᠳᠠᠯᠭ᠎ᠠ ᠶᠢᠨ | ᠲᠣᠭᠤᠷᠢᠨ ᠳᠤ᠂ ᠮᠠᠨ ᠤ ᠬᠤᠰᠢᠭᠤᠨ ᠤ ᠭᠤᠣᠯᠳᠠᠯᠭᠠᠳᠦ ᠢᠨᠵᠧᠨᠧᠷᠢᠩ᠂ ᠴᠢᠬᠤᠯᠠ ᠶᠡᠭᠡ ᠠᠵᠢᠯᠯᠠᠭ᠎ᠠ᠂ ᠠᠷᠠᠳ | ᠤᠨ ᠠᠮᠢᠳᠣᠷᠠᠯ ᠵᠡᠷᠭᠡ ᠬᠦᠷᠢᠶ᠎ᠡ ᠴᠠᠷᠠᠭᠠᠨ ᠤ ᠲᠠᠩᠰᠠ ᠡᠪᠬᠡᠮᠡᠯ ᠪᠠᠶᠢᠭᠤᠯᠣᠨ ᠬᠠᠳᠠᠭᠠᠯᠠᠬᠤ ᠠᠵᠢᠯ ᠢ ᠰᠠᠶᠢᠳᠦᠷ | ᠦᠷᠨᠢᠭᠦᠯᠵᠣ᠂ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠤᠨ ᠲᠣᠭᠳᠠᠯᠴᠠᠭᠠᠨ ᠤ ᠪᠠᠶᠢᠭᠤᠯᠣᠯᠳᠠ ᠶᠢ | ᠲᠣᠭᠳᠠᠭᠤᠨ ᠢᠶᠠᠷ ᠠᠬᠢᠭᠤᠯᠣᠨ᠂ ᠲᠠᠩᠰᠠ ᠡᠪᠬᠡᠮᠡᠯ ᠤᠨ ᠵᠠᠩᠬᠢᠴᠢᠯᠠᠭᠰᠠᠨ ᠪᠠᠶᠢᠭᠤᠯᠣᠯᠳᠠ ᠶᠢ ᠲᠦᠷᠭᠡᠳᠬᠡᠵᠣ᠂ ᠨᠠᠮ | ᠤᠨ ᠲᠡᠣᠬᠡ ᠶᠢᠨ ᠠᠵᠢᠯ ᠤᠨ ᠦᠭᠡᠷᠡᠴᠢᠯᠡᠯᠳᠡ ᠶᠢ ᠴᠢᠩᠭᠠᠳᠬᠠᠨ᠂ ᠪᠦᠬᠦ ᠬᠤᠰᠢᠭᠤᠨ ᠤ ᠠᠵᠣ ᠠᠬᠤᠢ ᠨᠡᠶᠢᠭᠡᠮ | ᠤᠨ ᠬᠦᠭᠵᠢᠯᠳᠡ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠳᠡᠢ ᠭᠡᠵᠣ ᠵᠢᠭᠠᠭᠰᠠᠨ ᠪᠠᠶᠢᠨ᠎ᠠ᠃ | ᠬᠤᠷᠠᠯ ᠠᠴᠠ᠂ ᠣᠯᠣᠰ ᠲᠦᠷᠦ ᠶᠢᠨ ᠵᠣᠭᠰᠣᠴᠠ ᠠᠴᠠ ᠲᠠᠩᠰᠠ ᠡᠪᠬᠡᠮᠡᠯ ᠲᠡᠣᠬᠡ ᠣᠶᠢᠯᠠᠯᠭ᠎ᠠ ᠶᠢᠨ ᠠᠵᠢᠯ | ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠣ᠂ ᠭᠤᠣᠯᠳᠠᠯᠭᠠᠳᠦ ᠠᠵᠢᠯ ᠤᠨ ᠲᠣᠭᠤᠷᠢᠨ ᠳᠤ ᠲᠠᠩᠰᠠ | ᠡᠪᠬᠡᠮᠡᠯ ᠲᠡᠣᠬᠡ ᠣᠶᠢᠯᠠᠯᠭ᠎ᠠ ᠶᠢᠨ ᠠᠵᠢᠯ ᠤᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠪᠦᠬᠦ | ᠬᠤᠰᠢᠭᠤᠨ ᠤ ᠪᠠᠶᠢᠷᠢᠯᠠᠭᠤᠯᠣᠯᠳᠠ ᠶᠢ ᠲᠠᠭᠠᠵᠣ᠂ ᠲᠠᠩᠰᠠ ᠡᠪᠬᠡᠮᠡᠯ ᠲᠡᠣᠬᠡ ᠣᠶᠢᠯᠠᠯᠭ᠎ᠠ ᠶᠢᠨ ᠠᠵᠢᠯ ᠤᠨ ᠴᠢᠨᠠᠷ ᠢ | ᠲᠡᠭᠡᠭᠰᠢᠯᠡᠭᠦᠯᠦᠨ᠂ ᠬᠠᠣᠯᠢ ᠶᠣᠰᠣᠨ ᠤ ᠵᠠᠰᠠᠯᠳᠠ ᠶᠢ ᠠᠬᠢᠭᠤᠯᠵᠣ᠂ ᠲᠠᠩᠰᠠ ᠡᠪᠬᠡᠮᠡᠯ ᠲᠡᠣᠭᠡ ᠣᠶᠢᠯᠠᠯᠭ᠎ᠠ ᠶᠢᠨ | ᠠᠵᠢᠯ ᠤᠨ ᠲᠦᠷᠢᠮᠵᠢᠯ ᠢ ᠲᠦᠷᠭᠡᠳᠬᠡᠨ᠂ ᠵᠠᠩᠬᠢᠴᠢᠯᠠᠭᠰᠠᠨ ᠪᠠᠶᠢᠭᠤᠯᠣᠯᠳᠠ ᠶᠢ ᠠᠬᠢᠭᠤᠯᠵᠣ᠂ ᠲᠠᠩᠰᠠ ᠡᠪᠬᠡᠮᠡᠯ | ᠲᠡᠣᠬᠡ ᠣᠶᠢᠯᠠᠯᠭ᠎ᠠ ᠶᠢᠨ ᠠᠵᠢᠯ ᠤᠨ ᠪᠦᠳᠦᠮᠵᠢ ᠶᠢ ᠲᠡᠭᠡᠭᠰᠢᠯᠡᠭᠦᠯᠦᠨ᠂ ᠠᠮᠣᠷ ᠲᠦᠪᠰᠢᠨ ᠤ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠵᠣ᠂ ᠲᠠᠩᠰᠠ ᠡᠪᠬᠡᠮᠡᠯ ᠮᠡᠲ᠋ᠧᠷᠢᠶᠠᠯ ᠤᠨ ᠠᠮᠣᠷ ᠲᠦᠪᠰᠢᠨ ᠬᠠᠳᠠᠭᠠᠯᠠᠯᠳᠠ ᠶᠢ ᠪᠠᠳᠣᠯᠠᠨ᠂ | ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠵᠣ᠂ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠠᠵᠢᠯ ᠤᠨ | ᠬᠦᠭᠵᠢᠯᠳᠡ ᠳᠤ ᠪᠠᠳᠣᠯᠠᠭ᠎ᠠ ᠬᠠᠩᠭᠠᠨ᠂ ᠡᠯ᠎ᠡ ᠲᠦᠷᠦᠯ ᠤᠨ ᠠᠵᠢᠯ ᠤᠨ ᠠᠬᠢᠴᠠ ᠶᠢ ᠡᠷᠴᠢᠮᠳᠠᠢ ᠠᠬᠢᠭᠤᠯᠵᠣ᠂ | ᠬᠤᠶᠢᠴᠢ ᠦᠶ᠎ᠡ ᠳᠤ ᠪᠠᠨ ᠡᠷᠬᠢᠮ ᠨᠠᠨᠳᠢᠨ ᠲᠡᠤᠬᠡ ᠶᠢᠨ ᠮᠡᠲ᠋ᠧᠷᠢᠶᠠᠯ ᠦᠯᠡᠳᠡᠭᠡᠵᠣ᠂ ᠲᠠᠩᠰᠠ ᠡᠪᠬᠡᠮᠡᠯ ᠤᠨ ᠠᠵᠢᠯ | ᠤᠨ ᠭᠠᠳᠠᠭᠰᠢ ᠣᠶᠢᠯᠡᠴᠢᠯᠡᠭᠡ ᠶᠢᠨ ᠴᠢᠳᠠᠪᠬᠢ ᠶᠢᠨ ᠨᠦᠯᠦᠭᠡᠯᠡᠯ ᠢ ᠲᠡᠭᠡᠭᠰᠢᠯᠡᠭᠦᠯᠦᠨ᠂ ᠪᠦᠬᠦ ᠬᠤᠰᠢᠭᠤᠨ ᠤ ᠠᠵᠣ | ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠬᠦᠴᠦᠨ ᠨᠡᠮᠡᠷᠢᠯᠡᠭᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃ | | ᠬᠤᠷᠠᠯ ᠲᠡᠭᠡᠷ᠎ᠡ ᠪᠠᠰᠠ ᠪᠦᠬᠦ ᠬᠤᠰᠢᠭᠤᠨ ᠤ ᠲᠠᠩᠰᠠ ᠡᠪᠬᠡᠮᠡᠯ ᠲᠡᠤᠭᠡ ᠣᠶᠢᠯᠠᠯᠭ᠎ᠠ ᠶᠢᠨ ᠠᠵᠢᠯ ᠤᠨ | ᠲᠡᠷᠢᠭᠦᠨ ᠤ ᠬᠠᠮᠳᠦ ᠨᠢᠭᠡᠴᠡ᠂ ᠲᠡᠷᠢᠭᠦᠨ ᠤ ᠬᠤᠪᠢ ᠬᠦᠮᠦᠨ ᠢ ᠬᠦᠬᠢᠬᠦᠯᠦᠨ ᠱᠠᠩᠨᠠᠪᠠ᠃ | ᠬᠤᠷᠠᠯ ᠤᠨ ᠲᠠᠷᠠᠭ᠎ᠠ ᠣᠳᠤᠭ ᠤᠨ ᠡᠮᠦᠨᠡᠳᠦ ᠬᠤᠰᠢᠭᠤᠨ ᠤ ᠲᠠᠩᠰᠠ ᠡᠪᠬᠡᠮᠡᠯ ᠤᠨ ᠲᠣᠬᠠᠶᠢᠯᠠᠭᠰᠠᠨ ᠠᠵᠢᠯ | ᠤᠨ ᠪᠣᠯᠪᠠᠰᠣᠷᠠᠯ ᠡᠷᠭᠢᠯᠡᠪᠡ᠃ ᠪᠠᠶᠢᠭᠤᠯᠣᠮᠵᠢ ᠶᠢᠨ ᠦᠭᠡᠷᠡᠴᠢᠯᠡᠯᠳᠡ ᠶᠢᠨ ᠲᠣᠭᠤᠷᠢᠨ ᠳᠤ ᠦᠭᠡᠷᠡᠴᠢᠯᠡᠭᠰᠡᠨ | ᠪᠠᠶᠢᠭᠤᠯᠭ᠎ᠠ ᠶᠢᠨ ᠲᠠᠩᠰᠠ ᠡᠪᠬᠡᠮᠡᠯ ᠤᠨ ᠬᠠᠷᠢᠶᠠᠯᠠᠯ ᠪᠠ ᠰᠢᠯᠵᠢᠭᠦᠯᠦᠯ ᠤᠨ ᠬᠠᠨᠳᠣᠰᠢ᠂ ᠲᠠᠩᠰᠠ ᠡᠪᠬᠡᠮᠡᠯ ᠤᠨ | ᠠᠵᠢᠯ ᠤᠨ ᠪᠦᠳᠦᠮᠵᠢ ᠶᠢᠨ ᠰᠢᠯᠭᠠᠯᠳᠠ ᠶᠢᠨ ᠰᠢᠯᠭᠠᠨ ᠬᠤᠷᠠᠶᠠᠯᠳᠠ ᠶᠢᠨ ᠲᠠᠶᠢᠯᠣᠮᠵᠢ᠂ ︽ᠪᠠᠶᠢᠭᠤᠯᠣᠮᠵᠢ ᠶᠢᠨ | ᠲᠠᠩᠰᠠ ᠡᠪᠬᠡᠮᠡᠯ ᠤᠨ ᠬᠠᠮᠢᠶᠠᠷᠣᠯᠳᠠ ᠶᠢᠨ ᠲᠦᠷᠢᠮ︾᠂ ︽ᠲᠠᠩᠰᠠ ᠡᠪᠬᠡᠮᠡᠯ ᠤᠨ ᠬᠠᠮᠢᠶᠠᠷᠣᠯᠳᠠ ᠶᠢᠨ ᠬᠠᠣᠯᠢ | ᠲᠦᠷᠢᠮ ᠵᠦᠷᠢᠴᠡᠭᠰᠡᠨ ᠠᠵᠢᠯᠯᠠᠭᠠᠨ ᠤ ᠰᠢᠢᠳᠬᠡᠯ ᠤᠨ ᠲᠦᠷᠢᠮ︾ ᠲᠦᠷᠪᠡᠨ ᠲᠠᠯ᠎ᠠ ᠶᠢᠨ ᠠᠭᠤᠯᠭ᠎ᠠ ᠪᠠᠷ ᠡᠯ᠎ᠡ | ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠲᠠᠩᠰᠠ ᠡᠪᠬᠡᠮᠡᠯ ᠤᠨ ᠠᠵᠢᠯ ᠢ ᠬᠤᠪᠢᠳᠠᠨ ᠬᠠᠮᠢᠶᠠᠷᠬᠤ ᠣᠳᠣᠷᠢᠳᠣᠯᠭ᠎ᠠ | ᠪᠣᠯᠣᠨ ᠬᠠᠮᠢᠶᠠᠷᠣᠭᠴᠢ ᠳᠤ ᠲᠣᠰᠬᠠᠢ ᠰᠡᠳᠦᠪᠳᠦ ᠪᠣᠯᠪᠠᠰᠣᠷᠠᠯ ᠬᠢᠪᠠ᠃ | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ᠂ ᠡᠯ᠎ᠡ ᠪᠠᠯᠭᠠᠰᠣ᠂ ᠡᠯ᠎ᠡ ᠪᠠᠶᠢᠭᠤᠯᠭ᠎ᠠ | ᠠᠵᠢᠯ ᠣᠶᠢᠯᠠᠰ ᠤᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠳ᠂ ᠬᠤᠰᠢᠭᠤ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠦᠴᠢᠷ ᠤᠨ ᠲᠠᠩᠰᠠ ᠡᠪᠬᠡᠮᠡᠯ ᠤᠨ ᠠᠵᠢᠯ ᠤᠨ ᠬᠤᠪᠢᠳᠠᠨ ᠬᠠᠮᠢᠶᠠᠷᠬᠤ ᠣᠳᠣᠷᠢᠳᠣᠯᠭ᠎ᠠ᠂ | ᠲᠠᠩᠰᠠ ᠡᠪᠬᠡᠮᠡᠯ ᠤᠨ ᠲᠣᠰᠬᠠᠢ ᠠᠵᠢᠯᠳᠠᠨ᠂ ᠬᠤᠰᠢᠭᠤ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ | ᠲᠡᠤᠭᠡ ᠣᠶᠢᠯᠠᠯᠭ᠎ᠠ ᠶᠢᠨ ᠣᠷᠲᠣᠨ ᠤ ᠪᠦᠬᠦ ᠠᠵᠢᠯᠳᠠᠳ ᠬᠤᠷᠠᠯ ᠳᠤ ᠣᠷᠣᠯᠴᠠᠪᠠ᠃ | |