ᠤᠳᠤᠭ ᠤᠨ ᠡᠮᠤᠨᠡᠳᠤ ᠬᠤᠰᠢᠭᠤ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠮᠠᠩᠯᠠᠶᠢᠯᠠᠭᠴᠢ ᠶᠢᠨ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠨ ᠨᠡᠮᠡᠷᠢᠯᠡᠬᠦ ᠪᠤᠯᠪᠠᠰᠤᠷᠠᠯ ᠤᠨ ᠠᠩᠬᠢ ᠶᠢᠨ ᠡᠬᠢᠯᠡᠯᠳᠠ ᠶᠢᠨ ᠶᠤᠰᠤᠯᠡᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/6/16
      6 ᠰᠠᠷ᠎ᠠ ᠶᠢᠨ 14 ᠤ ᠡᠳᠤᠷ᠂ ᠤᠳᠤᠭ ᠤᠨ ᠡᠮᠤᠨᠡᠳᠤ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠮᠠᠩᠯᠠᠶᠢᠯᠠᠭᠴᠢ ᠶᠢᠨ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠨ ᠨᠡᠮᠡᠷᠢᠯᠡᠬᠦ ᠪᠤᠯᠪᠠᠰᠤᠷᠠᠯ ᠤᠨ ᠠᠩᠬᠢ ᠶᠢᠨ ᠡᠬᠢᠯᠡᠯᠳᠠ ᠶᠢᠨ ᠶᠤᠰᠤᠯᠡᠯ ᠳᠤᠯᠤᠨ ᠤᠷᠳᠤᠨ ᠳᠤ ᠶᠠᠪᠤᠭᠳᠠᠪᠠ᠃ ᠬᠤᠳᠠ  ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠬᠡᠷᠡᠭ ᠶᠠᠪᠤᠳᠠᠯ ᠤᠨ ᠳᠤᠪᠴᠢᠶ᠎ᠠ ᠶᠢᠨ ᠨᠠᠮ ᠤᠨ ᠤᠳᠤᠷᠢᠤᠨᠬᠤ ᠳᠤᠭᠤᠶᠢᠯᠠᠩ ᠤᠨ ᠱᠦᠵᠢ᠂ ᠳᠤᠪᠴᠢᠶᠠᠨ ᠳᠠᠷᠤᠭ᠎ᠠ ᠮᠠ ᠪᠣᠣ ᠷᠥᠩ ᠡᠬᠢᠯᠡᠯᠳᠠ ᠶᠢᠨ ᠶᠤᠰᠤᠯᠠᠯ ᠳᠤ ᠤᠷᠤᠯᠴᠠᠵᠤ ᠶᠠᠷᠢᠶ᠎ᠠ ᠳᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠤ ᠶᠢᠨ ᠵᠦᠪᠯᠡᠯᠬᠡᠨ ᠤ ᠱᠦᠵᠢ ᠵᠣᠣ ᠱᠤᠸᠠᠨ ᠶᠠᠷᠢᠶ᠎ᠠ ᠳᠠᠯᠪᠢᠪᠠ᠃       ᠮᠠ ᠪᠣᠣ ᠷᠥᠩ᠂ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠡᠯ᠎ᠡ ᠮᠠᠩᠯᠠᠶᠢᠯᠠᠭᠴᠢ ᠤᠯᠠᠮᠵᠢᠯᠠᠯᠳᠤ ᠢᠷᠠᠭᠤ ᠠᠯᠳᠠᠷ ᠪᠠ ᠳᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠡᠬᠦᠷᠬᠡ ᠬᠠᠷᠢᠭᠤᠴᠠᠯᠭ᠎ᠠ ᠪᠠᠨ ᠴᠢᠩᠭᠠᠤᠨᠬᠠᠨ᠂ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠢᠳᠡᠪᠬᠢᠳᠠᠢ ᠪᠠᠷ ᠳᠤᠯᠤᠭᠠᠶᠢᠯᠠᠭᠴᠢ ᠤᠶᠢᠯᠡᠳᠤᠯ ᠦᠵᠡᠬᠦᠯᠤᠨ ᠳᠠᠭᠤᠷᠢᠶᠠᠯ ᠪᠤᠯᠵᠤ᠂ ᠮᠡᠷᠬᠡᠵᠢᠯ ᠲᠠᠢ᠂ ᠡᠵᠡᠩᠨᠡᠯᠳᠠ ᠬᠢᠵᠤ ᠴᠢᠳᠠᠬᠤ᠂ ᠲᠦᠷᠤ ᠶᠢᠨ ᠪᠤᠳᠤᠯᠭ᠎ᠠ ᠤᠶᠢᠯᠠᠭᠠᠬᠤ᠂ ᠬᠠᠤᠯᠢ ᠵᠠᠰᠠᠯᠳᠠ ᠶᠢ  ᠵᠢᠷᠤᠮᠯᠠᠬᠤ᠂ ᠬᠠᠮᠳᠤ ᠪᠠᠷ ᠪᠠᠶᠠᠵᠢᠬᠤ ᠶᠢ ᠠᠬᠢᠭᠤᠯᠬᠤ ᠮᠠᠩᠯᠠᠶᠢᠯᠠᠭᠴᠢ ᠪᠤᠯᠬᠤ ᠶᠢ ᠬᠦᠰᠡᠵᠤ ᠪᠠᠶᠢᠨ᠎ᠠ᠃ ᠨᠠᠶᠢᠬᠡᠮ ᠤᠨ ᠡᠯ᠎ᠡ ᠡᠳᠡᠬᠡᠤᠨ ᠤᠨ ᠬᠢᠨ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠤᠶᠢᠯᠡᠴᠢᠯᠡᠭᠡ ᠪᠠᠳᠤᠯᠠᠭ᠎ᠠ ᠶᠢᠨ ᠠᠵᠢᠯ ᠳᠤ ᠢᠳᠡᠪᠬᠢᠳᠠᠢ ᠤᠷᠤᠯᠴᠠᠨ᠂ ᠴᠡᠷᠢᠭ ᠤᠨ ᠠᠯᠪᠠᠨ  ᠠᠴᠠ ᠬᠠᠯᠠᠭᠳᠠᠭᠰᠠᠤᠨ ᠤᠨ ᠠᠮᠢᠳᠤᠷᠠᠯ ᠢ ᠬᠠᠯᠠᠮᠵᠢᠯᠠᠬᠤ᠂ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠳᠠᠬᠢᠨ ᠠᠵᠢᠯ ᠤᠯᠵᠤ ᠤᠶᠢᠯᠡᠰ ᠪᠦᠳᠤᠬᠡᠬᠦ ᠵᠡᠷᠬᠡ ᠳᠠᠯ᠎ᠠ ᠳᠤ ᠦᠷᠬᠦᠯᠵᠢᠯᠡᠨ ᠴᠢᠬᠤᠯᠠ ᠤᠶᠢᠯᠡᠳᠤᠯ ᠪᠠᠳᠠᠷᠠᠭᠤᠯᠬᠤ ᠶᠢ ᠬᠦᠰᠡᠵᠤ ᠪᠠᠶᠢᠨ᠎ᠠ ᠬᠡᠪᠡ᠃        ᠵᠣᠣ ᠱᠤᠸᠠᠨ ᠶᠠᠷᠢᠶᠠᠨ ᠳᠤ ᠪᠠᠨ᠂ ᠴᠡᠷᠢᠭ ᠤᠨ ᠠᠯᠪᠠᠨ ᠠᠴᠠ ᠬᠠᠯᠠᠭᠳᠠᠭᠰᠠᠤᠨ ︽ᠴᠡᠷᠢᠭ ᠠᠴᠠ ᠬᠠᠯᠠᠭᠳᠠᠭᠰᠠᠨ ᠴᠤ ᠡᠷᠴᠢ ᠵᠤᠷᠢᠭ ᠰᠤᠯᠠᠷᠠᠬᠤ ᠦᠬᠡᠢ᠂ ᠴᠡᠷᠢᠭ ᠠᠴᠠ ᠬᠠᠯᠠᠭᠳᠠᠭᠰᠠᠨ ᠴᠤ ᠤᠭ ᠴᠢᠨᠠᠷ ᠢᠶᠠᠨ ᠮᠠᠷᠳᠠᠬᠤ ᠦᠬᠡᠢ︾ ᠰᠢᠯᠢᠳᠡᠭ ᠵᠠᠩ ᠴᠢᠨᠠᠷ ᠢᠶᠠᠨ ᠦᠷᠬᠦᠯᠵᠢᠯᠡᠨ ᠪᠠᠳᠠᠷᠠᠭᠤᠯᠵᠤ᠂ ᠬᠦᠳᠡᠭᠡ ᠳᠤᠰᠬᠤᠨ ᠢ ᠬᠦᠭᠵᠢᠬᠦᠯᠤᠨ ᠮᠠᠨᠳᠤᠭᠤᠯᠬᠤ ᠠᠰᠢᠭᠳᠠᠢ ᠳᠤᠬᠢᠶᠠᠯ ᠢ ᠴᠢᠩᠭ᠎ᠠ ᠡᠵᠡᠮᠳᠡᠨ᠂ ᠬᠦᠳᠡᠭᠡ ᠳᠤᠰᠬᠤᠨ ᠮᠠᠯᠵᠢᠬᠤ ᠤᠷᠤᠨ  ᠳᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠶᠢ ᠬᠦᠰᠡᠵᠤ ᠪᠠᠶᠢᠨ᠎ᠠ᠃ ᠵᠡᠷᠬᠡᠯᠡᠳᠡᠭᠡ ᠬᠤᠰᠢᠭᠤ ᠳᠤᠭᠤᠷᠢᠭ ᠪᠦᠯᠬᠦᠮᠳᠠᠨ ᠬᠠᠮᠵᠢᠯᠴᠠᠵᠤ᠂ ᠰᠢᠯᠢᠳᠡᠭ ᠨᠠᠶᠢᠳᠡᠯᠢᠭ ᠳᠤᠷᠰᠢᠯᠭ᠎ᠠ ᠪᠠ ᠠᠷᠭ᠎ᠠ ᠠᠪᠴᠠᠯ ᠢᠶᠠᠨ ᠬᠠᠷᠢᠯᠴᠠᠨ ᠰᠤᠯᠢᠯᠴᠠᠨ᠂ ᠠᠵᠢᠯ ᠤᠯᠭᠤᠯᠳᠠ ᠤᠶᠢᠯᠡᠰ ᠪᠦᠳᠤᠬᠡᠯᠳᠠ ᠶᠢ ᠶᠡᠬᠡᠪᠡᠷ ᠠᠬᠢᠭᠤᠯᠵᠤ᠂ ᠴᠡᠷᠢᠭ ᠠᠴᠠ ᠬᠠᠯᠠᠭᠳᠠᠭᠰᠠᠤᠨ ᠢ ᠴᠢᠬᠤᠯᠠ ᠴᠢᠳᠠᠪᠤᠷᠢᠳᠠᠨ ᠤ ᠡᠬᠢ ᠪᠠᠶᠠᠯᠢᠭ ᠪᠤᠯᠭᠠᠨ  ᠬᠡᠷᠡᠭᠯᠡᠵᠤ ᠤᠶᠢᠯᠡᠳᠤᠯ ᠢ ᠨᠢ ᠰᠠᠶᠢᠳᠤᠷ ᠪᠠᠳᠠᠷᠠᠭᠤᠯᠤᠨ᠂ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠤᠶᠢᠯᠡᠴᠢᠯᠡᠬᠡᠨ ᠤ ᠤᠷᠤᠨ ᠪᠦᠰᠠ ᠶᠢᠨ ᠬᠠᠮᠳᠤᠷᠠᠯᠴᠠᠭ᠎ᠠ ᠶᠢᠨ ᠨᠠᠩ ᠶᠡᠭᠡ ᠰᠢᠪᠳᠤᠯᠤᠯᠳᠠ ᠶᠢ ᠬᠠᠮᠳᠤᠪᠠᠷ ᠠᠬᠢᠭᠤᠯᠬᠤ ᠶᠢ ᠬᠦᠰᠡᠵᠤ ᠪᠠᠶᠢᠨ᠎ᠠ ᠬᠡᠪᠡ᠃       ᠡᠨᠡ ᠬᠤᠭᠤᠴᠠᠭᠠᠨ ᠳᠤ᠂ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠮᠠᠩᠯᠠᠶᠢᠯᠠᠭᠴᠢ ᠶᠢᠨ ᠲᠦᠯᠤᠬᠡᠯᠡᠭᠴᠢ ᠶᠢ ᠬᠦᠬᠢᠬᠦᠯᠪᠡ᠃ ᠶᠤᠰᠤᠯᠠᠯ ᠤᠨ ᠳᠠᠷᠠᠭ᠎ᠠ᠂ ᠮᠠ ᠪᠤᠤ ᠷᠥᠩ ᠪᠠ ᠡᠯ᠎ᠡ ᠬᠤᠰᠢᠭᠤ ᠳᠤᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠬᠡᠷᠡᠭ ᠶᠠᠪᠤᠳᠠᠯ ᠤᠨ ᠳᠤᠪᠴᠢᠶ᠎ᠠ ᠶᠢᠨ ᠬᠠᠷᠢᠭᠤᠴᠠᠯᠭᠠᠳᠠᠤᠨ ᠤᠯᠵᠠᠴᠢ ᠪᠠᠯᠭᠠᠰᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠬᠤᠪᠢᠰᠬᠠᠯᠳᠤ ᠤᠶᠢᠯᠡᠴᠢᠯᠡᠬᠡᠨ ᠤ ᠦᠷᠳᠡᠭᠡ ᠪᠠ ᠬᠤᠰᠢᠭᠤ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠤᠶᠢᠯᠡᠴᠢᠯᠡᠬᠡᠨ ᠤ ᠲᠦᠪ ᠢᠶᠠᠷ ᠳᠤᠭᠤᠷᠢᠨ ᠦᠵᠡᠪᠡ᠃ ᠤᠶᠢᠯᠠᠭᠠᠯᠳᠠ ᠪᠠᠷ᠂ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠮᠠᠩᠯᠠᠶᠢᠯᠠᠭᠴᠢ 3 ᠡᠳᠤᠷ ᠤᠨ ᠬᠡᠷᠡᠭᠯᠡᠬᠡᠨ ᠤ ᠮᠡᠷᠬᠡᠵᠢᠯ ᠤᠨ ᠪᠤᠯᠪᠠᠰᠤᠷᠠᠯ ᠳᠤ ᠤᠷᠤᠯᠴᠠᠨ᠎ᠠ᠃       ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠰᠥᠩ ᠰᠢᠶᠣᠣ ᠯᠧᠢ ᠡᠬᠢᠯᠡᠯᠳᠠ ᠶᠢᠨ ᠶᠤᠰᠤᠯᠠᠯ ᠢ ᠡᠷᠬᠢᠯᠡᠪᠡ᠃ ᠬᠤᠳᠠ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠬᠡᠷᠡᠭ ᠶᠠᠪᠤᠳᠠᠯ ᠤᠨ ᠳᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠤᠨ᠂ ᠬᠤᠰᠢᠭᠤ ᠤᠳᠤᠷᠢᠳᠤᠯᠭ᠎ᠠ ᠤᠷᠬᠢᠯ᠂ ᠯᠢ ᠵᠢᠶᠠ ᠭᠤᠸᠠᠨ᠂ ᠼᠠᠢ ᠴᠧᠩ᠂ ᠴᠢ ᠵᠢᠶᠦ᠋ᠨ ᠵᠢᠴᠢ ᠡᠯ᠎ᠡ ᠬᠤᠰᠢᠭᠤ ᠳᠤᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠤᠨ ᠤᠨ ᠬᠡᠷᠡᠭ ᠶᠠᠪᠤᠳᠠᠯ ᠤᠨ ᠳᠤᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠠᠵᠢᠯ ᠤᠯᠭᠤᠯᠳᠠ ᠤᠶᠢᠯᠡᠰ ᠪᠦᠳᠤᠬᠡᠯᠳᠠ ᠶᠢᠨ ᠬᠠᠷᠢᠭᠤᠴᠠᠯᠭᠠᠳᠠᠤᠨ ᠡᠬᠢᠯᠡᠯᠳᠠ ᠶᠢᠨ ᠶᠤᠰᠤᠯᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号