︽2022 ᠤᠨ ᠤ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ | ᠪᠦᠰᠡᠯᠢᠭ ᠨᠠᠶᠢᠯᠡᠮᠡᠯ ᠳᠠᠷᠢᠯᠳᠠ ᠶᠢ ᠲᠦᠬᠡᠮᠡᠯᠵᠢᠬᠦᠯᠬᠦ ᠠᠵᠢᠯ ᠤᠨ ᠬᠡᠷᠡᠭᠵᠢᠬᠦᠯᠬᠦ | ᠲᠦᠰᠤᠯ︾ ᠢ ᠳᠠᠷᠤᠮᠠᠯᠯᠠᠨ ᠳᠠᠷᠬᠠᠭᠠᠬᠤ ᠳᠤᠬᠠᠢ ᠤᠳᠤᠭ ᠤᠨ ᠡᠮᠤᠨᠡᠳᠤ ᠬᠤᠰᠢᠭᠤᠨ ᠤ | ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ | | | ᠡᠯ᠎ᠡ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ᠂ ᠬᠤᠰᠢᠭᠤ ᠰᠢᠭᠤᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠰᠢᠭᠤᠤᠨ ᠬᠠᠷᠢᠶ᠎ᠠ | ᠨᠢᠬᠡᠴᠠ᠂ ᠡᠯ᠎ᠡ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ ᠳᠤ᠄ | ᠡᠳᠤᠬᠡ ᠲᠠᠨᠠᠷ ᠲᠤ ︽2022 ᠤᠨ ᠤ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢ | ᠲᠦᠬᠡᠮᠡᠯᠵᠢᠬᠦᠯᠬᠦ ᠠᠵᠢᠯ ᠤᠨ ᠬᠡᠷᠡᠭᠵᠢᠬᠦᠯᠬᠦ ᠲᠦᠰᠤᠯ︾ ᠢ ᠳᠠᠷᠤᠮᠠᠯᠯᠠᠨ ᠳᠠᠷᠬᠠᠭᠠᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ | ᠳᠤᠤᠱᠯᠠᠭᠤᠯᠤᠨ ᠬᠡᠷᠡᠭᠵᠢᠬᠦᠯᠰᠤᠬᠡᠢ᠃ | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ | 2022 ᠤᠨ ᠤ 3 ᠰᠠᠷ᠎ᠠ ᠶᠢᠨ 4 ᠤ ᠡᠳᠤᠷ | | | 2022 ᠤᠨ ᠤ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ | ᠪᠦᠰᠡᠯᠢᠭ ᠨᠠᠶᠢᠯᠡᠮᠡᠯ ᠳᠠᠷᠢᠯᠳᠠ ᠶᠢ ᠲᠦᠬᠡᠮᠡᠯᠵᠢᠬᠦᠯᠬᠦ ᠠᠵᠢᠯ ᠤᠨ ᠬᠡᠷᠡᠭᠵᠢᠬᠦᠯᠬᠦ ᠲᠦᠰᠤᠯ | ᠶᠡᠷᠤᠩᠬᠡᠢ ᠱᠦᠵᠢ ᠰᠢ ᠶᠢᠨ ᠫᠢᠩ ᠤᠨ ᠠᠮᠤ ᠪᠤᠳᠠᠭ᠎ᠠ ᠪᠠ ᠰᠢᠷ᠎ᠠ ᠪᠤᠷᠴᠠᠭ ᠤᠨ ᠤᠶᠢᠯᠡᠤᠨᠪᠤᠷᠢᠯᠡᠯ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠬᠦᠨᠵᠡᠬᠡᠢ ᠳᠤᠤᠱᠯᠠᠭᠤᠯᠤᠨ᠂ ᠲᠦᠪ ᠤᠨ ᠬᠦᠳᠡᠭᠡ ᠳᠤᠰᠬᠤᠨ ᠤ ᠠᠵᠢᠯ ᠤᠨ ᠬᠤᠷᠠᠯᠳᠤᠭᠠᠨ᠂ ᠪᠦᠬᠦ ᠤᠯᠤᠰ ᠤᠨ ᠮᠠᠯ ᠳᠠᠷᠢᠶᠠᠯᠠᠩ ᠬᠦᠳᠡᠭᠡ ᠳᠤᠰᠬᠤᠨ ᠤ | ᠲᠢᠩᠬᠢᠮ ᠳᠤᠪᠴᠢᠶᠠᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠤᠨ ᠢᠯᠡᠤᠨᠬᠡᠯ | ᠵᠢᠴᠢ ᠦᠪᠡᠷᠳᠡᠬᠡᠨ ᠵᠠᠰᠠᠬᠤ ᠤᠷᠤᠨ ᠤ ᠮᠠᠯᠵᠢᠬᠤ ᠳᠠᠷᠢᠶᠠᠯᠠᠬᠤ ᠤᠷᠤᠨ ᠤ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠨᠠᠶᠢᠳᠠᠪᠤᠷᠢᠵᠢᠭᠤᠯᠬᠤ ᠶᠢᠨ ᠲᠦᠯᠤᠬᠡ᠂ | ᠮᠠᠯ ᠳᠠᠷᠢᠶᠠᠯᠠᠩ ᠬᠦᠳᠡᠭᠡ ᠳᠤᠰᠬᠤᠨ ᠤ ᠶᠠᠮᠤᠨ᠂ ᠦᠪᠡᠷᠳᠡᠬᠡᠨ ᠵᠠᠰᠠᠬᠤ ᠤᠷᠤᠨ ᠤ ᠮᠠᠯ ᠳᠠᠷᠢᠶᠠᠯᠠᠩ ᠤᠨ ᠲᠢᠩᠬᠢᠮ᠂ ᠬᠤᠳᠠ ᠶᠢᠨ ᠨᠠᠮ ᠤᠨ ᠬᠤᠷᠢᠶ᠎ᠠ᠂ ᠵᠠᠰᠠᠭ | ᠤᠨ ᠤᠷᠳᠤᠨ᠂ ᠬᠤᠳᠠ ᠶᠢᠨ ᠮᠠᠯ ᠳᠠᠷᠢᠶᠠᠯᠠᠩ ᠤᠨ ᠳᠤᠪᠴᠢᠶ᠎ᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ | ᠪᠦᠰᠡᠯᠢᠭ ᠨᠠᠶᠢᠯᠠᠮᠠᠯ ᠳᠠᠷᠢᠯᠳᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠢ ᠦᠨᠳᠤᠰᠤᠯᠡᠨ᠂ 2022 ᠤᠨ ᠤ ᠰᠢᠷ᠎ᠠ ᠪᠤᠷᠴᠠᠭ ᠡᠷᠳᠡᠨᠢ ᠰᠢᠰᠢ | ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠢ ᠳᠡᠯᠬᠡᠷᠡᠬᠦᠯᠬᠦ ᠡᠬᠦᠷᠬᠡ ᠶᠢ ᠴᠢᠨᠠᠷᠯᠢᠭ ᠪᠦᠳᠤᠮᠵᠢᠳᠠᠢ ᠪᠡᠶᠡᠯᠡᠬᠦᠯᠬᠦ ᠶᠢᠨ ᠳᠤᠰᠠᠳᠠ᠂ ᠮᠠᠨ ᠤ ᠬᠤᠰᠢᠭᠤᠨ ᠤ | ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠤᠨᠴᠠᠭᠠᠶᠢᠯᠠᠨ ᠳᠤᠰ ᠲᠦᠰᠤᠯ ᠢ ᠳᠤᠭᠳᠠᠭᠠᠪᠠ᠃ | ᠨᠢᠬᠡ᠂ ᠦᠨᠳᠤᠰᠤᠨ ᠵᠠᠷᠴᠢᠮ | ︵ᠨᠢᠬᠡ︶ ᠤᠷᠤᠯᠭ᠎ᠠ ᠶᠢ ᠳᠤᠭᠳᠠᠪᠤᠷᠢᠵᠢᠭᠤᠯᠤᠨ ᠬᠠᠩᠭᠠᠯᠭ᠎ᠠ ᠶᠢ ᠪᠠᠳᠤᠯᠠᠬᠤ ᠶᠢ ᠪᠠᠷᠢᠮᠳᠠᠯᠠᠨ᠎ᠠ᠃ ᠪᠦᠰᠡᠯᠢᠭ ᠨᠠᠶᠢᠯᠡᠮᠡᠯ ᠳᠠᠷᠢᠯᠳᠠ ᠶᠢᠨ ᠬᠦᠪᠡᠭᠡ ᠵᠠᠬ᠎ᠠ ᠶᠢᠨ | ᠳᠠᠪᠠᠭᠤᠯᠢᠭ ᠢ ᠬᠦᠢᠴᠡᠤᠨ ᠪᠠᠳᠠᠷᠠᠭᠤᠯᠤᠨ᠂ ᠡᠷᠳᠡᠨᠢ ᠰᠢᠰᠢ ᠶᠢᠨ ᠴᠢᠬᠢ ᠶᠢ ᠬᠠᠮᠠᠭᠠᠯᠠᠬᠤ ᠨᠢᠭᠳᠠᠴᠠ ᠪᠠ ᠬᠦᠢᠴᠡᠤᠨ ᠪᠤᠷᠳᠤᠭᠤᠷ ᠤᠨ ᠤᠷᠤᠭᠤᠯᠤᠯᠳᠠ ᠶᠢ | ᠭᠤᠤᠯᠳᠠᠯᠭ᠎ᠠ ᠲᠠᠢ ᠠᠤᠨᠬᠤᠵᠤ᠂ ᠡᠷᠳᠡᠨᠢ ᠰᠢᠰᠢ ᠶᠢᠨ ᠤᠨᠠᠯᠳᠠ ᠶᠢ ᠪᠠᠭᠠᠰᠬᠠᠬᠤ ᠦᠬᠡᠢ ᠪᠤᠶᠤ ᠪᠠᠭ᠎ᠠ ᠪᠠᠭᠠᠰᠬᠠᠬᠤ ᠪᠠᠷ ᠴᠢᠷᠮᠠᠶᠢᠨ᠂ ᠰᠢᠷ᠎ᠠ ᠪᠤᠷᠴᠠᠭ ᠤᠨ | ᠤᠷᠤᠯᠭ᠎ᠠ ᠨᠡᠮᠡᠭᠳᠡᠬᠦᠯᠵᠤ᠂ ᠤᠷᠤᠯᠭ᠎ᠠ ᠶᠢ ᠪᠠᠭᠠᠰᠬᠠᠬᠤ ᠦᠬᠡᠢ ᠶᠢ ᠦᠨᠳᠤᠰᠤᠨ ᠳᠡᠭᠡᠨ ᠪᠡᠶᠡᠯᠡᠬᠦᠯᠤᠨ᠎ᠠ᠃ | ︵ᠬᠤᠶᠠᠷ︶ ᠰᠢᠨ᠎ᠠ ᠬᠡᠯᠪᠡᠷᠢ ᠶᠢᠨ ᠡᠵᠡᠩᠨᠡᠯᠳᠠ ᠶᠢᠨ ᠭᠤᠤᠯ ᠴᠤᠭᠴᠠ ᠶᠢᠨ ᠤᠳᠤᠷᠢᠳᠤᠮᠵᠢ ᠶᠢ ᠪᠠᠷᠢᠮᠳᠠᠯᠠᠨ᠎ᠠ᠃ ᠲᠦᠪᠯᠡᠷᠡᠩᠬᠦᠢ ᠵᠠᠯᠭᠠᠯᠳᠤᠭᠰᠡᠨ | ᠳᠡᠯᠬᠡᠷᠡᠬᠦᠯᠤᠯᠳᠠ ᠶᠢ ᠦᠷᠨᠢᠬᠦᠯᠤᠨ᠂ ᠮᠡᠷᠬᠡᠵᠢᠯ ᠤᠨ ᠨᠤᠷᠮ᠎ᠠ ᠶᠢ ᠳᠡᠬᠡᠭᠰᠢᠯᠡᠬᠦᠯᠵᠤ᠂ ᠮᠠᠯᠴᠢᠨ ᠳᠠᠷᠢᠶᠠᠴᠢᠨ ᠤ ᠰᠠᠨᠠᠯ ᠢ ᠬᠦᠨᠳᠤᠤᠨᠬᠡᠭᠰᠡᠨ ᠰᠠᠭᠤᠷᠢᠨ ᠳᠡᠬᠡᠷ᠎ᠡ᠂ | ᠢᠳᠡᠪᠬᠢᠵᠢᠯ ᠪᠦᠬᠦᠢ ᠳᠠᠷᠢᠮᠠᠯ ᠤᠨ ᠳᠤᠮᠤ ᠡᠷᠤᠬᠡ᠂ ᠬᠤᠷᠰᠢᠶᠠᠵᠢᠯ ᠪᠠ ᠬᠡᠷ ᠪᠦᠯᠢ ᠶᠢᠨ ᠮᠠᠯᠵᠢᠯ ᠳᠠᠷᠢᠶᠠᠯᠠᠩ ᠤᠨ ᠳᠠᠯᠠᠪᠤᠷ ᠢ ᠰᠤᠩᠭᠤᠵᠤ ᠠᠴᠢᠶᠠᠯᠠᠪᠤᠷᠢ ᠶᠢᠨ | ᠭᠤᠤᠯ ᠴᠤᠭᠴᠠ ᠪᠤᠯᠭᠠᠨ᠎ᠠ᠃ | ︵ᠭᠤᠷᠪᠠ︶ ᠤᠳᠤ ᠶᠢᠨ ᠪᠠᠶᠢᠭ᠎ᠠ ᠳᠠᠷᠢᠶᠠᠯᠠᠩ ᠤᠨ ᠮᠠᠰᠢᠨ ᠳᠤᠨᠤᠭᠯᠠᠯ ᠢ ᠦᠬᠡᠷᠡᠴᠢᠯᠡᠬᠦ ᠪᠠᠷ ᠭᠤᠤᠯ ᠪᠤᠯᠭᠠᠬᠤ ᠶᠢ ᠪᠠᠷᠢᠮᠳᠠᠯᠠᠨ᠎ᠠ᠃ ᠬᠠᠪᠤᠷ ᠤᠨ | ᠲᠠᠷᠢᠶᠠᠯᠠᠭ᠎ᠠ ᠶᠢᠨ ᠦᠶ᠎ᠡ ᠪᠠᠷ ︽ᠤᠷᠤᠨ ᠨᠤᠳᠤᠭ ᠪᠠ ᠬᠠᠷᠢ ᠶᠢ ᠤᠶᠠᠯᠳᠤᠭᠤᠯᠬᠤ︾ ᠶᠢ ᠪᠠᠷᠢᠮᠳᠠᠯᠠᠵᠤ᠂ ᠤᠳᠤ ᠶᠢᠨ ᠪᠠᠶᠢᠭ᠎ᠠ ᠳᠠᠷᠢᠯᠳᠠ ᠶᠢᠨ ᠮᠠᠰᠢᠨ ᠢ | ᠬᠦᠢᠴᠡᠤᠨ ᠠᠰᠢᠭᠯᠠᠬᠤ ᠶᠢ ᠵᠤᠷᠢᠭᠵᠢᠭᠤᠯᠤᠨ᠂ ᠨᠠᠶᠢᠯᠡᠮᠡᠯ ᠳᠠᠷᠢᠯᠳᠠ ᠶᠢᠨ ᠪᠦᠰᠡᠯᠢᠭ ᠬᠡᠯᠪᠡᠷᠢ ᠵᠢᠴᠢ ᠴᠢᠬᠢ ᠶᠢᠨ ᠵᠠᠢ ᠪᠠ ᠪᠤᠷᠳᠤᠭᠤᠷ ᠤᠷᠤᠭᠤᠯᠬᠤ ᠬᠡᠮᠵᠢᠶ᠎ᠡ ᠶᠢᠨ | ᠱᠠᠭᠠᠷᠳᠠᠯᠭ᠎ᠠ ᠶᠤᠰᠤᠭᠠᠷ ᠳᠤᠬᠢᠷᠠᠮᠵᠢᠳᠠᠢ ᠦᠬᠡᠷᠡᠴᠢᠯᠡᠨ ᠤᠭᠰᠠᠷᠠᠵᠤ᠂ ᠨᠠᠶᠢᠯᠡᠮᠡᠯ ᠳᠠᠷᠢᠯᠳᠠ ᠶᠢᠨ ᠤᠶᠢᠯᠡᠤᠨᠪᠤᠷᠢᠯᠡᠯ ᠤᠨ ᠬᠡᠷᠡᠭᠴᠡᠭᠡ ᠶᠢ ᠬᠠᠩᠭᠠᠨ᠎ᠠ᠃ ᠬᠠᠮᠳᠤ ᠳᠤ | ᠨᠢ᠂ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠪᠤᠳᠠᠳᠤ ᠪᠠᠶᠢᠳᠠᠯ ᠢᠶᠠᠨ ᠦᠨᠳᠤᠰᠤᠯᠡᠨ᠂ ᠨᠢᠬᠡ ᠴᠤᠭᠴᠠᠵᠢᠭᠰᠡᠨ ᠳᠤᠰᠬᠠᠢ ᠳᠠᠷᠢᠯᠳᠠ ᠶᠢᠨ ᠮᠠᠰᠢᠨ ᠬᠤᠳᠠᠯᠳᠤᠨ | ᠠᠪᠴᠤ᠂ ᠳᠠᠷᠢᠬᠤ᠂ ᠡᠪᠡᠰᠤ ᠠᠷᠢᠯᠭᠠᠬᠤ᠂ ᠬᠤᠷᠢᠶᠠᠬᠤ ᠵᠡᠷᠬᠡ ᠰᠢᠨ᠎ᠠ ᠮᠠᠰᠢᠨ ᠢ ᠰᠤᠳᠤᠯᠤᠨ ᠤᠶᠢᠯᠡᠳᠤᠨᠠ᠃ | ᠬᠤᠶᠠᠷ᠂ ᠡᠬᠦᠷᠬᠡ ᠬᠠᠷᠠᠯᠳᠠ ᠪᠠ ᠮᠡᠷᠬᠡᠵᠢᠯ ᠤᠨ ᠱᠠᠭᠠᠷᠳᠠᠯᠭ᠎ᠠ | ︵ᠨᠢᠬᠡ︶ ᠭᠤᠤᠯ ᠡᠬᠦᠷᠬᠡ᠃ ᠬᠤᠳᠠ ᠶᠢᠨ ᠮᠠᠯ ᠳᠠᠷᠢᠶᠠᠯᠠᠩ ᠤᠨ ᠳᠤᠪᠴᠢᠶ᠎ᠠ ᠶᠢᠨ ᠨᠢᠬᠡᠳᠤᠯᠳᠠᠢ ᠳᠤᠬᠢᠷᠠᠭᠤᠯᠭ᠎ᠠ ᠶᠤᠰᠤᠭᠠᠷ᠂ 2022 ᠤᠨ ᠳᠤ ᠪᠦᠬᠦ | ᠬᠤᠰᠢᠭᠤᠨ ᠳᠤ ᠨᠠᠶᠢᠳᠠ 1 ᠲᠦᠮᠡᠨ ᠮᠤ᠋ ᠶᠢᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢ ᠳᠡᠯᠬᠡᠷᠡᠬᠦᠯᠬᠦ ᠡᠬᠦᠷᠬᠡ ᠲᠠᠢ᠂ ᠪᠦᠬᠦ | ᠬᠤᠰᠢᠭᠤᠨ ᠤ 4 ᠪᠠᠯᠭᠠᠰᠤ ᠲᠠᠢ ᠬᠤᠯᠪᠤᠭᠳᠠᠨ᠎ᠠ᠃ ᠡᠬᠦᠨ ᠳᠤ᠄ ᠪᠤᠷᠤᠪᠠᠯᠭᠠᠰᠤ ᠪᠠᠯᠭᠠᠰᠤ 0.4 ᠲᠦᠮᠡᠨ ᠮᠤ᠋᠂ ᠤᠯᠵᠠᠴᠢ ᠪᠠᠯᠭᠠᠰᠤ 0.2 ᠲᠦᠮᠡᠨ ᠮᠤ᠋᠂ ᠨᠠᠩᠰᠤ | ᠪᠠᠯᠭᠠᠰᠤ 0.2 ᠲᠦᠮᠡᠨ ᠮᠤ᠋᠂ ᠱᠠᠩᠬᠠᠢ ᠶᠢᠨ ᠰᠦᠮ᠎ᠠ ᠪᠠᠯᠭᠠᠰᠤ 0.2 ᠲᠦᠮᠡᠨ ᠮᠤ᠋᠃ ᠵᠠᠷᠴᠢᠮ ᠳᠡᠬᠡᠷ᠎ᠡ ᠪᠠᠨ ᠠᠵᠤ ᠠᠬᠤᠶᠢᠯᠠᠯ᠂ ᠬᠤᠷᠰᠢᠶᠠᠵᠢᠯ᠂ ᠳᠠᠷᠢᠮᠠᠯ ᠤᠨ | ᠳᠤᠮᠤ ᠡᠷᠤᠬᠡ ᠶᠢᠨ ᠬᠠᠷᠢᠴᠠᠩᠭᠤᠢ ᠪᠠᠷ ᠲᠦᠪᠯᠡᠷᠡᠭᠰᠡᠨ ᠬᠠᠤᠯᠢ ᠶᠤᠰᠤᠨ ᠤ ᠳᠠᠷᠢᠶᠠᠨ ᠭᠠᠵᠠᠷ ᠲᠤ ᠳᠠᠷᠢᠬᠤ ᠶᠢ ᠱᠠᠭᠠᠷᠳᠠᠨ᠎ᠠ᠃ | ︵ᠬᠤᠶᠠᠷ︶ ᠵᠢᠱᠢᠭᠰᠡᠨ ᠬᠠᠷᠠᠯᠳᠠ᠃ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠱᠠᠭᠠᠷᠳᠠᠯᠭ᠎ᠠ ᠶᠤᠰᠤᠭᠠᠷ᠂ | ᠲᠦᠷᠤᠯ ᠡᠬᠦᠯᠳᠡᠷ ᠢ ᠰᠤᠩᠭᠤᠨ ᠳᠤᠬᠢᠷᠠᠭᠤᠯᠬᠤ᠂ ᠵᠠᠢ ᠶᠢ ᠦᠷᠬᠡᠤᠨᠬᠡᠨ ᠬᠡᠷᠡᠯ ᠤᠨ ᠳᠤᠰᠤᠯᠳᠠ ᠶᠢ ᠨᠡᠮᠡᠭᠳᠡᠬᠦᠯᠬᠦ᠂ ᠴᠢᠬᠢ ᠶᠢᠨ ᠵᠠᠢ ᠶᠢ ᠪᠠᠭᠠᠰᠬᠠᠨ ᠨᠢᠭᠳᠠᠴᠠ ᠶᠢ | ᠪᠠᠳᠤᠯᠠᠬᠤ ᠪᠠᠷ ᠳᠠᠮᠵᠢᠨ᠂ ᠳᠠᠷᠢᠶᠠᠨ ᠭᠠᠵᠠᠷ ᠢ ᠳᠡᠭᠰᠢᠯᠡᠬᠦ ᠪᠠ ᠳᠠᠷᠢᠶᠠᠨ ᠭᠠᠵᠠᠷ ᠤᠨ ᠬᠠᠮᠢᠶᠠᠷᠤᠯᠳᠠ ᠶᠢ ᠴᠢᠩᠭᠠᠤᠨᠬᠠᠵᠤ᠂ ᠶᠡᠷᠤᠩᠬᠡᠢ ᠮᠡᠷᠬᠡᠵᠢᠯ ᠤᠨ ᠨᠤᠷᠮ᠎ᠠ ᠶᠢ | ᠳᠡᠬᠡᠭᠰᠢᠯᠡᠬᠦᠯᠤᠨ᠂ ᠮᠤ᠋ ᠪᠦᠷᠢ ᠶᠢᠨ ᠨᠠᠶᠢᠯᠡᠮᠡᠯ ᠳᠠᠷᠢᠯᠳᠠ ᠶᠢᠨ ᠭᠠᠵᠠᠷ ᠤᠨ ᠡᠷᠳᠡᠨᠢ ᠰᠢᠰᠢ ᠶᠢᠨ ᠤᠨᠠᠯᠳᠠ ᠶᠢ ᠦᠨᠳᠤᠰᠤᠨ ᠳᠤ ᠪᠠᠨ ᠳᠤᠭᠳᠠᠭᠤᠨ ᠪᠠᠶᠢᠯᠭᠠᠵᠤ᠂ | ᠤᠰᠤᠯᠠᠯᠳᠠ ᠶᠢᠨ ᠭᠠᠵᠠᠷ ᠲᠤ 150 ᠵᠢᠩ ᠤᠷᠴᠢᠮ ᠤᠨ ᠰᠢᠷ᠎ᠠ ᠪᠤᠷᠴᠠᠭ ᠤᠨ ᠤᠷᠤᠯᠭ᠎ᠠ ᠨᠡᠮᠡᠭᠳᠡᠬᠦᠯᠬᠦ ᠶᠢ ᠪᠠᠳᠤᠯᠠᠨ᠎ᠠ︔ ᠨᠤᠭᠤᠭᠠᠨ ᠳᠠᠷᠤᠰᠢ ᠶᠢᠨ ᠭᠠᠵᠠᠷ ᠲᠤ | 1000 ᠵᠢᠩ ᠤᠷᠴᠢᠮ ᠤᠨ ᠠᠮᠢᠳᠤ ᠪᠤᠳᠠᠰ ᠤᠨ ᠬᠡᠮᠵᠢᠶ᠎ᠡ ᠶᠢ ᠨᠡᠮᠡᠭᠳᠡᠬᠦᠯᠤᠨ᠎ᠠ᠃ | ︵ᠭᠤᠷᠪᠠ︶ ᠮᠡᠷᠬᠡᠵᠢᠯ ᠤᠨ ᠱᠠᠭᠠᠷᠳᠠᠯᠭ᠎ᠠ᠃ ᠨᠠᠶᠢᠮᠡᠯᠡᠯ ᠳᠠᠷᠢᠯᠳᠠ ᠶᠢᠨ ᠡᠷᠳᠡᠨᠢ ᠰᠢᠰᠢ ᠶᠢᠨ ᠬᠦᠪᠡᠭᠡ ᠵᠠᠬ᠎ᠠ ᠶᠢᠨ ᠳᠠᠪᠠᠭᠤᠯᠢᠭ ᠢ ᠬᠠᠮᠤᠭ ᠶᠡᠭᠡ ᠬᠡᠮᠵᠢᠶ᠎ᠠ | ᠪᠠᠷ ᠪᠠᠳᠠᠷᠠᠭᠤᠯᠬᠤ ᠮᠡᠷᠬᠡᠵᠢᠯ ᠤᠨ ᠱᠠᠭᠠᠷᠳᠠᠯᠭ᠎ᠠ ᠶᠤᠰᠤᠭᠠᠷ᠂ ᠡᠯ᠎ᠡ ᠪᠠᠯᠭᠠᠰᠤ ᠤᠶᠢᠯᠡᠤᠨᠪᠤᠷᠢᠯᠡᠯ ᠤᠨ ᠪᠤᠳᠠᠳᠤ ᠪᠠᠶᠢᠳᠠᠯ ᠪᠠ ᠡᠳᠤᠬᠡ ᠪᠠᠶᠢᠭ᠎ᠠ ᠮᠠᠰᠢᠨ ᠳᠤᠨᠤᠭᠯᠠᠯ | ᠤᠨ ᠪᠠᠶᠢᠳᠠᠯ ᠢᠶᠠᠨ ᠦᠨᠳᠤᠰᠤᠯᠡᠨ ᠭᠠᠵᠠᠷ ᠤᠷᠤᠨ ᠳᠤ ᠨᠢ ᠳᠤᠬᠢᠷᠠᠭᠤᠯᠤᠨ 2 ᠮᠦᠷ ᠪᠤᠶᠤ 4 ᠮᠦᠷ ᠰᠢᠷ᠎ᠠ ᠪᠤᠷᠴᠠᠭ᠂ 4 ᠮᠦᠷ ᠡᠷᠳᠡᠨᠢ ᠰᠢᠰᠢ ᠶᠢᠨ ᠴᠢᠯᠤᠬᠡᠳᠤ | ᠰᠤᠩᠭᠤᠯᠳᠠ ᠪᠠᠷ ᠪᠦᠰᠡᠯᠢᠭ ᠬᠡᠯᠪᠡᠷᠢ ᠶᠢ ᠳᠤᠭᠳᠠᠭᠠᠵᠤ ᠪᠤᠯᠤᠨ᠎ᠠ᠃ ᠤᠶᠢᠯᠡᠤᠨᠪᠤᠷᠢᠯᠡᠯ ᠳᠤᠮᠳᠠ ᠰᠢᠷ᠎ᠠ ᠪᠤᠷᠴᠠᠭ ᠪᠠ ᠡᠷᠳᠠᠨᠢ ᠰᠢᠰᠢ ᠶᠢᠨ ᠳᠤᠬᠢᠷᠠᠮᠵᠢᠳᠠᠢ ᠲᠦᠷᠤᠯ | ᠡᠬᠦᠯᠳᠡᠷ ᠢ ᠭᠤᠤᠯᠳᠠᠯᠭ᠎ᠠ ᠲᠠᠢ ᠰᠤᠩᠭᠤᠵᠤ᠂ ᠠᠳᠠᠯᠢ ᠪᠤᠰᠤ ᠶᠢᠨ ᠪᠦᠰᠡᠯᠢᠭ ᠳᠤᠤᠷ᠎ᠠ ᠡᠷᠳᠡᠨᠢ ᠰᠢᠰᠢ ᠶᠢᠨ ᠳᠠᠷᠢᠯᠳᠠ ᠶᠢᠨ ᠨᠢᠭᠳᠠᠴᠠ ᠶᠢ ᠪᠠᠷᠢᠮᠵᠢᠶ᠎ᠠ ᠳᠤ | ᠨᠠᠶᠢᠴᠡᠬᠦᠯᠵᠤ᠂ ᠤᠰᠤ ᠪᠤᠷᠳᠤᠭᠤᠷ ᠤᠨ ᠬᠠᠮᠢᠶᠠᠷᠤᠯᠳᠠ ᠶᠢ ᠤᠨᠤᠪᠴᠢᠳᠠᠢ ᠪᠠᠶᠢᠯᠭᠠᠨ᠂ ᠡᠪᠡᠰᠤ ᠠᠷᠢᠯᠭᠠᠬᠤ ᠪᠠ ᠡᠪᠡᠤᠨᠴᠢᠨ ᠬᠤᠷᠤᠬᠠᠢ ᠶᠢᠨ ᠬᠦᠨᠤᠬᠡᠯ ᠢ | ᠰᠡᠷᠬᠡᠶᠢᠯᠡᠨ ᠵᠠᠰᠠᠬᠤ ᠮᠡᠷᠬᠡᠵᠢᠯ ᠢ ᠨᠠᠶᠢᠳᠠᠪᠤᠷᠢᠵᠢᠭᠤᠯᠬᠤ ᠶᠢ ᠪᠠᠳᠤᠯᠠᠨ᠎ᠠ ︵ᠨᠠᠷᠢᠨ ᠪᠠᠶᠢᠳᠠᠯ ᠢ ᠳᠠᠷᠢᠯᠳᠠ ᠶᠢᠨ ᠮᠡᠷᠬᠡᠵᠢᠯ ᠤᠨ ᠶᠠᠪᠤᠴᠠ ᠠᠴᠠ ᠦᠵᠡᠬᠡᠷᠡᠢ︶᠃ | ᠭᠤᠷᠪᠠ᠂ ᠠᠵᠢᠯ ᠤᠨ ᠠᠬᠢᠴᠠ | ᠬᠤᠰᠢᠭᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠠᠵᠢᠯ ᠤᠨ ᠳᠤᠰᠬᠠᠢ ᠪᠠᠭ ᠠᠴᠠ ᠳᠤᠬᠢᠷᠠᠭᠤᠯᠬᠤ᠂ | ᠶᠠᠷᠤᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ | ᠠᠵᠢᠯ ᠤᠨ ᠳᠤᠰᠬᠠᠢ ᠮᠡᠷᠬᠡᠵᠢᠯᠳᠠᠨ ᠤ ᠵᠢᠯᠤᠭᠤᠤᠨᠬᠤ ᠳᠤᠭᠤᠶᠢᠯᠠᠩ ᠠᠴᠠ ᠪᠤᠯᠪᠠᠰᠤᠷᠠᠯ ᠢ ᠵᠤᠬᠢᠶᠠᠨ ᠪᠠᠶᠢᠭᠤᠯᠬᠤ ᠪᠠ ᠮᠡᠷᠬᠡᠵᠢᠯ ᠤᠨ ᠤᠶᠢᠯᠡᠴᠢᠯᠡᠬᠡᠨ ᠤ | ᠵᠢᠯᠤᠭᠤᠳᠤᠯᠭ᠎ᠠ ᠶᠢ ᠬᠠᠷᠢᠭᠤᠴᠠᠨ᠎ᠠ᠃ | ᠬᠠᠪᠤᠷ ᠤᠨ ᠳᠠᠷᠢᠯᠭ᠎ᠠ ᠠᠴᠠ ᠡᠮᠤᠨ᠎ᠡ᠄ ᠡᠯ᠎ᠡ ᠪᠠᠯᠭᠠᠰᠤ ᠡᠬᠦᠷᠬᠡ ᠪᠠᠨ ᠪᠤᠳᠠᠳᠠᠢ ᠭᠠᠵᠠᠷ ᠲᠤ ᠨᠢ ᠨᠠᠶᠢᠳᠠᠪᠤᠷᠢᠵᠢᠭᠤᠯᠤᠨ᠂ ᠮᠡᠷᠬᠡᠵᠢᠯ ᠢᠶᠠᠨ ᠪᠤᠳᠠᠳᠤ ᠬᠦᠮᠤᠨ | ᠳᠤ ᠨᠢ ᠡᠵᠡᠮᠳᠡᠬᠦᠯᠵᠤ᠂ ᠲᠦᠷᠤᠯ ᠡᠬᠦᠯᠳᠡᠷ ᠢ ᠡᠷᠤᠬᠡ ᠳᠤ ᠨᠢ ᠨᠦᠬᠡᠴᠡᠯᠡᠬᠦ ᠶᠢ ᠪᠠᠳᠤᠯᠠᠨ᠎ᠠ᠃ | 3 ᠰᠠᠷ᠎ᠠ ᠶᠢᠨ 15 ᠠᠴᠠ ᠡᠮᠤᠨ᠎ᠡ᠄ ᠡᠯ᠎ᠡ ᠪᠠᠯᠭᠠᠰᠤ ᠭᠤᠤᠯ ᠴᠤᠭᠴᠠ᠂ ᠭᠠᠵᠠᠷ ᠰᠢᠷᠤᠢ᠂ ᠪᠦᠰᠡᠯᠢᠭ ᠤᠨ ᠬᠡᠯᠪᠡᠷᠢ᠂ ᠲᠦᠷᠤᠯ ᠡᠬᠦᠯᠳᠡᠷ ᠢᠶᠠᠨ | ᠳᠤᠭᠳᠠᠭᠠᠵᠤ᠂ ᠰᠢᠷ᠎ᠠ ᠪᠤᠷᠴᠠᠭ ᠤᠨ ᠦᠷ᠎ᠠ ᠶᠢᠨ ᠨᠦᠬᠡᠴᠡᠯᠡᠯᠳᠠ ᠶᠢᠨ ᠪᠠᠶᠢᠳᠠᠯ ᠪᠠ ᠬᠠᠩᠭᠠᠯᠭ᠎ᠠ ᠶᠢᠨ ᠳᠤᠳᠠᠭᠤᠳᠠᠯ ᠢᠶᠠᠨ ᠴᠠᠭ ᠳᠤᠬᠠᠢ ᠳᠤ ᠨᠢ ᠳᠤᠬᠢᠷᠠᠭᠤᠯᠤᠨ᠂ | ᠳᠤᠬᠢᠷᠠᠮᠵᠢᠳᠠᠢ ᠰᠢᠷ᠎ᠠ ᠪᠤᠷᠴᠠᠭ ᠢ ᠤᠷᠢᠤᠨᠴᠢᠯᠡᠨ ᠬᠤᠳᠠᠯᠳᠤᠨ ᠠᠪᠴᠤ ᠨᠦᠬᠡᠴᠡᠯᠡᠵᠤ᠂ ᠬᠠᠤᠯᠢ ᠳᠤᠭᠳᠠᠭᠠᠯ ᠳᠤ ᠨᠠᠶᠢᠴᠡᠭᠰᠡᠨ ᠰᠢᠯᠢᠳᠡᠭ ᠦᠷ᠎ᠠ ᠶᠢᠨ ᠬᠦᠢᠴᠡᠤᠨ | ᠬᠠᠩᠭᠠᠯᠭ᠎ᠠ ᠶᠢ ᠪᠠᠳᠤᠯᠠᠨ᠎ᠠ᠃ | 3 ᠰᠠᠷ᠎ᠠ ᠶᠢᠨ ᠰᠡᠬᠦᠯᠴᠢ ᠠᠴᠠ ᠡᠮᠤᠨ᠎ᠡ᠄ ᠤᠷᠤᠨ ᠪᠦᠰᠡ ᠬᠤᠪᠢᠶᠠᠨ ᠳᠠᠷᠢᠬᠤ ᠮᠠᠰᠢᠨ ᠮᠧᠬᠠᠨᠢᠭ ᠤᠨ ᠪᠤᠯᠪᠠᠰᠤᠷᠠᠯ ᠤᠨ ᠦᠵᠡᠬᠦᠯᠬᠡ ᠶᠢ ᠦᠷᠨᠢᠬᠦᠯᠤᠨ᠂ | ᠳᠠᠷᠢᠯᠳᠠ ᠶᠢᠨ ᠮᠠᠰᠢᠨ ᠮᠧᠬᠠᠨᠢᠭ ᠢ ᠦᠬᠡᠷᠡᠴᠢᠯᠡᠨ ᠨᠠᠶᠢᠳᠠᠪᠤᠷᠢᠵᠢᠭᠤᠯᠤᠨ᠎ᠠ︔ ᠳᠠᠷᠢᠯᠳᠠ ᠶᠢᠨ ᠡᠷᠤᠬᠡ ᠳᠤ ᠪᠤᠯᠪᠠᠰᠤᠷᠠᠯ ᠤᠨ ᠪᠦᠬᠦ ᠪᠦᠷᠬᠦᠴᠠ ᠶᠢ ᠪᠡᠶᠡᠯᠡᠬᠦᠯᠵᠤ᠂ | ᠳᠤᠰᠬᠠᠢ ᠮᠡᠷᠬᠡᠵᠢᠯ ᠢᠶᠠᠷ ᠪᠠᠭᠤᠷᠠᠢ ᠭᠠᠵᠠᠷ ᠤᠷᠤᠨ ᠳᠤ ᠳᠤᠬᠠᠢ ᠶᠢᠨ ᠭᠠᠵᠠᠷ ᠤᠨ ᠵᠢᠯᠤᠭᠤᠳᠤᠯᠭ᠎ᠠ ᠪᠠ ᠪᠤᠯᠪᠠᠰᠤᠷᠠᠯ ᠢ ᠠᠳᠠᠭ ᠲᠤ ᠪᠠᠨ 2 ᠤᠳᠠᠭ᠎ᠠ ᠬᠢᠨ᠎ᠠ᠃ | 4 ᠰᠠᠷ᠎ᠠ ᠶᠢᠨ ᠳᠤᠮᠳᠠᠴᠢ ᠠᠴᠠ ᠡᠮᠤᠨ᠎ᠡ᠄ ᠳᠠᠷᠢᠯᠳᠠ ᠶᠢᠨ ᠮᠠᠰᠢᠨ ᠢᠶᠠᠨ ᠳᠠᠷᠢᠶᠠᠨ ᠭᠠᠵᠠᠷ ᠲᠤ ᠳᠤᠷᠰᠢᠵᠤ᠂ ᠳᠠᠷᠢᠭᠴᠢ ᠶᠢ ᠪᠤᠯᠪᠠᠰᠤᠷᠠᠭᠤᠯᠤᠨ᠂ ᠳᠠᠷᠢᠯᠳᠠ | ᠶᠢᠨ ᠮᠠᠰᠢᠨ ᠮᠡᠷᠬᠡᠵᠢᠯ ᠤᠨ ᠱᠠᠭᠠᠷᠳᠠᠯᠭ᠎ᠠ ᠶᠤᠰᠤᠭᠠᠷ ᠠᠵᠢᠯᠯᠠᠵᠤ᠂ ᠳᠠᠷᠢᠭᠴᠢ ᠲᠦᠷᠢᠮᠵᠢᠬᠦᠨ ᠠᠵᠢᠯᠯᠠᠵᠤ ᠴᠢᠳᠠᠬᠤ ᠪᠤᠯᠬᠤ ᠬᠡᠷᠡᠭᠳᠠᠢ᠃ | ᠳᠠᠷᠢᠯᠳᠠ ᠶᠢᠨ ᠬᠤᠭᠤᠴᠠᠭ᠎ᠠ᠄ ᠳᠠᠷᠢᠯᠳᠠ ᠶᠢᠨ ᠮᠠᠰᠢᠨ ᠢ ᠨᠠᠶᠢᠳᠠᠪᠤᠷᠢᠵᠢᠭᠤᠯᠤᠨ᠂ ᠳᠤᠬᠢᠷᠠᠮᠵᠢᠳᠠᠢ ᠴᠠᠭ ᠲᠤ ᠳᠠᠷᠢᠵᠤ ᠳᠠᠷᠢᠯᠳᠠ ᠶᠢᠨ ᠴᠢᠨᠠᠷ ᠢ ᠪᠠᠳᠤᠯᠠᠨ᠎ᠠ᠃ | | ᠦᠰᠤᠯᠳᠠ ᠶᠢᠨ ᠤᠯᠠᠷᠢᠯ᠄ ᠳᠠᠷᠢᠶ᠎ᠠ ᠠᠷᠴᠢᠬᠤ᠂ ᠤᠷᠭᠤᠴᠠ ᠶᠢ ᠬᠠᠮᠠᠭᠠᠯᠠᠬᠤ ᠮᠠᠰᠢᠨ ᠢ ᠪᠤᠳᠠᠳᠠᠶᠢᠵᠢᠭᠤᠯᠤᠨ᠎ᠠ︔ ᠳᠠᠷᠢᠶ᠎ᠠ ᠠᠷᠴᠢᠬᠤ᠂ ᠡᠪᠡᠰᠤ ᠠᠷᠢᠯᠭᠠᠬᠤ | ᠂ ᠪᠤᠷᠳᠤᠭᠤᠷ ᠤᠷᠤᠭᠤᠯᠬᠤ᠂ ᠤᠰᠤᠯᠠᠬᠤ᠂ ᠡᠪᠡᠤᠨᠴᠢᠨ ᠬᠤᠷᠤᠬᠠᠢ ᠶᠢᠨ ᠬᠦᠨᠤᠬᠡᠯ ᠢ ᠰᠡᠷᠬᠡᠶᠢᠯᠡᠨ ᠵᠠᠰᠠᠬᠤ ᠵᠡᠷᠬᠡ ᠭᠤᠭᠴᠤᠭ᠎ᠠ ᠶᠢᠨ ᠪᠦᠬᠦ ᠶᠠᠪᠤᠴᠠ ᠶᠢ ᠮᠦᠷᠳᠡᠨ | ᠵᠢᠯᠤᠭᠤᠳᠤᠨ᠎ᠠ᠃ ᠳᠤᠭᠤᠷᠢᠨ ᠦᠵᠡᠭᠦᠯᠦᠯᠭᠡ ᠶᠢᠨ ᠪᠤᠯᠪᠠᠰᠤᠷᠠᠭᠤᠯᠤᠯ ᠵᠢᠴᠢ ᠤᠬᠠᠭᠤᠯᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠤᠨ᠎ᠠ᠃ | ᠬᠤᠷᠢᠶᠠᠯᠳᠠ ᠶᠢᠨ ᠤᠯᠠᠷᠢᠯ᠄ ᠬᠤᠷᠢᠶᠠᠯᠳᠠ ᠶᠢᠨ ᠮᠠᠰᠢᠨ ᠢ ᠨᠠᠶᠢᠳᠠᠪᠤᠷᠢᠵᠢᠭᠤᠯᠤᠨ᠂ ᠤᠨᠠᠯᠳᠠ ᠶᠢ ᠬᠡᠮᠵᠢᠬᠦ ᠪᠠ ᠳᠤᠭ᠎ᠠ ᠮᠠᠭᠠᠤᠨ ᠴᠤᠭᠯᠠᠭᠤᠯᠬᠤ ᠶᠢ ᠰᠠᠶᠢᠳᠤᠷ | ᠬᠢᠵᠤ᠂ ᠬᠠᠳᠠᠭᠠᠯᠠᠬᠤ ᠳᠡᠬᠡᠬᠡᠪᠤᠷᠢᠯᠡᠬᠦ ᠪᠤᠷᠤᠯᠠᠭᠤᠯᠬᠤ ᠵᠡᠷᠬᠡ ᠠᠰᠠᠭᠤᠳᠠᠯ ᠢ ᠵᠤᠬᠢᠴᠠᠭᠤᠯᠤᠨ ᠰᠢᠢᠤᠨᠪᠤᠷᠢᠯᠡᠨ᠎ᠡ᠃ | ᠲᠦᠷᠪᠡ᠂ ᠪᠠᠳᠤᠯᠠᠭ᠎ᠠ ᠶᠢᠨ ᠠᠷᠭ᠎ᠠ ᠠᠪᠴᠠᠯ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠤᠨᠬᠠᠨ᠎ᠠ᠃ ᠡᠯ᠎ᠡ ᠪᠠᠯᠭᠠᠰᠤ ᠶᠢᠨ ᠬᠢᠨ ᠠᠵᠢᠯ ᠤᠨ ᠳᠤᠰᠬᠠᠢ ᠪᠠᠭ ᠪᠠᠶᠢᠭᠤᠯᠤᠨ᠂ | ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠷ ᠨᠢᠬᠡᠳᠤᠯᠳᠠᠢ ᠲᠦᠯᠤᠪᠵᠢᠬᠦᠯᠤᠨ ᠠᠬᠢᠭᠤᠯᠬᠤ ᠶᠢ ᠪᠠᠷᠢᠮᠳᠠᠯᠠᠵᠤ᠂ ᠡᠯ᠎ᠡ ᠵᠦᠢᠯ ᠤᠨ ᠠᠷᠭ᠎ᠠ ᠠᠪᠴᠠᠯ ᠢ | ᠨᠠᠶᠢᠳᠠᠪᠤᠷᠢᠵᠢᠭᠤᠯᠵᠤ ᠪᠤᠳᠠᠳᠠᠶᠢᠵᠢᠭᠤᠯᠤᠨ᠂ ᠨᠠᠶᠢᠯᠡᠮᠡᠯ ᠳᠠᠷᠢᠯᠳᠠ ᠶᠢᠨ ᠡᠬᠦᠷᠬᠡ ᠶᠢ ᠴᠢᠨᠠᠷᠯᠢᠭ ᠪᠡᠶᠡᠯᠡᠬᠦᠯᠬᠦ ᠳᠤ ᠵᠤᠬᠢᠶᠠᠨ ᠪᠠᠶᠢᠭᠤᠯᠤᠯᠳᠠ ᠶᠢᠨ ᠬᠦᠴᠤᠳᠤ | ᠪᠠᠳᠤᠯᠠᠭ᠎ᠠ ᠬᠠᠩᠭᠠᠨ᠎ᠠ᠃ | ︵ᠬᠤᠶᠠᠷ︶ ᠪᠤᠯᠪᠠᠰᠤᠷᠠᠯ ᠵᠢᠯᠤᠭᠤᠳᠤᠯᠭ᠎ᠠ ᠶᠢ ᠴᠢᠩᠭᠠᠤᠨᠬᠠᠨ᠎ᠠ᠃ ᠡᠯ᠎ᠡ ᠪᠠᠯᠭᠠᠰᠤ ᠶᠢᠨ ᠬᠢᠨ ᠮᠡᠷᠬᠡᠵᠢᠯ ᠤᠨ ᠵᠢᠯᠤᠭᠤᠳᠤᠯᠭ᠎ᠠ ᠶᠢᠨ ᠳᠤᠭᠤᠶᠢᠯᠠᠩ ᠪᠠᠶᠢᠭᠤᠯᠤᠨ | ᠂ ᠦᠪᠡᠷᠳᠡᠬᠡᠨ ᠵᠠᠰᠠᠬᠤ ᠤᠷᠤᠨ᠂ ᠬᠤᠳᠠ᠂ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠠᠵᠢᠯ ᠤᠨ ᠳᠤᠰᠬᠠᠢ | ᠮᠡᠷᠬᠡᠵᠢᠯᠳᠠᠨ ᠤ ᠵᠢᠯᠤᠭᠤᠤᠨᠬᠤ ᠳᠤᠭᠤᠶᠢᠯᠠᠩ ᠲᠠᠢ ᠬᠠᠮᠵᠢᠯᠴᠠᠨ ᠳᠤᠰ ᠭᠠᠵᠠᠷ ᠤᠷᠤᠨ ᠤ ᠪᠠᠨ ᠮᠡᠷᠬᠡᠵᠢᠯ ᠤᠨ ᠵᠠᠭᠪᠤᠷ ᠢ ᠨᠠᠷᠢᠯᠢᠭᠵᠢᠭᠤᠯᠤᠨ ᠳᠡᠬᠦᠯᠳᠡᠷᠵᠢᠬᠦᠯᠵᠤ᠂ | ᠳᠠᠷᠢᠯᠳᠠ ᠳᠤᠮᠳᠠ ᠤᠷᠤᠰᠢᠵᠤ ᠪᠠᠶᠢᠭ᠎ᠠ ᠪᠤᠳᠠᠳᠤ ᠠᠰᠠᠭᠤᠳᠠᠯ ᠪᠠ ᠬᠦᠴᠢᠷᠳᠠᠯ ᠢ ᠪᠦᠬᠦ ᠬᠦᠴᠤᠨ ᠢᠶᠠᠷ ᠰᠢᠢᠤᠨᠪᠤᠷᠢᠯᠡᠨ᠂ ᠮᠡᠷᠬᠡᠵᠢᠯ ᠤᠨ ᠵᠢᠯᠤᠭᠤᠳᠤᠯᠭ᠎ᠠ ᠶᠢ | ᠪᠦᠬᠦᠶᠢᠯᠡ ᠬᠡᠷᠡᠭᠵᠢᠬᠦᠯᠵᠤ ᠪᠠᠶᠢᠭ᠎ᠠ ᠭᠤᠤᠯ ᠴᠤᠭᠴᠠ ᠪᠠ ᠳᠠᠷᠢᠵᠤ ᠪᠠᠶᠢᠭ᠎ᠠ ᠡᠷᠤᠬᠡ ᠳᠤ ᠲᠦᠬᠡᠮᠡᠯᠵᠢᠬᠦᠯᠬᠦ ᠶᠢ ᠪᠠᠳᠤᠯᠠᠨ᠎ᠠ᠃ ᠬᠠᠮᠳᠤ ᠳᠤ ᠨᠢ ᠴᠢᠨᠠᠷ ᠰᠠᠶᠢᠳᠠᠢ | ᠦᠨᠳᠤᠷ ᠪᠦᠳᠤᠮᠵᠢᠳᠠᠢ ᠪᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ ᠳᠠᠭᠤᠷᠢᠶᠠᠯ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ ᠪᠠᠯᠭᠠᠰᠤ ᠶᠢᠨ ᠬᠢᠨ ᠰᠢᠷ᠎ᠠ | ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠳᠤᠷᠰᠢᠯᠳᠠ ᠶᠢᠨ ᠳᠠᠭᠤᠷᠢᠶᠠᠯ ᠢ ᠳᠤᠬᠢᠷᠠᠭᠤᠯᠵᠤ᠂ ᠨᠢᠬᠡ ᠪᠦᠯᠦᠭ ᠤᠷᠤᠨ ᠨᠤᠳᠤᠭ ᠤᠨ ᠴᠢᠨᠠᠷ | ᠢᠶᠠᠷ ᠴᠢᠩᠭ᠎ᠠ᠂ ᠤᠨᠠᠯᠳᠠ ᠪᠠᠷ ᠰᠠᠶᠢᠨ᠂ ᠠᠵᠤ ᠠᠬᠤᠢ ᠶᠢᠨ ᠦᠷ᠎ᠠ ᠪᠦᠳᠤᠮᠵᠢ ᠪᠠᠷ ᠦᠨᠳᠤᠷ ᠰᠢᠷ᠎ᠠ ᠪᠤᠷᠴᠠᠭ — ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ | ᠳᠠᠷᠢᠯᠳᠠ ᠶᠢᠨ ᠮᠡᠷᠬᠡᠵᠢᠯ ᠤᠨ ᠵᠠᠭᠪᠤᠷ ᠢ ᠰᠤᠩᠭᠤᠨ ᠭᠠᠷᠭᠠᠨ᠎ᠠ᠃ | ︵ᠭᠤᠷᠪᠠ︶ ᠪᠡᠯᠡ ᠮᠦᠩᠬᠦ ᠶᠢᠨ ᠪᠠᠳᠤᠯᠠᠭ᠎ᠠ ᠶᠢ ᠴᠢᠩᠭᠠᠤᠨᠬᠠᠨ᠎ᠠ᠃ ᠳᠠᠷᠢᠯᠳᠠ ᠶᠢᠨ ᠳᠠᠯᠠᠪᠠᠢ ᠪᠠᠷ ᠤᠶᠢᠯᠡᠤᠨᠪᠤᠷᠢᠯᠡᠭᠴᠢ ᠳᠤ ᠡᠷᠳᠡᠨᠢ ᠰᠢᠰᠢ᠂ ᠰᠢᠷ᠎ᠠ | ᠪᠤᠷᠴᠠᠭ ᠤᠨ ᠨᠦᠬᠦᠪᠤᠷᠢ ᠶᠢ ᠡᠳ᠋ᠯᠡᠬᠦᠯᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠡᠳ᠋ ᠤᠨ ᠵᠠᠰᠠᠭ ᠤᠨ ᠰᠠᠯᠠᠭ᠎ᠠ ᠮᠦᠴᠢᠷ ᠲᠠᠢ ᠢᠳᠡᠪᠬᠢᠳᠠᠢ | ᠬᠠᠷᠢᠯᠴᠠᠵᠤ᠂ ᠤᠶᠢᠯᠡᠤᠨᠪᠤᠷᠢᠯᠡᠭᠴᠢ ᠶᠢᠨ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠨᠦᠬᠦᠪᠤᠷᠢ ᠶᠢᠨ ᠵᠦᠷᠢᠶ᠎ᠡ ᠶᠢ ᠶᠡᠬᠡᠰᠬᠡᠬᠦ ᠮᠦᠷᠳᠡᠬᠡᠨ ᠤᠯᠤᠰ ᠠᠴᠠ ᠪᠠᠰᠠ | ᠱᠠᠭᠠᠷᠳᠠᠯᠭ᠎ᠠ ᠳᠤ ᠨᠡᠶᠢᠴᠡᠭᠰᠡᠨ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠳᠤ ᠨᠦᠬᠦᠪᠤᠷᠢ ᠤᠯᠭᠤᠨ᠎ᠠ᠃ ᠳᠠᠷᠢᠶᠠᠯᠠᠩ ᠤᠨ ᠮᠠᠰᠢᠨ ᠤ | ᠬᠤᠳᠠᠯᠳᠤᠨ ᠠᠪᠤᠯᠳᠠ ᠪᠠ ᠬᠡᠷᠡᠭᠯᠡᠬᠡᠨ ᠤ ᠨᠦᠬᠦᠪᠤᠷᠢ ᠶᠢᠨ ᠬᠦᠷᠢᠶ᠎ᠡ ᠬᠡᠪᠴᠢᠶᠡᠨ ᠳᠠᠬᠢ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ | ᠵᠠᠭᠪᠤᠷ ᠲᠤ ᠨᠠᠶᠢᠴᠡᠬᠦ ᠳᠠᠷᠢᠶᠠᠯᠠᠩ ᠤᠨ ᠮᠠᠰᠢᠨ ᠤ ᠨᠦᠬᠦᠪᠤᠷᠢ ᠶᠢᠨ ᠲᠦᠰᠤᠬᠡᠯᠡᠨ ᠪᠤᠳᠤᠬᠤ ᠬᠠᠷᠢᠴᠠᠯ ᠢ ᠤᠤᠯ ᠤᠨ 30% ᠳᠤ ᠬᠦᠷᠬᠦ ᠦᠬᠡᠢ ᠪᠠᠶᠢᠭᠰᠡᠨ ᠢ | ᠳᠡᠬᠡᠭᠰᠢᠯᠡᠬᠦᠯᠤᠬᠡᠤᠨ 35% ᠳᠤ ᠬᠦᠷᠬᠡᠵᠤ᠂ ᠡᠩ ᠳᠡᠷᠢᠬᠦᠨ ᠳᠤ ᠨᠦᠬᠦᠪᠤᠷᠢᠯᠡᠬᠦ ᠶᠢ ᠬᠡᠷᠡᠭᠵᠢᠬᠦᠯᠤᠨ᠎ᠠ᠃ ᠡᠬᠦᠨ ᠤ ᠬᠠᠮᠳᠤ᠂ ᠮᠠᠯ ᠳᠠᠷᠢᠶᠠᠯᠠᠩ ᠤᠨ ᠤᠶᠢᠯᠡᠰ ᠤᠨ | ᠨᠠᠶᠢᠬᠡᠮᠴᠢᠯᠡᠭᠰᠡᠨ ᠤᠶᠢᠯᠡᠴᠢᠯᠡᠭᠡ᠂ ᠦᠷ᠎ᠠ ᠡᠬᠦᠯᠳᠡᠷ ᠤᠨ ᠤᠶᠢᠯᠡᠰ᠂ ᠪᠤᠬᠢᠷᠳᠤᠯ ᠦᠬᠡᠢ ᠴᠢᠨᠠᠷ ᠰᠠᠶᠢᠳᠠᠢ ᠦᠨᠳᠤᠷ ᠪᠦᠳᠤᠮᠵᠢᠳᠠᠢ᠂ ᠳᠠᠷᠢᠶᠠᠯᠠᠩ ᠤᠨ ᠮᠡᠷᠬᠡᠵᠢᠯ | ᠤᠨ ᠳᠡᠯᠬᠡᠷᠡᠬᠦᠯᠤᠯᠳᠠ ᠶᠢᠨ ᠨᠦᠬᠦᠪᠤᠷᠢ᠂ ᠦᠨᠳᠤᠷ ᠬᠡᠪ ᠴᠢᠨᠠᠷᠳᠤ ᠮᠠᠯᠴᠢᠨ ᠳᠠᠷᠢᠶᠠᠴᠢᠨ ᠤ ᠪᠤᠯᠪᠠᠰᠤᠷᠠᠯ ᠵᠡᠷᠬᠡ ᠲᠦᠷᠤᠯ ᠵᠦᠢᠯ ᠢ ᠨᠠᠶᠢᠯᠡᠮᠡᠯ ᠳᠠᠷᠢᠯᠳᠠ ᠶᠢᠨ | ᠡᠬᠦᠷᠬᠡ ᠶᠢ ᠡᠬᠦᠷᠬᠡᠯᠡᠵᠤ ᠪᠠᠶᠢᠭ᠎ᠠ ᠬᠦᠷᠢᠶ᠎ᠡ ᠴᠠᠷᠠᠭ᠎ᠠ ᠳᠡᠰᠢ ᠬᠡᠯᠪᠡᠶᠢᠯᠬᠡᠵᠤ᠂ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ | ᠪᠦᠷᠢᠮᠤᠰᠤᠨ ᠦᠪᠡᠷ ᠤᠨ ᠦᠷᠳᠡᠭ ᠤᠨ ᠳᠠᠭᠠᠤᠨᠬᠠᠯ ᠢ ᠢᠳᠡᠪᠬᠢᠳᠠᠢ ᠦᠷᠨᠢᠬᠦᠯᠤᠨ᠎ᠠ᠃ | ︵ᠲᠦᠷᠪᠡ︶ ᠠᠵᠢᠯ ᠤᠨ ᠠᠷᠭ᠎ᠠ ᠠᠪᠴᠠᠯ ᠢ ᠨᠠᠷᠢᠯᠢᠭᠵᠢᠭᠤᠯᠤᠨ᠎ᠠ᠃ ᠳᠠᠩᠰᠠᠴᠢᠯᠠᠭᠰᠡᠨ ᠬᠠᠮᠢᠶᠠᠷᠤᠯᠳᠠ ᠶᠢ ᠬᠡᠷᠡᠭᠵᠢᠬᠦᠯᠤᠨ᠂ ᠡᠯ᠎ᠡ ᠪᠡᠯᠭᠠᠰᠤ ᠡᠬᠦᠷᠬᠡ ᠪᠠᠨ | ᠠᠯᠢ ᠲᠦᠷᠬᠡᠨ ᠢᠶᠠᠷ ᠡᠷᠤᠬᠡ ᠳᠤ ᠬᠦᠷᠳᠡᠯ᠎ᠠ ᠭᠠᠵᠠᠷ ᠲᠤ ᠬᠦᠷᠳᠡᠯ᠎ᠡ ᠨᠠᠶᠢᠳᠠᠪᠤᠷᠢᠵᠢᠭᠤᠯᠵᠤ᠂ ᠳᠠᠷᠢᠶᠠᠨ ᠦᠷ᠎ᠠ ᠪᠠᠨ ᠢᠳᠡᠪᠬᠢᠳᠠᠢ ᠪᠡᠯᠡᠤᠨᠬᠡᠨ᠂ ᠠᠵᠢᠯ ᠤᠨ ᠳᠠᠩᠰᠠ | ᠪᠠᠶᠢᠭᠤᠯᠤᠨ᠎ᠠ᠃ ᠬᠤᠰᠢᠭᠤ ᠮᠠᠯ ᠳᠠᠷᠢᠶᠠᠯᠠᠩ ᠤᠨ ᠤᠶᠢᠯᠡᠰ ᠤᠨ ᠮᠡᠷᠬᠡᠵᠢᠯ ᠤᠨ ᠳᠡᠯᠬᠡᠷᠡᠬᠦᠯᠤᠯᠳᠠ ᠶᠢᠨ ᠲᠦᠪ ᠳᠤᠰᠬᠠᠢ ᠨᠡᠶᠢᠬᠡᠮᠴᠢᠯᠡᠭᠰᠡᠨ ᠤᠶᠢᠯᠡᠴᠢᠯᠡᠬᠡᠨ ᠤ | ᠵᠤᠬᠢᠶᠠᠨ ᠪᠠᠶᠢᠭᠤᠯᠤᠯᠳᠠ ᠶᠢ ᠳᠡᠮᠵᠢᠨ ᠳᠠᠷᠢᠬᠤ᠂ ᠤᠷᠭᠤᠴᠠ ᠶᠢ ᠬᠠᠮᠠᠭᠠᠯᠠᠬᠤ᠂ ᠬᠤᠷᠢᠶᠠᠬᠤ ᠵᠡᠷᠬᠡ ᠨᠢᠬᠡᠳᠤᠯᠳᠠᠢ ᠨᠠᠶᠢᠬᠡᠮᠴᠢᠯᠡᠭᠰᠡᠨ ᠤᠶᠢᠯᠡᠴᠢᠯᠡᠭᠡ ᠦᠷᠨᠢᠬᠦᠯᠵᠤ᠂ | ᠠᠵᠢᠯ ᠤᠨ ᠪᠦᠳᠤᠮᠵᠢ ᠪᠠ ᠠᠵᠢᠯ ᠤᠨ ᠴᠢᠨᠰᠠᠭ᠎ᠠ ᠪᠠᠨ ᠪᠦᠳᠤᠮᠵᠢᠳᠠᠢ ᠳᠡᠬᠡᠭᠰᠢᠯᠡᠬᠦᠯᠤᠨ᠎ᠠ︔ ᠡᠬᠦᠨ ᠤ ᠬᠠᠮᠳᠤ ᠳᠠᠷᠢᠶᠠᠨ ᠦᠷ᠎ᠠ ᠶᠢᠨ ᠬᠡᠷᠡᠭᠴᠡᠭᠡ ᠶᠢ ᠴᠠᠭ ᠳᠤᠬᠠᠢ | ᠳᠤ ᠨᠢ ᠳᠤᠬᠢᠷᠠᠭᠤᠯᠵᠤ᠂ ᠦᠷ᠎ᠠ ᠶᠢᠨ ᠢᠷᠠᠯᠳᠠ ᠶᠢᠨ ᠪᠠᠶᠢᠭ᠎ᠠ ᠭᠠᠵᠠᠷ ᠲᠠᠢ ᠬᠠᠷᠢᠯᠴᠠᠨ᠂ ᠳᠤᠬᠢᠷᠠᠮᠵᠢᠳᠠᠢ ᠦᠷ᠎ᠠ ᠶᠢᠨ ᠲᠦᠷᠤᠯ ᠤᠨ ᠳᠠᠩᠰᠠ ᠪᠡᠯᠡᠤᠨᠬᠡᠯ ᠵᠡᠷᠬᠡ | ᠠᠵᠢᠯ ᠢ ᠲᠦᠷᠬᠡᠨ ᠪᠡᠶᠡᠯᠡᠬᠦᠯᠤᠨ᠎ᠠ︔ ᠬᠤᠰᠢᠭᠤ ᠳᠠᠷᠢᠶᠠᠯᠠᠩ ᠤᠨ ᠮᠠᠰᠢᠨ ᠤ ᠤᠶᠢᠯᠡᠴᠢᠯᠡᠬᠡᠨ ᠤ ᠲᠦᠪ ᠤᠨ ᠬᠢᠨ ᠳᠠᠷᠢᠶᠠᠯᠠᠩ ᠤᠨ ᠮᠠᠰᠢᠨ ᠢ ᠰᠤᠳᠤᠯᠬᠤ | ᠤᠶᠢᠯᠡᠤᠨᠪᠤᠷᠢᠯᠡᠬᠦ ᠪᠠ ᠦᠬᠡᠷᠡᠴᠢᠯᠡᠬᠦ ᠶᠢ ᠵᠢᠯᠤᠭᠤᠤᠨᠴᠤ᠂ ᠳᠠᠷᠢᠬᠤ᠂ ᠪᠤᠷᠳᠤᠭᠤᠷ ᠤᠷᠤᠭᠤᠯᠬᠤ᠂ ᠤᠷᠭᠤᠴᠠ ᠶᠢ ᠬᠠᠮᠠᠭᠠᠯᠠᠬᠤ᠂ ᠬᠤᠷᠢᠶᠠᠬᠤ ᠭᠤᠭᠴᠤᠭ᠎ᠠ ᠶᠢᠨ | ᠮᠧᠬᠠᠨᠢᠭᠵᠢᠭᠤᠯᠤᠯᠳᠠ ᠶᠢ ᠭᠤᠤᠯᠳᠠᠯᠭ᠎ᠠ ᠲᠠᠢ ᠰᠠᠶᠢᠳᠤᠷ ᠬᠢᠵᠤ᠂ ᠮᠠᠰᠢᠨ ᠲᠦᠬᠦᠬᠡᠷᠤᠮᠵᠢ ᠶᠢᠨ ᠬᠠᠩᠭᠠᠮᠵᠢᠳᠠᠢ ᠪᠠᠶᠢᠬᠤ ᠶᠢ ᠪᠠᠳᠤᠯᠠᠨ᠎ᠠ︔ ᠬᠤᠰᠢᠭᠤ ᠮᠠᠯ | ᠳᠠᠷᠢᠶᠠᠯᠠᠩ ᠤᠨ ᠤᠶᠢᠯᠡᠰ ᠤᠨ ᠮᠡᠷᠬᠡᠵᠢᠯ ᠤᠨ ᠳᠡᠯᠬᠡᠷᠡᠬᠦᠯᠤᠯᠳᠠ ᠶᠢᠨ ᠲᠦᠪ ᠪᠠ ᠡᠯ᠎ᠡ ᠪᠠᠯᠭᠠᠰᠤ ᠶᠢᠨ ᠶᠡᠷᠤᠩᠬᠡᠶᠢᠯᠡᠭᠰᠡᠨ ᠪᠠᠳᠤᠯᠠᠭ᠎ᠠ ᠪᠠ ᠮᠡᠷᠬᠡᠵᠢᠯ ᠤᠨ | ᠳᠡᠯᠬᠡᠷᠡᠬᠦᠯᠤᠯᠳᠠ ᠶᠢᠨ ᠲᠦᠪ ᠠᠴᠠ ᠳᠠᠷᠢᠯᠳᠠ ᠶᠢᠨ ᠡᠷᠤᠬᠡ ᠶᠢᠨ ᠪᠤᠯᠪᠠᠰᠤᠷᠠᠯ ᠢ ᠢᠳᠡᠪᠬᠢᠳᠠᠢ ᠬᠠᠪᠰᠤᠷᠤᠨ ᠵᠤᠬᠢᠶᠠᠨ ᠪᠠᠶᠢᠭᠤᠯᠤᠨ᠎ᠠ᠃ | ︵ᠳᠠᠪᠤ︶ ᠪᠦᠳᠤᠮᠵᠢ ᠶᠢᠨ ᠬᠢᠨᠠᠨ ᠰᠢᠯᠭᠠᠯᠳᠠ ᠶᠢ ᠴᠢᠩᠭᠠᠤᠨᠬᠠᠨ᠎ᠠ᠃ ᠪᠦᠰᠡᠯᠢᠭ ᠨᠠᠶᠢᠯᠡᠮᠡᠯ ᠳᠠᠷᠢᠯᠳᠠ ᠶᠢ ᠠᠮᠤ ᠪᠤᠳᠠᠭᠠᠨ ᠤ ᠠᠮᠤᠷ ᠲᠦᠪᠰᠢᠨ ᠤ ᠨᠠᠮ | ᠵᠠᠰᠠᠭ ᠤᠨ ᠬᠠᠮᠳᠤ ᠶᠢᠨ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠶᠢᠨ ᠭᠤᠤᠯ ᠠᠭᠤᠯᠭ᠎ᠠ ᠪᠤᠯᠭᠠᠵᠤ᠂ ᠡᠯ᠎ᠡ ᠪᠠᠯᠭᠠᠰᠤ ᠶᠢᠨ ᠬᠢᠨ ᠳᠤᠭᠳᠠᠭᠠᠭᠰᠡᠨ ᠭᠤᠤᠯ ᠴᠤᠭᠴᠠ | ᠂ ᠳᠠᠯᠠᠪᠠᠢ ᠪᠠᠨ 5 ᠰᠠᠷ᠎ᠠ ᠶᠢᠨ 20 ᠤ ᠡᠳᠤᠷ ᠠᠴᠠ ᠡᠮᠤᠨ᠎ᠡ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠳᠤ ᠮᠡᠳᠡᠬᠦᠯᠬᠦ ᠮᠦᠷᠳᠡᠬᠡᠨ ᠳᠠᠷᠢᠯᠳᠠ ᠶᠢᠨ ᠭᠠᠵᠠᠷ ᠤᠨ | ᠲᠦᠷᠪᠡᠨ ᠵᠠᠬ᠎ᠠ ᠶᠢᠨ ᠮᠡᠳᠡᠭᠡ ᠵᠠᠩᠬᠢ ᠪᠠᠨ 7 ᠰᠠᠷ᠎ᠠ ᠶᠢᠨ 1 ᠤ ᠡᠳᠤᠷ ᠠᠴᠠ ᠡᠮᠤᠨ᠎ᠡ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠳᠤ ᠮᠡᠳᠡᠬᠦᠯᠤᠨ᠎ᠠ᠃ | ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ ᠡᠯ᠎ᠡ ᠪᠠᠯᠭᠠᠰᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠳᠠᠯᠠᠪᠠᠢ ᠶᠢᠨ | ᠨᠠᠶᠢᠳᠠᠪᠤᠷᠢᠵᠢᠭᠤᠯᠤᠯᠳᠠ ᠶᠢ ᠤᠯᠠᠨ ᠵᠦᠢᠯ ᠤᠨ ᠠᠷᠭ᠎ᠠ ᠪᠠᠷᠢᠯ ᠢᠶᠠᠷ ᠬᠢᠨᠠᠨ ᠪᠠᠶᠢᠴᠠᠭᠠᠵᠤ᠂ ᠡᠬᠦᠷᠬᠡ ᠪᠠᠨ ᠪᠡᠶᠡᠯᠡᠬᠦᠯᠦᠭᠰᠡᠨ ᠪᠠᠶᠢᠳᠠᠯ ᠢ ᠬᠢᠨᠠᠨ ᠰᠢᠯᠭᠠᠬᠤ | ᠮᠦᠷᠳᠡᠬᠡᠨ ᠠᠵᠢᠯ ᠤᠨ ᠠᠬᠢᠭᠤᠯᠤᠯᠳᠠ ᠶᠢᠨ ᠪᠠᠶᠢᠳᠠᠯ᠂ ᠪᠡᠶᠡᠯᠡᠬᠦᠯᠦᠭᠰᠡᠨ ᠴᠢᠨᠰᠠᠭ᠎ᠠ ᠶᠢ ᠴᠤ ᠬᠢᠨᠠᠨ ᠰᠢᠯᠭᠠᠨ᠎ᠠ᠃ ᠡᠯ᠎ᠡ ᠪᠠᠯᠭᠠᠰᠤ ᠪᠡᠯᠡ ᠮᠦᠩᠬᠦ᠂ ᠮᠡᠷᠬᠡᠵᠢᠯ ᠪᠠ | ᠳᠠᠯᠠᠪᠠᠢ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠵᠤ᠂ ᠠᠵᠢᠯ ᠤᠨ ᠳᠠᠩᠰᠠ ᠡᠪᠬᠡᠮᠡᠯ᠂ ᠨᠦᠬᠦᠪᠤᠷᠢ ᠶᠢᠨ ᠳᠠᠩᠰᠠ ᠶᠢ ᠪᠦᠷᠢᠨᠰᠢᠬᠦᠯᠤᠨ᠂ ᠳᠠᠷᠢᠯᠳᠠ ᠶᠢᠨ ᠭᠠᠵᠠᠷ᠂ | ᠳᠠᠷᠢᠭᠰᠡᠨ ᠳᠠᠯᠠᠪᠠᠢ ᠪᠠ ᠲᠦᠷᠪᠡᠨ ᠵᠠᠬ᠎ᠠ ᠶᠢᠨ ᠮᠡᠳᠡᠭᠡ ᠵᠠᠩᠬᠢ ᠶᠢ ᠳᠡᠮᠳᠡᠭᠯᠡᠵᠤ᠂ ᠨᠠᠷᠢᠯᠢᠭ ᠤᠨᠤᠪᠴᠢᠳᠠᠢ ᠬᠢᠨᠠᠯᠳᠠ ᠬᠠᠮᠢᠶᠠᠷᠤᠯᠳᠠ ᠶᠢ ᠨᠠᠶᠢᠳᠠᠪᠤᠷᠢᠵᠢᠭᠤᠯᠤᠨ᠂ | ᠪᠡᠯᠡ ᠮᠦᠩᠬᠦ ᠶᠢᠨ ᠬᠠᠮᠢᠶᠠᠷᠤᠯᠳᠠ ᠶᠢ ᠴᠢᠩᠭᠠᠤᠨᠬᠠᠵᠤ᠂ ᠦᠯᠡᠳᠡᠬᠡᠬᠦ᠂ ᠨᠡᠬᠦᠯᠬᠡᠬᠦ᠂ ᠰᠢᠯᠵᠢᠬᠦᠯᠬᠦ ᠵᠡᠷᠬᠡ ᠬᠠᠤᠯᠢ ᠲᠦᠷᠢᠮ ᠢ ᠵᠦᠷᠢᠴᠡᠭᠰᠡᠨ ᠪᠠᠶᠢᠳᠠᠯ ᠢᠯᠡᠷᠡᠬᠦ ᠶᠢ | ᠡᠷᠡᠰ ᠰᠡᠷᠬᠡᠶᠢᠯᠡᠨ᠎ᠡ᠃ | ︵ᠵᠢᠷᠭᠤᠭ᠎ᠠ︶ ᠶᠠᠷᠢᠶ᠎ᠠ ᠬᠡᠯᠡᠯᠴᠡᠬᠡᠨ ᠤ ᠵᠢᠯᠤᠭᠤᠳᠤᠯᠭ᠎ᠠ ᠶᠢ ᠴᠢᠩᠭᠠᠤᠨᠬᠠᠨ᠎ᠠ᠃ ᠡᠯ᠎ᠡ ᠪᠠᠯᠭᠠᠰᠤ ᠷᠠᠳᠢᠤ᠋᠂ ᠲᠧᠯᠸᠢᠰ᠂ ᠰᠦᠯᠵᠢᠶ᠎ᠡ᠂ ᠤᠬᠤᠷ ᠴᠢᠮᠡᠭᠡ ᠵᠡᠷᠬᠡ | ᠤᠯᠠᠨ ᠵᠦᠢᠯ ᠤᠨ ᠬᠡᠯᠪᠡᠷᠢ ᠪᠠᠷ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠲᠦᠷᠤ ᠶᠢᠨ ᠪᠤᠳᠤᠯᠭ᠎ᠠ ᠶᠢ ᠤᠬᠠᠭᠤᠯᠵᠤ᠂ ᠳᠤᠰ | ᠮᠡᠷᠬᠡᠵᠢᠯ ᠤᠨ ︽ᠨᠢᠬᠡ ᠭᠠᠵᠠᠷ ᠢᠶᠠᠷ ᠤᠯᠠᠨ ᠬᠤᠷᠢᠶᠠᠬᠤ᠂ ᠨᠢᠬᠡ ᠵᠦᠢᠯ ᠢᠶᠠᠷ ᠤᠯᠠᠨ ᠠᠰᠢᠭ ᠤᠯᠬᠤ᠂ ᠨᠢᠬᠡ ᠤᠯᠠᠷᠢᠯ ᠳᠤ ᠤᠯᠠᠨ ᠬᠡᠷᠡᠭᠯᠡᠬᠦ︾ ᠵᠡᠷᠬᠡ ᠳᠠᠪᠠᠭᠤᠯᠢᠭ | ᠤᠨ ᠤᠬᠠᠭᠤᠯᠭ᠎ᠠ ᠪᠠ ᠪᠤᠯᠪᠠᠰᠤᠷᠠᠯ ᠢ ᠴᠢᠩᠭᠠᠤᠨᠬᠠᠨ᠂ ᠳᠠᠷᠢᠯᠳᠠ ᠶᠢᠨ ᠳᠤᠮᠤ ᠡᠷᠤᠬᠡ᠂ ᠬᠤᠷᠰᠢᠶᠠᠵᠢᠯ ᠢ ᠵᠢᠯᠤᠭᠤᠳᠤᠨ ᠳᠤᠰ ᠲᠦᠷᠤᠯ ᠤᠨ ᠮᠡᠷᠬᠡᠵᠢᠯ ᠤᠨ | ᠳᠠᠨᠢᠯᠳᠠ ᠶᠢ ᠤᠯᠠᠮ ᠳᠡᠬᠡᠭᠰᠢᠯᠡᠬᠦᠯᠤᠨ᠎ᠠ᠃ ᠳᠠᠷᠢᠶᠠᠯᠠᠩ ᠤᠨ ᠤᠶᠢᠯᠡᠰ ᠤᠨ ᠵᠠᠩᠬᠢᠯᠠᠭ᠎ᠠ ᠶᠢᠨ ᠬᠤᠭᠤᠴᠠᠭᠠᠨ ᠳᠤ ᠳᠤᠬᠠᠢ ᠶᠢᠨ ᠳᠠᠯᠠᠪᠤᠷ ᠤᠨ ᠦᠵᠡᠬᠦᠯᠤᠯᠬᠡ ᠶᠢᠨ | ᠪᠤᠯᠪᠠᠰᠤᠷᠠᠯ ᠤᠨ ᠬᠤᠷᠠᠯ ᠢ ᠴᠠᠭ ᠳᠤᠬᠠᠢ ᠳᠤ ᠨᠢ ᠵᠤᠬᠢᠶᠠᠨ ᠪᠠᠶᠢᠭᠤᠯᠵᠤ᠂ ᠨᠠᠶᠢᠬᠡᠮ ᠤᠨ ᠡᠯ᠎ᠡ ᠡᠳᠡᠬᠡᠤᠨ ᠤᠨ ᠬᠢᠨ ᠢ ᠵᠢᠯᠤᠭᠤᠳᠤᠨ ᠰᠢᠷ᠎ᠠ ᠪᠤᠷᠴᠠᠭ ᠡᠷᠳᠡᠨᠢ | ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢ ᠬᠠᠯᠠᠮᠵᠢᠯᠠᠨ ᠳᠡᠮᠵᠢᠵᠤ᠂ ᠨᠠᠶᠢᠳᠡᠯᠢᠭ ᠵᠢᠱᠢᠶ᠎ᠠ᠂ ᠰᠤᠨᠢᠨ ᠮᠡᠳᠡᠬᠡᠨ ᠤ ᠮᠡᠳᠡᠬᠡᠯᠡᠯ ᠵᠡᠷᠬᠡ ᠠᠷᠭ᠎ᠠ ᠪᠠᠷ ᠤᠬᠠᠭᠤᠯᠭ᠎ᠠ | ᠶᠢᠨ ᠪᠦᠳᠤᠮᠵᠢ ᠪᠠᠨ ᠶᠡᠬᠡᠤᠨᠬᠡᠨ᠂ ᠤᠬᠢ ᠰᠠᠶᠢᠨ ᠶᠠᠷᠢᠶ᠎ᠠ ᠬᠡᠯᠡᠯᠴᠡᠭᠡᠨ ᠤ ᠤᠷᠴᠢᠨ ᠢ ᠪᠤᠢ ᠪᠤᠯᠭᠠᠨ᠎ᠠ᠃ | ᠳᠠᠭᠠᠯᠳᠤᠭᠤᠯᠤᠯ᠄ ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠲᠦᠷᠢᠮ | ᠳᠠᠭᠠᠯᠳᠤᠭᠤᠯᠤᠯ | ᠤᠳᠤᠭ ᠤᠨ ᠡᠮᠤᠨᠡᠳᠤ ᠬᠤᠰᠢᠭᠤᠨ ᠤ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢᠨ ᠮᠡᠷᠬᠡᠵᠢᠯ ᠤᠨ ᠲᠦᠷᠢᠮ | ᠨᠢᠬᠡ᠂ ᠭᠠᠵᠠᠷ ᠰᠤᠩᠭᠤᠵᠤ ᠭᠠᠵᠠᠷ ᠳᠡᠭᠰᠢᠯᠡᠬᠦ᠃ ᠤᠰᠤᠯᠠᠯᠳᠠ ᠶᠢᠨ ᠨᠦᠬᠦᠴᠡᠯ ᠲᠠᠢ᠂ ᠳᠤᠰᠤᠯᠭᠠᠨ ᠤᠰᠤᠯᠠᠯᠳᠠ ᠬᠢᠵᠤ ᠪᠤᠯᠬᠤ ᠭᠠᠵᠠᠷ ᠢ ᠰᠤᠩᠭᠤᠵᠤ᠂ | ᠡᠷᠳᠡᠨᠢ ᠰᠢᠰᠢ᠂ ᠰᠢᠷ᠎ᠠ ᠪᠤᠷᠴᠠᠭ ᠤᠨ ᠳᠠᠷᠢᠯᠳᠠ ᠶᠢᠨ ᠶᠠᠪᠤᠴᠠ ᠳᠠᠬᠢ ᠪᠤᠷᠳᠤᠭᠤᠷ ᠤᠰᠤ ᠶᠢ ᠳᠤᠬᠢᠷᠠᠭᠤᠯᠤᠨ ᠡᠵᠡᠮᠳᠡᠬᠦ ᠳᠤ ᠲᠦᠬᠦᠮ ᠪᠤᠯᠭᠠᠨ᠎ᠠ᠃ ᠭᠠᠵᠠᠷ ᠤᠨ | ᠦᠩ ᠰᠢᠮ᠎ᠠ ᠨᠢ ᠳᠤᠮᠳᠠ ᠠᠴᠠ ᠳᠡᠬᠡᠭᠰᠢ᠂ ᠭᠠᠵᠠᠷ ᠤᠨ ᠬᠦᠴᠤ ᠨᠢ ᠵᠢᠭᠳᠡ᠂ ᠬᠦᠷᠤᠰᠤᠨ ᠤ ᠳᠠᠪᠬᠤᠷᠭ᠎ᠠ ᠨᠢ ᠵᠤᠵᠠᠭᠠᠨ᠂ ᠤᠰᠤ ᠭᠠᠳᠠᠭᠰᠢᠯᠠᠭᠤᠯᠬᠤ ᠨᠢ ᠰᠠᠶᠢᠨ | ᠪᠠᠶᠢᠬᠤ ᠬᠡᠷᠡᠭᠳᠠᠢ᠃ ᠲᠦᠷᠤᠬᠦᠴᠢ ᠶᠢᠨ ᠳᠠᠷᠢᠮᠠᠯ ᠢ ᠬᠤᠷᠢᠶᠠᠭᠰᠡᠨ ᠤ ᠳᠠᠷᠠᠭ᠎ᠠ᠂ ᠡᠰᠢ ᠰᠦᠷᠡᠯ ᠢ ᠨᠢ ᠴᠠᠭ ᠳᠤᠬᠠᠢ ᠳᠤ ᠨᠢ ᠪᠤᠭᠤᠵᠢᠯᠠᠨ ᠬᠤᠷᠢᠶᠠᠵᠤ᠂ | ᠦᠯᠡᠳᠡᠭᠳᠡᠯ ᠰᠦᠯᠢᠶᠤᠤ ᠪᠦᠷᠬᠦᠪᠴᠢ ᠶᠢ ᠨᠢ ᠴᠡᠪᠡᠷᠯᠡᠵᠤ ᠠᠷᠢᠯᠭᠠᠨ᠂ ᠬᠦᠷᠤᠰᠤ ᠶᠢ 30 ᠰᠠᠨᠲ᠋ᠢᠮᠧᠲᠷ ᠠᠴᠠ ᠬᠦᠨ ᠤᠷᠪᠠᠭᠤᠯᠵᠤ᠂ ᠡᠪᠡᠰᠤ ᠶᠢ ᠠᠷᠢᠯᠭᠠᠨ | ᠬᠤᠷᠤᠬᠠᠢ ᠶᠢ ᠬᠢᠵᠠᠭᠠᠷᠯᠠᠵᠤ ᠡᠪᠡᠤᠨᠴᠢᠨ ᠢ ᠰᠡᠷᠬᠡᠶᠢᠯᠡᠨ᠂ ᠬᠠᠪᠤᠷ ᠡᠷᠳᠠ ᠤᠷᠭᠠᠨᠢᠭ ᠪᠤᠷᠳᠤᠭᠤᠷ ᠤᠷᠤᠭᠤᠯᠬᠤ᠂ ᠤᠷᠪᠠᠭᠤᠯᠬᠤ᠂ ᠳᠠᠷᠤᠰᠢᠭᠤᠯᠬᠤ ᠶᠢ ᠵᠠᠯᠭᠠᠪᠠᠷ | ᠪᠡᠶᠡᠯᠡᠬᠦᠯᠵᠤ᠂ ᠬᠡᠰᠡᠭᠳᠤ ᠰᠢᠷᠤᠢ ᠪᠠᠶᠢᠯᠭᠠᠯ ᠦᠬᠡᠢ ᠪᠠᠷ ᠦᠨᠳᠤᠰᠤ ᠡᠰᠢ ᠶᠢ ᠨᠢ ᠨᠠᠷᠢᠯᠢᠭᠵᠢᠭᠤᠯᠵᠤ ᠰᠤᠶᠢᠷᠡᠬᠦᠯᠤᠨ᠂ ᠪᠤᠷᠳᠤᠭᠤᠷ ᠢ ᠵᠢᠭᠳᠡ ᠤᠷᠤᠭᠤᠯᠵᠤ᠂ | ᠭᠠᠵᠠᠷ ᠢ ᠳᠡᠭᠰᠢ ᠪᠠᠶᠢᠯᠭᠠᠬᠤ ᠪᠡᠷᠢᠮᠵᠢᠶ᠎ᠡ ᠳᠤ ᠬᠦᠷᠬᠡᠨ᠎ᠡ᠃ | ᠬᠤᠶᠠᠷ᠂ ᠰᠠᠶᠢᠨ ᠡᠬᠦᠯᠳᠡᠷ ᠢ ᠰᠤᠩᠭᠤᠵᠤ ᠬᠡᠷᠡᠭᠯᠡᠬᠦ᠃ ᠤᠯᠤᠰ᠂ ᠦᠪᠡᠷᠳᠡᠬᠡᠨ ᠵᠠᠰᠠᠬᠤ ᠤᠷᠤᠨ ᠤ ᠬᠢᠨᠠᠨ ᠳᠤᠭᠳᠠᠭᠠᠭᠰᠡᠨ ᠪᠤᠶᠤ ᠤᠷᠳᠤᠰ ᠬᠤᠳᠠ ᠶᠢᠨ | ᠤᠷᠤᠭᠤᠯᠤᠨ ᠳᠠᠩᠰᠠᠯᠠᠭᠰᠡᠨ ᠲᠦᠷᠤᠯ ᠡᠬᠦᠯᠳᠡᠷ ᠢ ᠰᠤᠩᠭᠤᠨ᠎ᠠ᠃ ᠦᠰᠤᠯᠳᠠ ᠶᠢᠨ ᠬᠤᠭᠤᠴᠠᠭ᠎ᠠ ᠨᠢ ᠳᠤᠬᠢᠷᠠᠮᠵᠢᠳᠠᠢ᠂ ᠰᠤᠶᠤᠭᠠᠯᠠᠯ ᠨᠢ ᠵᠢᠭᠳᠡ᠂ ᠨᠢᠭᠳᠠ | ᠳᠠᠷᠢᠬᠤ ᠳᠤ ᠳᠤᠬᠢᠳᠠᠢ᠂ ᠮᠠᠰᠢᠨᠴᠢᠯᠠᠯᠳᠠ ᠪᠠᠷ ᠬᠤᠷᠢᠶᠠᠬᠤ ᠳᠤ ᠳᠤᠬᠢᠷᠠᠮᠵᠢᠳᠠᠢ ᠦᠨᠳᠤᠷ ᠤᠨᠠᠯᠳᠠ ᠲᠠᠢ ᠡᠷᠳᠡᠨᠢ ᠰᠢᠰᠢ ᠶᠢᠨ ᠲᠦᠷᠤᠯ ᠡᠬᠦᠯᠳᠡᠷ ᠪᠤᠶᠤ | ᠳᠠᠷᠤᠰᠢᠭᠤᠯᠬᠤ ᠡᠷᠳᠡᠨᠢ ᠰᠢᠰᠢ ᠶᠢᠨ ᠲᠦᠷᠤᠯ ᠡᠬᠦᠯᠳᠡᠷ ᠢ ᠰᠤᠩᠭᠤᠨ᠎ᠠ᠃ ᠳᠤᠮᠳᠠ ᠵᠡᠷᠬᠡ ᠶᠢᠨ ᠪᠤᠯᠪᠠᠰᠤᠷᠠᠯᠳᠠ ᠨᠢ ᠡᠷᠳᠠ ︵115 — 120 ᠡᠳᠤᠷ︶᠂ | ᠳᠡᠳ᠋ ᠬᠢᠵᠠᠭᠠᠷ ᠲᠠᠢ ᠪᠤᠶᠤ ᠬᠢᠵᠠᠭᠠᠷ ᠲᠠᠢ ᠬᠤᠩᠭᠤᠷᠴᠠᠭᠯᠠᠬᠤ᠂ ᠰᠡᠬᠦᠳᠡᠷ ᠲᠤ ᠳᠠᠭᠠᠭᠠᠴᠠ ᠲᠠᠢ ᠠᠮᠠᠷᠬᠠᠨ ᠬᠤᠭᠤᠷᠠᠬᠤ ᠦᠬᠡᠢ᠂ ᠮᠠᠰᠢᠨ ᠢᠶᠠᠷ ᠬᠤᠷᠢᠶᠠᠬᠤ ᠳᠤ | ᠲᠦᠬᠦᠮ ᠦᠨᠳᠤᠷ ᠤᠨᠠᠯᠳᠠ ᠲᠠᠢ ᠰᠢᠷ᠎ᠠ ᠪᠤᠷᠴᠠᠭ ᠤᠨ ᠲᠦᠷᠤᠯ ᠡᠬᠦᠯᠳᠡᠷ᠂ ᠵᠢᠱᠢᠶᠡᠯᠡᠪᠡᠯ᠄ ᠵᠦᠩ ᠬᠤᠸᠠᠩ 30᠂ ᠵᠦᠩ ᠬᠤᠸᠠᠩ 318᠂ ᠵᠦᠩ ᠬᠤᠸᠠᠩ | 322᠂ ᠵᠢᠢ ᠢᠦᠢ 441᠂ ᠵᠦᠩ ᠬᠤᠸᠠᠩ 35᠂ ᠴᠠᠩ ᠨᠥᠩ 30᠂ ᡂᠢ ᠳ᠋ᠧᠦ 5᠂ ᠾᠧ ᠨᠥᠩ 71᠂ ᠮᠧᠩ ᠺᠧ ᠳ᠋ᠧᠦ 12 ᠨᠤᠮᠧᠷᠳᠤ᠂ ᠮᠧᠩ ᠳ᠋ᠧᠦ | 15᠂ ᠾᠧ ᠨᠥᠩ 75᠂ ᠾᠧ ᠹᠧᠩ 50᠂ ᠾᠧ ᠨᠥᠩ 85 ᠵᠡᠷᠬᠡ ᠳᠤᠮᠳᠠ ᠤᠷᠤᠢ ᠪᠤᠯᠪᠠᠰᠤᠷᠠᠬᠤ ᠲᠦᠷᠤᠯ ᠡᠬᠦᠯᠳᠡᠷ ᠢ ᠰᠤᠩᠭᠤᠵᠤ᠂ ᠨᠤᠭᠤᠭᠠᠨ ᠳᠠᠷᠤᠰᠢ | ᠳᠤ ᠳᠡᠵᠢᠬᠡᠯ ᠪᠤᠷᠳᠤᠭᠠᠨ ᠤ ᠲᠦᠷᠤᠯ ᠡᠬᠦᠯᠳᠡᠷ ᠢ ᠰᠤᠩᠭᠤᠨ᠎ᠠ᠃ ᠳᠡᠬᠡᠷᠡᠬᠢ ᠪᠤᠯ ᠵᠦᠪᠬᠡᠨ ᠰᠠᠨᠠᠭᠤᠯᠭ᠎ᠠ ᠶᠢᠨ ᠲᠦᠷᠤᠯ ᠡᠬᠦᠯᠳᠡᠷ ᠪᠤᠯᠤᠨ᠎ᠠ᠂ ᠡᠯ᠎ᠡ ᠪᠠᠯᠭᠠᠰᠤ | ᠰᠤᠩᠭᠤᠨ ᠳᠠᠷᠢᠬᠤ ᠵᠠᠷᠴᠢᠮ ᠵᠢᠴᠢ ᠭᠠᠵᠠᠷ ᠤᠷᠤᠨ ᠤ ᠠᠮᠢ ᠠᠬᠤᠢ ᠶᠢᠨ ᠲᠦᠷᠤᠯ ᠢᠯᠭᠠᠯ᠂ ᠬᠤᠷᠠᠮᠠᠯ ᠳᠤᠯᠠᠭᠠᠨ ᠤ ᠬᠡᠮᠵᠢᠶ᠎ᠡ ᠵᠡᠷᠬᠡ ᠪᠤᠳᠠᠳᠤ ᠨᠦᠬᠦᠴᠡᠯ ᠢᠶᠠᠨ | ᠦᠨᠳᠤᠰᠤᠯᠡᠨ ᠳᠤᠬᠢᠷᠠᠮᠵᠢᠳᠠᠢ ᠲᠦᠷᠤᠯ ᠡᠬᠦᠯᠳᠡᠷ ᠢᠶᠠᠨ ᠰᠤᠩᠭᠤᠵᠤ᠂ ᠤᠷᠤᠨ ᠠᠯᠤᠰᠯᠠᠨ ᠳᠠᠷᠢᠬᠤ ᠶᠢ ᠡᠷᠡᠰ ᠴᠠᠭᠠᠵᠠᠯᠠᠨ᠎ᠠ᠃ | ᠭᠤᠷᠪᠠ᠂ ᠪᠦᠰᠡᠯᠢᠭ ᠬᠡᠯᠪᠡᠷᠢ ᠶᠢ ᠰᠤᠩᠭᠤᠬᠤ᠃ ᠨᠠᠶᠢᠯᠡᠮᠡᠯ ᠳᠠᠷᠢᠯᠳᠠ ᠶᠢᠨ ᠡᠷᠳᠡᠨᠢ ᠰᠢᠰᠢ ᠶᠢᠨ ᠵᠠᠬ᠎ᠠ ᠬᠦᠪᠡᠭᠡ ᠶᠢᠨ ᠳᠠᠪᠠᠭᠤᠯᠢᠭ ᠢ ᠬᠠᠮᠤᠭ ᠶᠡᠭᠡ ᠬᠡᠮᠵᠢᠶ᠎ᠡ | ᠪᠠᠷ ᠪᠠᠳᠠᠷᠠᠭᠤᠯᠬᠤ ᠮᠡᠷᠬᠡᠵᠢᠯ ᠤᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢᠨ ᠨᠦᠬᠦᠴᠡᠯ᠂ ᠲᠦᠷᠤᠯ ᠡᠬᠦᠯᠳᠡᠷ ᠤᠨ ᠦᠪᠡᠷᠮᠢᠴᠠ ᠤᠨᠴᠠᠯᠢᠭ᠂ ᠤᠷᠤᠭᠤᠯᠤᠯᠳᠠ | ᠶᠢᠨ ᠲᠦᠪᠰᠢᠨ ᠵᠢᠴᠢ ᠭᠠᠵᠠᠷ ᠤᠨ ᠬᠦᠴᠤ ᠵᠡᠷᠬᠡ ᠶᠡᠷᠤᠩᠬᠡᠢ ᠡᠯᠧᠮᠧᠨ᠋ᠲ ᠶᠢ ᠵᠡᠷᠬᠡ ᠪᠠᠷ ᠴᠢᠬᠤᠯᠠᠴᠢᠯᠠᠨ᠂ ᠰᠢᠷ᠎ᠠ ᠪᠤᠷᠴᠠᠭ ᠡᠷᠳᠡᠨᠢ ᠰᠢᠰᠢ ᠶᠢᠨ 4+4᠂ 2+4 | ᠪᠦᠰᠡᠯᠢᠭ ᠬᠡᠯᠪᠡᠷᠢ ᠶᠢ ᠭᠤᠤᠯᠳᠠᠯᠭ᠎ᠠ ᠲᠠᠢ ᠳᠡᠯᠬᠡᠷᠡᠬᠦᠯᠤᠨᠠ᠃ | 4+4 ᠪᠦᠰᠡᠯᠢᠭ ᠬᠡᠯᠪᠡᠷᠢ ᠶᠢᠨ ᠵᠠᠭᠪᠤᠷ᠄ ᠰᠢᠷ᠎ᠠ ᠪᠤᠷᠴᠠᠭ ᠢ 30 ᠰᠠᠨᠲ᠋ᠢᠮᠧᠲᠷ ᠤᠨ ᠵᠠᠢ ᠲᠠᠢ ᠳᠡᠩᠴᠡᠬᠦᠤ ᠪᠠᠷ ᠳᠠᠷᠢᠨ᠎ᠠ᠃ ᠡᠷᠳᠡᠨᠢ ᠰᠢᠰᠢ ᠶᠢ ᠦᠷᠬᠡᠨ | ᠨᠠᠷᠢᠨ ᠮᠦᠷ ᠢᠶᠠᠷ ᠳᠠᠷᠢᠵᠤ᠂ ᠳᠤᠮᠳᠠᠬᠢ ᠬᠤᠶᠠᠷ ᠮᠦᠷ ᠤᠨ ᠵᠠᠢ ᠨᠢ 60 ᠰᠠᠨᠲ᠋ᠢᠮᠧᠲᠷ᠂ ᠵᠡᠬᠦᠨ ᠪᠠᠷᠠᠭᠤᠨ ᠬᠤᠶᠠᠷ ᠳᠠᠯ᠎ᠠ ᠶᠢᠨ ᠵᠠᠢ ᠨᠢ 40 ᠰᠠᠨᠲ᠋ᠢᠮᠧᠲᠷ᠂ ᠰᠢᠷ᠎ᠠ | ᠪᠤᠷᠴᠠᠭ ᠪᠠ ᠡᠷᠳᠡᠨᠢ ᠰᠢᠰᠢ ᠶᠢᠨ ᠵᠠᠢ ᠨᠢ 60 ᠰᠠᠨᠲ᠋ᠢᠮᠧᠲᠷ᠃ ᠰᠢᠷ᠎ᠠ ᠪᠤᠷᠴᠠᠭ ᠤᠨ ᠬᠤᠭᠤᠷᠤᠨᠳᠤᠬᠢ ᠵᠠᠢ ᠨᠢ 16 — 18 ᠰᠠᠨᠲ᠋ᠢᠮᠧᠲᠷ᠂ ᠰᠠᠭᠤᠷᠢ ᠪᠦᠷᠢ | ᠳᠤ 2 — 3 ᠴᠢᠬᠢ ᠳᠠᠷᠢᠨ᠎ᠠ︔ ᠡᠷᠳᠡᠨᠢ ᠰᠢᠰᠢ ᠶᠢᠨ ᠰᠠᠭᠤᠷᠢ ᠶᠢᠨ ᠵᠠᠢ ᠨᠢ 12 — 14 ᠰᠠᠨᠲ᠋ᠢᠮᠧᠲᠷ᠃ ᠰᠢᠷ᠎ᠠ ᠪᠤᠷᠴᠠᠭ ᠤᠨ ᠳᠤᠮᠳᠠᠴᠢ ᠨᠢᠭᠳᠠᠴᠠ ᠨᠢ | 11000 ᠰᠠᠭᠤᠷᠢ/ ᠮᠤ᠋ ᠠᠴᠠ ᠳᠤᠤᠷ᠎ᠠ ᠪᠠᠶᠢᠵᠤ ᠪᠤᠯᠬᠤ ᠦᠬᠡᠢ᠂ ᠡᠷᠳᠡᠨᠢ ᠰᠢᠰᠢ ᠶᠢᠨ ᠳᠤᠮᠳᠠᠴᠢ ᠨᠢᠭᠳᠠᠴᠠ ᠶᠢ 5400 — 6300 ᠰᠠᠭᠤᠷᠢ/ ᠮᠤ᠋ ︵ | ᠳᠤᠰ ᠨᠢᠭᠳᠠᠴᠠ ᠪᠤᠯ ᠬᠤᠶᠠᠷ ᠵᠦᠢᠯ ᠤᠨ ᠨᠠᠶᠢᠯᠡᠮᠡᠯ ᠳᠠᠷᠢᠯᠳᠠ ᠶᠢᠨ 1 ᠮᠤ᠋ ᠭᠠᠵᠠᠷ ᠳᠡᠬᠡᠷᠡᠬᠢ ᠰᠠᠭᠤᠷᠢ ᠶᠢᠨ ᠳᠤᠭ᠎ᠠ ᠪᠤᠯᠤᠨ᠎ᠠ᠂ ᠭᠠᠭᠴᠠ ᠭᠠᠭᠴᠠ ᠪᠠᠷ ᠳᠠᠷᠢᠬᠤ | ᠨᠢᠭᠳᠠᠴᠠ ᠪᠢᠰᠢ︶ ᠪᠠᠶᠢᠯᠭᠠᠨ᠎ᠠ᠃ | 2+4 ᠪᠦᠰᠡᠯᠢᠭ ᠬᠡᠯᠪᠡᠷᠢ ᠶᠢᠨ ᠵᠠᠭᠪᠤᠷ᠄ ᠰᠢᠷ᠎ᠠ ᠪᠤᠷᠴᠠᠭ ᠢ 30 ᠰᠠᠨᠲ᠋ᠢᠮᠧᠲᠷ ᠤᠨ ᠵᠠᠢ ᠲᠠᠢ ᠳᠡᠩᠴᠡᠬᠦᠤ ᠪᠠᠷ ᠳᠠᠷᠢᠨ᠎ᠠ᠃ ᠡᠷᠳᠡᠨᠢ ᠰᠢᠰᠢ ᠶᠢ ᠦᠷᠬᠡᠨ | ᠨᠠᠷᠢᠨ ᠮᠦᠷ ᠢᠶᠠᠷ ᠳᠠᠷᠢᠵᠤ᠂ ᠳᠤᠮᠳᠠᠬᠢ ᠬᠤᠶᠠᠷ ᠮᠦᠷ ᠤᠨ ᠵᠠᠢ ᠨᠢ 60 ᠰᠠᠨᠲ᠋ᠢᠮᠧᠲᠷ᠂ ᠵᠡᠬᠦᠨ ᠪᠠᠷᠠᠭᠤᠨ ᠬᠤᠶᠠᠷ ᠳᠠᠯ᠎ᠠ ᠶᠢᠨ ᠵᠠᠢ ᠨᠢ 40 ᠰᠠᠨᠲ᠋ᠢᠮᠧᠲᠷ᠂ ᠰᠢᠷ᠎ᠠ | ᠪᠤᠷᠴᠠᠭ ᠪᠠ ᠡᠷᠳᠡᠨᠢ ᠰᠢᠰᠢ ᠶᠢᠨ ᠵᠠᠢ ᠨᠢ 60 ᠰᠠᠨᠲ᠋ᠢᠮᠧᠲᠷ᠃ ᠰᠢᠷ᠎ᠠ ᠪᠤᠷᠴᠠᠭ ᠤᠨ ᠬᠤᠭᠤᠷᠤᠨᠳᠤᠬᠢ ᠵᠠᠢ ᠨᠢ 16 ᠰᠠᠨᠲ᠋ᠢᠮᠧᠲᠷ᠂ ᠰᠠᠭᠤᠷᠢ ᠪᠦᠷᠢ ᠳᠤ 2 — | 3 ᠴᠢᠬᠢ ᠳᠠᠷᠢᠨ᠎ᠠ︔ ᠡᠷᠳᠡᠨᠢ ᠰᠢᠰᠢ ᠶᠢᠨ ᠰᠠᠭᠤᠷᠢ ᠶᠢᠨ ᠵᠠᠢ ᠨᠢ 14 ᠰᠠᠨᠲ᠋ᠢᠮᠧᠲᠷ᠃ ᠰᠢᠷ᠎ᠠ ᠪᠤᠷᠴᠠᠭ ᠤᠨ ᠳᠤᠮᠳᠠᠴᠢ ᠨᠢᠭᠳᠠᠴᠠ ᠶᠢ 7200 ᠰᠠᠭᠤᠷᠢ/ | ᠮᠤ᠋ ᠠᠴᠠ ᠳᠤᠤᠷ᠎ᠠ ᠪᠠᠶᠢᠯᠭᠠᠵᠤ ᠪᠤᠯᠬᠤ ᠦᠬᠡᠢ᠂ ᠡᠷᠳᠡᠨᠢ ᠰᠢᠰᠢ ᠶᠢᠨ ᠳᠤᠮᠳᠠᠴᠢ ᠨᠢᠭᠳᠠᠴᠠ ᠶᠢ 6500 ᠰᠠᠭᠤᠷᠢ/ ᠮᠤ᠋ ︵ᠳᠤᠰ ᠨᠢᠭᠳᠠᠴᠠ ᠪᠤᠯ ᠬᠤᠶᠠᠷ ᠵᠦᠢᠯ | ᠤᠨ ᠨᠠᠶᠢᠯᠡᠮᠡᠯ ᠳᠠᠷᠢᠯᠳᠠ ᠶᠢᠨ 1 ᠮᠤ᠋ ᠭᠠᠵᠠᠷ ᠳᠡᠬᠡᠷᠡᠬᠢ ᠰᠠᠭᠤᠷᠢ ᠶᠢᠨ ᠳᠤᠭ᠎ᠠ ᠪᠤᠯᠤᠨ᠎ᠠ᠂ ᠭᠠᠭᠴᠠ ᠭᠠᠭᠴᠠ ᠪᠠᠷ ᠳᠠᠷᠢᠬᠤ ᠨᠢᠭᠳᠠᠴᠠ ᠪᠢᠰᠢ︶ ᠪᠠᠶᠢᠯᠭᠠᠨ᠎ᠠ᠃ | ᠲᠦᠷᠪᠡ᠂ ᠳᠤᠬᠢᠷᠠᠮᠵᠢᠳᠠᠢ ᠬᠤᠭᠤᠴᠠᠭᠠᠨ ᠳᠤ ᠳᠠᠷᠢᠬᠤ᠃ 5 — 10 ᠰᠠᠨᠲ᠋ᠢᠮᠧᠲᠷ ᠤᠨ ᠬᠦᠷᠤᠰᠤᠨ ᠳᠠᠪᠬᠤᠷᠭ᠎ᠠ ᠶᠢᠨ ᠳᠤᠯᠠᠭᠠᠨ ᠤ ᠬᠡᠮᠵᠢᠶ᠎ᠡ 8 — | 10 ᠭᠷᠠᠳᠦ᠋ᠰ᠂ ᠬᠦᠷᠤᠰᠤᠨ ᠤ ᠤᠰᠤᠨ ᠠᠭᠤᠯᠤᠭᠳᠠᠴᠠ ︵ᠴᠢᠨᠠᠷ ᠤᠨ ᠤᠰᠤᠨ ᠠᠭᠤᠯᠤᠭᠳᠠᠴᠠ︶ 20% ᠤᠷᠴᠢᠮ ᠪᠤᠯᠬᠤ ᠳᠤ ᠡᠷᠳᠡᠨᠢ ᠰᠢᠰᠢ᠂ ᠰᠢᠷ᠎ᠠ | ᠪᠤᠷᠴᠠᠭ ᠳᠠᠷᠢᠬᠤ ᠳᠤ ᠳᠤᠬᠢᠷᠠᠮᠵᠢᠳᠠᠢ᠂ ᠤᠳᠤᠭ ᠤᠨ ᠡᠮᠤᠨᠡᠳᠤ ᠬᠤᠰᠢᠭᠤᠨ ᠤ ᠭᠠᠵᠠᠷ ᠤᠷᠤᠨ ᠳᠤ 4 ᠳ᠋ᠤᠭᠠᠷ ᠰᠠᠷ᠎ᠠ ᠶᠢᠨ ᠰᠡᠬᠦᠯᠴᠢ ᠠᠴᠠ 5 ᠳ᠋ᠤᠭᠠᠷ ᠰᠠᠷ᠎ᠠ | ᠶᠢᠨ ᠡᠬᠢᠨ ᠢᠶᠠᠷ ᠳᠠᠷᠢᠬᠤ ᠶᠢ ᠰᠠᠨᠠᠭᠠᠴᠢᠯᠠᠵᠤ᠂ ᠡᠴᠤᠰ ᠤᠨ ᠬᠢᠷᠠᠭᠤ ᠠᠴᠠ ᠵᠠᠶᠢᠯᠠᠭᠰᠡᠨ ᠤ ᠳᠠᠷᠠᠭ᠎ᠠ᠂ ᠨᠢᠭᠳᠠ ᠳᠠᠷᠢᠵᠤ ᠬᠤᠪᠢᠶᠠᠨ ᠡᠵᠡᠮᠳᠡᠵᠤ ᠪᠤᠷᠳᠤᠭᠤᠷ | ᠤᠷᠤᠭᠤᠯᠤᠨ ᠳᠠᠷᠢᠬᠤ ᠮᠠᠰᠢᠨ ᠢᠶᠠᠷ ᠡᠷᠳᠡᠨᠢ ᠰᠢᠰᠢ ᠰᠢᠷ᠎ᠠ ᠪᠤᠷᠴᠠᠭ ᠢ ᠵᠡᠷᠬᠡᠪᠡᠷ ᠳᠠᠷᠢᠵᠤ᠂ ᠳᠠᠷᠢᠯᠳᠠ ᠶᠢᠨ ᠬᠦᠨᠴᠠ ᠶᠢ ᠡᠷᠳᠡᠨᠢ ᠰᠢᠰᠢ 4 — 5 ᠰᠠᠨᠲ᠋ᠢᠮᠧᠲᠷ᠂ | ᠰᠢᠷ᠎ᠠ ᠪᠤᠷᠴᠠᠭ 3 — 4 ᠰᠠᠨᠲ᠋ᠢᠮᠧᠲᠷ ᠪᠠᠶᠢᠯᠭᠠᠨ᠎ᠠ᠃ ᠠᠯᠢ ᠴᠢᠳᠠᠬᠤ ᠪᠠᠷ ᠰᠢᠷ᠎ᠠ ᠪᠤᠷᠴᠠᠭ ᠪᠠ ᠡᠷᠳᠡᠨᠢ ᠰᠢᠰᠢ ᠶᠢ ᠵᠡᠷᠬᠡᠪᠡᠷ ᠳᠠᠷᠢᠨ᠎ᠠ᠂ ᠬᠡᠷᠪᠡ ᠡᠴᠤᠰ ᠤᠨ | ᠬᠢᠷᠠᠭᠤ ᠬᠡᠳᠤᠷᠬᠡᠢ ᠤᠷᠤᠢ ᠠᠴᠠ ᠪᠤᠯᠵᠤ ᠵᠡᠷᠬᠡᠪᠡᠷ ᠳᠠᠷᠢᠵᠤ ᠳᠠᠶᠢᠯᠬᠦ ᠦᠬᠡᠢ ᠪᠤᠯ᠂ ᠤᠷᠢᠳᠠᠪᠠᠷ ᠡᠷᠳᠡᠨᠢ ᠰᠢᠰᠢ ᠶᠢ ᠳᠠᠷᠢᠵᠤ᠂ ᠡᠴᠤᠰ ᠤᠨ ᠬᠢᠷᠠᠭᠤ ᠦᠩᠬᠡᠷᠡᠭᠰᠡᠨ | ᠤ ᠳᠠᠷᠠᠭ᠎ᠠ ᠰᠢᠷ᠎ᠠ ᠪᠤᠷᠴᠠᠭ ᠢᠶᠠᠨ ᠳᠠᠷᠢᠨ᠎ᠠ᠃ ᠡᠷᠳᠡᠨᠢ ᠰᠢᠰᠢ ᠶᠢ ᠳᠠᠷᠢᠬᠤ ᠦᠶᠡᠰ ᠬᠤᠭᠤᠷᠤᠨᠳᠤᠬᠢ ᠵᠡᠢ ᠶᠢ ᠨᠢ ᠰᠠᠶᠢᠳᠤᠷ ᠡᠵᠡᠮᠳᠡᠵᠤ᠂ ᠰᠢᠷ᠎ᠠ ᠪᠤᠷᠴᠠᠭ ᠳᠠᠷᠢᠬᠤ | ᠳᠤ ᠬᠦᠢᠴᠡᠤᠨ ᠤᠷᠤᠨ ᠵᠠᠢ ᠦᠯᠡᠳᠡᠬᠡᠨ᠂ ᠬᠠᠮᠤᠭ ᠰᠠᠶᠢᠨ ᠨᠢ GPS ᠪᠤᠶᠤ ᠳᠤᠬᠢᠭᠤᠷ ᠳᠤᠯᠤᠭ᠎ᠠ ᠵᠠᠮᠴᠢᠯᠠᠬᠤ ᠰᠢᠰᠲ᠋ᠧᠮ ᠲᠠᠢ ᠳᠠᠷᠢᠬᠤ ᠮᠠᠰᠢᠨ ᠢᠶᠠᠷ ᠳᠠᠷᠢᠪᠠᠯ | ᠳᠠᠷᠢᠯᠳᠠ ᠶᠢᠨ ᠶᠠᠰᠤ ᠴᠢᠨᠠᠷ ᠢ ᠳᠡᠬᠡᠭᠰᠢᠯᠡᠬᠦᠯᠬᠦ ᠳᠤ ᠠᠰᠢᠭᠳᠠᠢ ᠶᠤᠮ᠃ | ᠳᠠᠪᠤ᠂ ᠬᠢᠮᠢ ᠶᠢᠨ ᠠᠷᠭ᠎ᠠ ᠪᠠᠷ ᠡᠪᠡᠰᠤ ᠠᠷᠢᠯᠭᠠᠬᠤ᠃ ᠳᠠᠷᠢᠭᠰᠡᠨ ᠤ ᠳᠠᠷᠠᠭ᠎ᠠ ᠨᠠᠬᠢᠶᠠᠯᠠᠬᠤ ᠠᠴᠠ ᠡᠮᠤᠨ᠎ᠡ 96% ᠶᠢᠨ ᠨᠠᠷᠢᠯᠢᠭ ᠢᠽᠤᠫᠷᠤᠫᠢᠯ ᠮᠧᠲ᠋ᠢᠯ | ᠤᠺᠰᠠᠮ ᠠᠮᠢᠨ ︵ᠵᠢᠨᠳᠤᠤᠷ︶ ᠢ 80 — 100 ᠮᠢᠯᠢᠯᠢᠲᠷ/ ᠮᠤ᠋ ᠬᠡᠷᠡᠭᠯᠡᠵᠤ᠂ ᠬᠡᠷᠪᠡ ᠠᠷᠪᠠᠨ ᠲᠢᠤᠹᠧᠨ ᠬᠦᠬᠦᠷᠡᠨᠢᠯ ᠵᠡᠷᠬᠡ ᠡᠮ ᠢᠶᠠᠷ ᠬᠦᠷᠤᠰᠤ ᠶᠢ | ᠪᠢᠳᠡᠬᠦᠮᠵᠢᠯᠡᠵᠤ ᠰᠢᠢᠤᠨᠪᠤᠷᠢᠯᠡᠪᠡᠯ᠂ ᠪᠢᠳᠡᠬᠦᠮᠵᠢᠯᠡᠵᠤ ᠡᠪᠡᠰᠤ ᠠᠷᠢᠯᠭᠠᠬᠤ ᠳᠤ ᠪᠠᠨ ᠬᠦᠷᠤᠰᠤ ᠴᠢᠬᠢᠭᠯᠢᠭ ᠨᠦᠬᠦᠴᠡᠯ ᠳᠤᠤᠷ᠎ᠠ ᠬᠢᠬᠦ ᠪᠦᠬᠡᠤᠨ 2 ᠡᠳᠤᠷ ᠤᠨ | ᠳᠤᠳᠤᠷ᠎ᠠ ᠳᠠᠭᠤᠰᠬᠠᠵᠤ᠂ ᠡᠪᠡᠰᠤ ᠠᠷᠢᠯᠭᠠᠬᠤ ᠪᠦᠳᠤᠮᠵᠢ ᠶᠢ ᠪᠠᠳᠤᠯᠠᠨ᠎ᠠ᠃ ᠪᠢᠳᠡᠬᠦᠮᠵᠢᠯᠡᠨ ᠡᠪᠡᠰᠤ ᠠᠷᠢᠯᠭᠠᠭᠰᠡᠨ ᠪᠦᠳᠤᠮᠵᠢ ᠪᠠᠷ ᠠᠨᠠᠢ ᠭᠠᠵᠠᠷ ᠲᠤ᠂ | ᠴᠢᠬᠢᠯᠡᠭᠰᠡᠨ ᠤ ᠳᠠᠷᠠᠭ᠎ᠠ ᠡᠷᠳᠡᠨᠢ ᠰᠢᠰᠢ᠂ ᠰᠢᠷ᠎ᠠ ᠪᠤᠷᠴᠠᠭ ᠤᠨ ᠡᠪᠡᠰᠤ ᠠᠷᠢᠯᠭᠠᠬᠤ ᠳᠤᠰᠬᠠᠢ ᠡᠮ ᠢ ᠴᠠᠭ ᠳᠤᠬᠠᠢ ᠳᠤ ᠨᠢ ᠬᠡᠷᠡᠭᠯᠡᠨ ᠳᠤᠭᠳᠠᠭᠰᠡᠨ ᠴᠢᠭᠯᠡᠯ ᠢᠶᠠᠷ | ᠳᠤᠰᠭᠠᠷᠯᠠᠨ ᠡᠪᠡᠰᠤ ᠠᠷᠢᠯᠭᠠᠵᠤ᠂ ᠡᠪᠡᠰᠤ ᠠᠷᠢᠯᠭᠠᠬᠤ ᠬᠤᠭᠤᠴᠠᠭ᠎ᠠ ᠶᠢ ᠡᠷᠳᠡᠨᠢ ᠰᠢᠰᠢ ᠶᠢ ᠶᠡᠷᠤ ᠳᠤ ᠪᠠᠨ 3 — 5 ᠨᠠᠪᠴᠢ ᠶᠢᠨ ᠬᠤᠭᠤᠴᠠᠭ᠎ᠠ᠂ ᠬᠤᠭ | ᠡᠪᠡᠰᠤ ᠶᠢ 2 — 3 ᠨᠠᠪᠴᠢ ᠶᠢᠨ ᠬᠤᠭᠤᠴᠠᠭ᠎ᠠ᠂ ᠰᠢᠷ᠎ᠠ ᠪᠤᠷᠴᠠᠭ ᠢ 2 — 3 ᠨᠠᠶᠢᠯᠡᠮᠡᠯ ᠨᠠᠪᠴᠢ ᠶᠢᠨ ᠬᠤᠭᠤᠴᠠᠭ᠎ᠠ᠂ ᠬᠤᠭ ᠡᠪᠡᠰᠤ ᠶᠢ 3 — 4 | ᠨᠠᠪᠴᠢ ᠶᠢᠨ ᠬᠤᠭᠤᠴᠠᠭ᠎ᠠ ᠳᠤ ᠡᠪᠡᠰᠤ ᠠᠷᠢᠯᠭᠠᠬᠤ ᠶᠢ ᠠᠩᠬᠠᠷᠤᠨ᠎ᠠ᠃ | ᠵᠢᠷᠭᠤᠭ᠎ᠠ᠂ ᠪᠤᠷᠳᠤᠭᠤᠷ ᠢ ᠳᠤᠬᠢᠷᠠᠭᠤᠯᠤᠨ ᠤᠷᠭᠤᠴᠠ ᠶᠢ ᠬᠢᠵᠠᠭᠠᠷᠯᠠᠨ᠎ᠠ᠃ ᠡᠷᠳᠡᠨᠢ ᠰᠢᠰᠢ ᠶᠢ ᠳᠤᠬᠠᠢ ᠶᠢᠨ ᠭᠠᠵᠠᠷ ᠤᠨ ᠴᠡᠪᠡᠷ ᠡᠷᠳᠡᠨᠢ ᠰᠢᠰᠢ ᠶᠢᠨ | ᠳᠠᠷᠢᠯᠳᠠ ᠶᠢᠨ ᠪᠤᠷᠳᠤᠭᠤᠷ ᠤᠷᠤᠭᠤᠯᠬᠤ ᠪᠠᠷᠢᠮᠵᠢᠶ᠎ᠠ ᠪᠠᠷ ᠪᠤᠷᠳᠤᠭᠤᠷ ᠤᠷᠤᠭᠤᠯᠵᠤ᠂ ᠤᠨᠠᠯᠳᠠ ᠶᠢᠨ ᠬᠡᠮᠵᠢᠶ᠎ᠡ ᠨᠢ 800 ᠺᠢᠯᠦᠭᠷᠠᠮ/ ᠮᠤ᠋ ᠠᠴᠠ ᠳᠡᠬᠡᠭᠰᠢᠬᠢ | ᠭᠠᠵᠠᠷ ᠲᠤ᠂ ᠪᠦᠬᠦᠶᠢᠯᠡ ᠤᠷᠭᠤᠯᠳᠠ ᠶᠢᠨ ᠬᠤᠭᠤᠴᠠᠭ᠎ᠠ ᠳᠤ ᠴᠡᠪᠡᠷ ᠠᠽᠤᠲ ︵N︶ 15 — 18 ᠺᠢᠯᠦᠭᠷᠠᠮ/ ᠮᠤ᠋᠂ ᠹᠤᠰᠹᠤᠷ 10 — 11 | ᠺᠢᠯᠦᠭᠷᠠᠮ/ ᠮᠤ᠋᠂ ᠺᠠᠯᠢ 6 — 7 ᠺᠢᠯᠦᠭᠷᠠᠮ/ ᠮᠤ᠋ ᠬᠡᠷᠡᠭᠯᠡᠵᠤ᠂ ᠤᠨᠠᠯᠳᠠ ᠶᠢᠨ ᠬᠡᠮᠵᠢᠶ᠎ᠡ ᠨᠢ 800 ᠺᠢᠯᠦᠭᠷᠠᠮ/ ᠮᠤ᠋ ᠠᠴᠠ ᠳᠤᠷᠤᠭᠰᠢ ᠭᠠᠵᠠᠷ ᠲᠤ | ᠪᠠᠶᠢᠳᠠᠯ ᠢᠶᠠᠨ ᠦᠵᠡᠨ ᠬᠡᠮᠵᠢᠶ᠎ᠡ ᠶᠢ ᠨᠢ ᠪᠠᠭᠠᠰᠬᠠᠨ ᠪᠤᠷᠳᠤᠭᠤᠷ ᠤᠷᠤᠭᠤᠯᠬᠤ ᠶᠢ ᠰᠠᠨᠠᠭᠠᠴᠢᠯᠠᠨ᠎ᠠ᠃ ᠠᠽᠤᠲ ᠪᠤᠷᠳᠤᠭᠤᠷ ᠤᠨ 40%᠂ ᠹᠤᠰᠹᠤᠷ ᠪᠤᠷᠳᠤᠭᠤᠷ᠂ | ᠺᠠᠯᠢ ᠪᠤᠷᠳᠤᠭᠤᠷ ᠢ ᠪᠦᠷ ᠳᠠᠷᠢᠬᠤ ᠦᠶ᠎ᠡ ᠳᠤ ᠬᠡᠷᠡᠭᠯᠡᠨ᠎ᠡ︔ ᠦᠯᠡᠳᠡᠭᠰᠡᠨ 60% ᠶᠢᠨ ᠠᠽᠤᠲ ᠪᠤᠷᠳᠤᠭᠤᠷ ᠢ 3᠄ 6᠄1 ᠶᠢᠨ ᠬᠠᠷᠢᠴᠠᠯ ᠢᠶᠠᠷ | ᠦᠶᠡᠯᠡᠬᠦ ᠬᠤᠭᠤᠴᠠᠭ᠎ᠠ᠂ ᠳᠡᠯᠬᠡᠷᠡᠬᠦ ᠬᠤᠭᠤᠴᠠᠭ᠎ᠠ ᠪᠠ ᠡᠬᠡᠳᠡᠭ ᠤᠨ ᠳᠤᠮᠳᠠ ᠬᠤᠭᠤᠴᠠᠭ᠎ᠠ ᠳᠤ ᠳᠤᠰᠤᠯᠭᠠᠨ ᠤᠰᠤᠯᠠᠯᠳᠠ ᠪᠠᠷ ᠨᠡᠮᠡᠵᠤ ᠤᠷᠤᠭᠤᠯᠤᠨ᠎ᠠ᠃ ᠰᠢᠷ᠎ᠠ | ᠪᠤᠷᠴᠠᠭ ᠢ ᠮᠤ᠋ ᠪᠦᠷᠢ ᠳᠤ 100 ᠺᠢᠯᠦᠭᠷᠠᠮ ᠤᠨ ᠤᠨᠠᠯᠳᠠ ᠶᠢᠨ ᠲᠦᠪᠰᠢᠨ ᠢᠶᠠᠷ ᠴᠡᠪᠡᠷ ᠠᠽᠤᠲ ᠢ 2.0 — 2.5 ᠺᠢᠯᠦᠭᠷᠠᠮ/ ᠮᠤ᠋᠂ ᠹᠤᠰᠹᠤᠷ ᠢ 2.0 | — 2.5 ᠺᠢᠯᠦᠭᠷᠠᠮ/ ᠮᠤ᠋᠂ ᠺᠠᠯᠢ ᠶᠢ 1.0 — 1.5 ᠺᠢᠯᠦᠭᠷᠠᠮ/ ᠮᠤ᠋ ᠤᠷᠤᠭᠤᠯᠵᠤ᠂ ᠳᠠᠷᠢᠬᠤ ᠦᠶᠡᠰ ᠦᠷ᠎ᠠ ᠶᠢᠨ ᠪᠤᠷᠳᠤᠭᠤᠷ ᠢᠶᠠᠷ ᠨᠢᠬᠡᠯᠡ | ᠤᠳᠠᠭ᠎ᠠ ᠳᠤ ᠪᠦᠬᠦᠳᠠ ᠶᠢ ᠤᠷᠤᠭᠤᠯᠤᠨ᠎ᠠ᠃ ᠡᠷᠳᠡᠨᠢ ᠰᠢᠰᠢ ᠰᠢᠷ᠎ᠠ ᠪᠤᠷᠴᠠᠭ ᠤᠨ ᠦᠪᠡᠷ ᠦᠪᠡᠷ ᠤᠨ ᠬᠢᠨᠢ ᠤᠷᠭᠤᠯᠳᠠ ᠶᠢᠨ ᠤᠨᠴᠠᠯᠢᠭ ᠢ ᠦᠨᠳᠤᠰᠤᠯᠠᠨ | ᠳᠤᠰᠪᠤᠷᠢ ᠪᠤᠷᠳᠤᠭᠤᠷ ᠤᠷᠤᠭᠤᠯᠵᠤ ᠬᠠᠮᠢᠶᠠᠷᠤᠨ᠂ ᠨᠠᠶᠢᠯᠡᠬᠦᠯᠤᠨ ᠪᠤᠷᠳᠤᠭᠤᠷ ᠤᠷᠤᠭᠤᠯᠵᠤ ᠨᠠᠶᠢᠯᠡᠬᠦᠯᠤᠨ ᠬᠠᠮᠢᠶᠠᠷᠬᠤ ᠠᠴᠠ ᠵᠠᠶᠢᠯᠠᠰᠬᠢᠵᠤ᠂ ᠰᠢᠷ᠎ᠠ ᠪᠤᠷᠴᠠᠭ ᠲᠤ | ᠪᠤᠷᠳᠤᠭᠤᠷ ᠶᠡᠭᠡ ᠬᠡᠷᠡᠭᠯᠡᠬᠦ ᠠᠴᠠ ᠪᠤᠯᠵᠤ ᠬᠡᠳᠤᠷᠬᠡᠢ ᠤᠷᠭᠤᠬᠤ ᠶᠢ ᠰᠡᠷᠬᠡᠶᠢᠯᠡᠨ᠎ᠡ᠃ ᠡᠷᠳᠡᠨᠢ ᠰᠢᠰᠢ ᠰᠢᠷ᠎ᠠ ᠪᠤᠷᠴᠠᠭ ᠶᠢᠨ ᠯᠠᠪᠯᠠᠯᠳᠠ ᠪᠤᠯᠬᠤ ᠪᠤᠷᠳᠤᠭᠤᠷ ᠬᠡᠷᠡᠭᠯᠡᠬᠦ | ᠲᠦᠰᠤᠯ ᠳᠤᠤᠷᠠᠬᠢ ᠮᠡᠳᠤ᠃ | ᠡᠷᠳᠡᠨᠢ ᠰᠢᠰᠢ᠄ | ᠦᠷ᠎ᠠ ᠶᠢᠨ ᠪᠤᠷᠳᠤᠭᠤᠷ᠄ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠠ ᠨᠢ ᠮᠤ᠋ ᠪᠦᠷᠢ ᠳᠤ ᠠᠽᠤᠲ 6 — 7.2 ᠺᠢᠯᠦᠭᠷᠠᠮ᠂ ᠹᠤᠰᠹᠤᠷ 10 — 11 | ᠺᠢᠯᠦᠭᠷᠠᠮ᠂ ᠺᠠᠯᠢ 6— 7 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠹᠤᠰᠹᠤᠷ ᠬᠦᠴᠢᠯ ᠤᠨ ᠬᠤᠶᠠᠷᠴᠢ ᠠᠮᠮᠤᠨᠢ 35 — 40 | ᠺᠢᠯᠦᠭᠷᠠᠮ᠂ ᠬᠦᠬᠦᠷ ᠬᠦᠴᠢᠯ ᠤᠨ ᠺᠠᠯᠢ 12 — 14 ᠺᠢᠯᠦᠭᠷᠠᠮ ᠬᠡᠷᠡᠭᠯᠡᠨ᠎ᠡ | ᠨᠡᠮᠡᠯᠳᠠ ᠪᠤᠷᠳᠤᠭᠤᠷ᠄ ᠦᠶᠡᠯᠡᠬᠦ ᠬᠤᠭᠤᠴᠠᠭᠠᠨ ᠳᠤ ᠳᠤᠰᠤᠯᠭᠠᠨ ᠤᠰᠤᠯᠠᠯᠳᠠ ᠲᠠᠢ ᠤᠶᠠᠯᠳᠤᠭᠤᠯᠤᠨ ᠨᠡᠮᠡᠯᠳᠠ ᠪᠤᠷᠳᠤᠭᠤᠷ ᠤᠷᠤᠭᠤᠯᠤᠨ᠎ᠠ᠂ ᠰᠢᠮ᠎ᠠ | ᠳᠡᠵᠢᠬᠡᠯ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠠᠽᠤᠲ 2.7 — 3.2 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ 6 — | 7 ᠺᠢᠯᠦᠭᠷᠠᠮ ᠰᠢᠬᠡᠰᠦᠯᠢᠭ ᠡᠳ᠋ ᠬᠡᠷᠡᠭᠯᠡᠨ᠎ᠡ | ᠳᠡᠯᠬᠡᠷᠡᠬᠦ ᠬᠤᠭᠤᠴᠠᠭᠠᠨ ᠳᠤ ᠳᠤᠰᠤᠯᠭᠠᠨ ᠤᠰᠤᠯᠠᠯᠳᠠ ᠲᠠᠢ ᠤᠶᠠᠯᠳᠤᠭᠤᠯᠤᠨ ᠨᠠᠮᠠᠯᠳᠠ ᠪᠤᠷᠳᠤᠭᠤᠷ ᠤᠷᠤᠭᠤᠯᠤᠨ᠎ᠠ᠂ ᠰᠢᠮ᠎ᠠ ᠳᠡᠵᠢᠬᠡᠯ ᠤᠨ ᠬᠡᠷᠡᠭᠯᠡᠬᠦ | ᠬᠡᠮᠵᠢᠶ᠎ᠡ ᠨᠢ ᠮᠤ᠋ ᠪᠦᠷᠢ ᠳᠤ ᠠᠽᠤᠲ 5.4 — 6.5 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠰᠢᠬᠡᠰᠦᠯᠢᠭ ᠡᠳ᠋ 12 — | 14 ᠺᠢᠯᠦᠭᠷᠠᠮ ᠬᠡᠷᠡᠭᠯᠡᠨ᠎ᠡ᠃ | ᠡᠬᠡᠳᠡᠭ ᠤᠨ ᠬᠤᠭᠤᠴᠠᠭᠠᠨ ᠳᠤ ᠳᠤᠰᠤᠯᠭᠠᠨ ᠤᠰᠤᠯᠠᠯᠳᠠ ᠲᠠᠢ ᠤᠶᠠᠯᠳᠤᠭᠤᠯᠤᠨ ᠪᠤᠷᠳᠤᠭᠤᠷ ᠤᠷᠤᠭᠤᠯᠤᠨ᠎ᠠ᠂ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠡ ᠨᠢ | ᠮᠤ᠋ ᠪᠦᠷᠢ ᠳᠤ ᠠᠽᠤᠲ 1 ᠺᠢᠯᠦᠭᠷᠠᠮ ᠤᠷᠴᠢᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠰᠢᠬᠡᠰᠦᠯᠢᠭ ᠡᠳ᠋ 2 ᠺᠢᠯᠦᠭᠷᠠᠮ ᠤᠷᠴᠢᠮ ᠬᠡᠷᠡᠭᠯᠡᠨ᠎ᠡ᠃ | | ᠰᠢᠷ᠎ᠠ ᠪᠤᠷᠴᠠᠭ᠄ | ᠦᠷ᠎ᠠ ᠶᠢᠨ ᠪᠤᠷᠳᠤᠭᠤᠷ᠄ ᠰᠢᠮ᠎ᠠ ᠳᠡᠵᠢᠬᠡᠯ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠠᠽᠤᠲ 2.0 — 2.5 ᠺᠢᠯᠦᠭᠷᠠᠮ᠂ ᠹᠤᠰᠹᠤᠷ 2.0 — 2. | 5 ᠺᠢᠯᠦᠭᠷᠠᠮ᠂ ᠺᠠᠯᠢ 1.0 — 1.5 ᠺᠢᠯᠦᠭᠷᠠᠮ︔ ᠪᠤᠷᠳᠤᠭᠤᠷ ᠤᠨ ᠬᠡᠷᠡᠭᠯᠡᠬᠦ ᠬᠡᠮᠵᠢᠶ᠎ᠡ ᠨᠢ ᠮᠤ᠋ ᠪᠦᠷᠢ ᠳᠤ ᠹᠤᠰᠹᠤᠷ ᠬᠦᠴᠢᠯ ᠤᠨ ᠬᠤᠶᠠᠷᠴᠢ ᠠᠮᠮᠤᠨᠢ 7 | — 9 ᠺᠢᠯᠦᠭᠷᠠᠮ᠂ ᠰᠢᠬᠡᠰᠦᠯᠢᠭ ᠡᠳ᠋ 1.5 — 2 ᠺᠢᠯᠦᠭᠷᠠᠮ᠂ ᠬᠦᠬᠦᠷ ᠬᠦᠴᠢᠯ ᠤᠨ ᠺᠠᠯᠢ 2 — 3 ᠺᠢᠯᠦᠭᠷᠠᠮ ᠬᠡᠷᠡᠭᠯᠡᠨ᠎ᠡ | ᠤᠷᠭᠤᠯᠳᠠ ᠶᠢᠨ ᠪᠠᠶᠢᠳᠠᠯ ᠢ ᠦᠨᠳᠤᠰᠤᠯᠡᠨ ᠰᠢᠷ᠎ᠠ ᠪᠤᠷᠴᠠᠭ ᠢ 3 — 5 ᠨᠠᠪᠴᠢ ᠶᠢᠨ ᠬᠤᠭᠤᠴᠠᠭᠠᠨ ᠳᠤ ᠮᠤ᠋ ᠪᠦᠷᠢ ᠳᠤ 5% ᠶᠢᠨ ᠠᠯᠺᠸᠠ | ᠤᠺᠰᠠᠽᠤᠯ ᠤᠨ ᠴᠢᠬᠢᠭᠯᠢᠭ ᠨᠤᠨᠳᠠᠭ ᠡᠮ 20 — 50 ᠭᠷᠠᠮ ︵ᠬᠡᠷᠡᠭᠯᠡᠬᠦ ᠬᠡᠮᠵᠢᠶ᠎ᠡ ᠨᠢ ᠰᠢᠷ᠎ᠠ ᠪᠤᠷᠴᠠᠭ ᠤᠨ ᠲᠦᠷᠤᠯ ᠡᠬᠦᠯᠳᠡᠷ ᠤᠨ ᠬᠤᠭᠤᠷᠠᠬᠤ ᠶᠢ | ᠡᠰᠡᠷᠬᠦᠴᠡᠬᠦ ᠴᠢᠨᠠᠷ ᠵᠢᠴᠢ ᠬᠡᠷᠡᠭᠯᠡᠯᠳᠠ ᠶᠢᠨ ᠡᠷᠳᠠ ᠤᠷᠤᠢ ᠶᠢ ᠦᠨᠳᠤᠰᠤᠯᠡᠨ ᠳᠤᠭᠳᠠᠭᠠᠨ᠎ᠠ᠂ ᠬᠤᠭᠤᠷᠠᠬᠤ ᠶᠢ ᠡᠰᠡᠷᠬᠦᠴᠡᠬᠦ ᠴᠢᠨᠠᠷ ᠢᠶᠠᠷ ᠤᠯᠠᠮ ᠰᠠᠶᠢᠨ ᠬᠡᠷᠡᠭᠯᠡᠬᠦ | ᠨᠢ ᠤᠯᠠᠮ ᠡᠷᠳᠠ ᠪᠤᠯ ᠬᠡᠷᠡᠭᠯᠡᠬᠦ ᠬᠡᠮᠵᠢᠶ᠎ᠡ ᠨᠢ ᠤᠯᠠᠮ ᠪᠠᠭ᠎ᠠ︶ ᠢ 30 — 50 ᠺᠢᠯᠦᠭᠷᠠᠮ ᠤᠰᠤᠨ ᠳᠤ ᠨᠠᠶᠢᠷᠠᠭᠤᠯᠵᠤ᠂ ᠡᠰᠢ ᠨᠠᠪᠴᠢ ᠳᠤ ᠨᠢ ᠰᠦᠷᠴᠢᠵᠤ | ᠬᠡᠳᠤᠷᠬᠡᠢ ᠤᠷᠭᠤᠬᠤ ᠶᠢ ᠬᠢᠵᠠᠭᠠᠷᠯᠠᠨ᠎ᠠ᠂ ᠪᠠᠰᠠ ᠠᠯᠺᠸᠠ ᠤᠺᠰᠠᠽᠣᠯ ᠢ ᠦᠷ᠎ᠠ ᠲᠠᠢ ᠬᠤᠯᠢᠨ ᠳᠠᠷᠢᠵᠤ ᠪᠤᠯᠤᠨ᠎ᠠ᠂ ᠨᠢᠬᠡ ᠺᠢᠯᠦᠭᠷᠠᠮ ᠦᠷ᠎ᠠ ᠳᠤ 16 — 20 | ᠮᠢᠯᠢᠭᠷᠡᠮ ᠤᠨ 5% ᠶᠢᠨ ᠠᠯᠺᠸᠠ ᠤᠺᠰᠠᠽᠤᠯ ᠢ ᠨᠡᠮᠡᠨ᠎ᠡ᠃ | ᠳᠤᠯᠤᠭ᠎ᠠ᠂ ᠵᠦᠢ ᠵᠤᠬᠢᠰᠳᠠᠢ ᠤᠰᠤᠯᠠᠨ᠎ᠠ᠃ ᠡᠷᠳᠡᠨᠢ ᠰᠢᠰᠢ ᠶᠢᠨ ᠪᠦᠬᠦᠶᠢᠯᠠ ᠤᠷᠭᠤᠯᠳᠠ ᠶᠢᠨ ᠬᠤᠭᠤᠴᠠᠭᠠᠨ ᠳᠤ 180 — 220 ᠪᠤᠰᠤᠭ᠎ᠠ | ᠲᠦᠷᠪᠡᠯᠵᠢᠨ ᠮᠧᠲᠷ/ ᠮᠤ᠋ ᠤᠰᠤᠯᠠᠵᠤ᠂ ᠰᠢᠷ᠎ᠠ ᠪᠤᠷᠴᠠᠭ ᠤᠨ ᠪᠦᠬᠦᠶᠢᠯᠠ ᠤᠷᠭᠤᠯᠳᠠ ᠶᠢᠨ ᠬᠤᠭᠤᠴᠠᠭᠠᠨ ᠳᠤ 70 — 80 ᠪᠤᠰᠤᠭ᠎ᠠ ᠲᠦᠷᠪᠡᠯᠵᠢᠨ | ᠮᠧᠲᠷ/ ᠮᠤ᠋ ᠤᠰᠤ ᠬᠡᠷᠡᠭᠯᠡᠬᠦ ᠶᠢ ᠰᠠᠨᠠᠭᠠᠴᠢᠯᠠᠨ᠎ᠠ᠃ ᠡᠷᠳᠡᠨᠢ ᠰᠢᠰᠢ ᠶᠢᠨ ᠪᠦᠬᠦᠶᠢᠯᠡ ᠤᠷᠭᠤᠯᠳᠠ ᠶᠢᠨ ᠬᠤᠭᠤᠴᠠᠭᠠᠨ ᠳᠤ 9 ᠤᠳᠠᠭ᠎ᠠ ᠤᠷᠴᠢᠮ ᠳᠤᠰᠤᠯᠭᠠᠨ | ᠤᠰᠤᠯᠠᠵᠤ᠂ ᠳᠠᠷᠢᠭᠰᠡᠨ ᠤ ᠳᠠᠷᠠᠭ᠎ᠠ ᠴᠠᠭ ᠳᠤᠬᠠᠢ ᠳᠤ ᠨᠢ ᠤᠰᠤᠯᠠᠨ᠂ ᠦᠷ᠎ᠠ ᠶᠢᠨ ᠨᠠᠬᠢᠶᠠᠯᠠᠵᠤ ᠭᠠᠷᠬᠤ ᠶᠢ ᠪᠠᠳᠤᠯᠠᠵᠤ᠂ ᠬᠡᠷᠪᠡ ᠳᠤᠯᠠᠭᠠᠨ ᠤ ᠬᠡᠮᠵᠢᠶ᠎ᠡ ᠳᠤᠶᠢᠯ | ᠤᠨ ᠳᠤᠤᠷ᠎ᠠ ᠡᠳᠤᠷ ᠳᠤᠬᠢᠶᠠᠯᠳᠤᠪᠠᠯ ᠳᠤᠤᠷ᠎ᠠ ᠳᠤᠯᠠᠭᠠᠨ ᠳᠤ ᠤᠰᠤᠯᠠᠬᠤ ᠠᠴᠠ ᠵᠠᠶᠢᠯᠠᠰᠬᠢᠬᠦ ᠬᠡᠷᠡᠭᠳᠠᠢ᠃ ᠪᠤᠶᠢᠵᠢᠯᠳᠠ ᠶᠢᠨ ᠬᠤᠭᠤᠴᠠᠭᠠᠨ ᠳᠤ᠂ ᠤᠰᠤᠯᠠᠬᠤ | ᠬᠡᠮᠵᠢᠶ᠎ᠡ ᠶᠢ ᠪᠤᠷᠤᠭᠠᠨ ᠤ ᠪᠠᠶᠢᠳᠠᠯ ᠢ ᠦᠨᠳᠤᠰᠤᠯᠠᠵᠤ ᠳᠤᠭᠳᠠᠭᠠᠨ᠎ᠠ᠃ ᠡᠩ ᠤᠨ ᠪᠠᠶᠢᠳᠠᠯ ᠳᠤ 6 ᠰᠠᠷ᠎ᠠ ᠶᠢᠨ ᠳᠤᠮᠳᠠᠴᠢ ᠰᠡᠬᠦᠯᠴᠢ ᠪᠠᠷ ᠦᠶᠡᠯᠡᠬᠦ ᠦᠶ᠎ᠡ ᠳᠤ | ᠤᠰᠤᠯᠠᠨ᠎ᠠ᠂ ᠰᠡᠬᠦᠯᠡᠷ ᠨᠢ ᠳᠠᠷᠢᠶᠠᠨ ᠭᠠᠵᠠᠷ ᠤᠨ ᠤᠰᠤᠨ ᠤ ᠬᠠᠳᠠᠭᠠᠯᠠᠭᠳᠠᠴᠠ ᠶᠢᠨ ᠬᠡᠮᠵᠢᠶ᠎ᠡ 70% ᠠᠴᠠ ᠳᠤᠤᠷ᠎ᠠ ᠪᠤᠯᠬᠤ ᠦᠶ᠎ᠡ ᠳᠤ ᠴᠠᠭ ᠳᠤᠬᠠᠢ ᠳᠤ ᠨᠢ | ᠤᠰᠤᠯᠠᠵᠤ᠂ ᠢᠯᠠᠩᠭᠤᠶ᠎ᠠ ᠡᠷᠳᠡᠨᠢ ᠰᠢᠰᠢ ᠶᠢᠨ ᠴᠡᠴᠡᠭ ᠳᠡᠯᠬᠡᠷᠡᠬᠦ ᠬᠤᠭᠤᠴᠠᠭᠠᠨ ᠳᠤ ᠤᠰᠤᠨ ᠤ ᠬᠠᠩᠭᠠᠯᠭ᠎ᠠ ᠶᠢ ᠵᠠᠪᠠᠯ ᠪᠠᠳᠤᠯᠠᠨ᠂ ᠤᠳᠠᠭ᠎ᠠ ᠪᠦᠷᠢ 20 | ᠪᠤᠰᠤᠭ᠎ᠠ ᠲᠦᠷᠪᠡᠯᠵᠢᠨ ᠮᠧᠲᠷ ᠤᠷᠴᠢᠮ/ ᠮᠤ᠋ ᠳᠤ ᠳᠤᠰᠤᠯᠭᠠᠨ ᠤᠰᠤᠯᠠᠯᠳᠠ ᠬᠢᠵᠤ᠂ 9 ᠰᠠᠷ᠎ᠠ ᠶᠢᠨ ᠳᠤᠮᠳᠠᠴᠢ ᠪᠠᠷ ᠤᠰᠤ ᠵᠤᠭᠰᠤᠭᠠᠨ᠎ᠠ᠃ ᠰᠢᠷ᠎ᠠ ᠪᠤᠷᠴᠠᠭ ᠢ | ᠳᠠᠷᠢᠭᠰᠡᠨ ᠤ ᠳᠠᠷᠠᠭ᠎ᠠ ᠴᠠᠭ ᠳᠤᠬᠠᠢ ᠳᠤ ᠨᠢ ᠳᠤᠰᠤᠯᠭᠠᠨ ᠤᠰᠤᠯᠠᠵᠤ᠂ ᠦᠷ᠎ᠠ ᠶᠢᠨ ᠨᠠᠬᠢᠶᠠᠯᠠᠬᠤ ᠶᠢ ᠪᠠᠳᠤᠯᠠᠨ᠎ᠠ᠃ ᠴᠡᠴᠡᠭ ᠳᠡᠯᠬᠡᠷᠡᠨ ᠬᠤᠩᠭᠤᠷᠴᠤᠭᠯᠠᠬᠤ | ᠬᠤᠭᠤᠴᠠᠭ᠎ᠠ ᠪᠤᠯ ᠰᠢᠷ᠎ᠠ ᠪᠤᠷᠴᠠᠭ ᠤᠨ ᠤᠰᠤᠨ ᠬᠡᠷᠡᠭᠴᠡᠭᠡ ᠬᠠᠮᠤᠭ ᠶᠡᠭᠡ ᠦᠶ᠎ᠡ᠂ ᠮᠦᠨᠴᠤ ᠬᠠᠮᠤᠭ ᠤᠨ ᠰᠡᠷᠬᠡᠭ ᠬᠤᠭᠤᠴᠠᠭ᠎ᠠ ᠪᠤᠯᠬᠤᠷ ᠡᠨᠡᠬᠦ ᠬᠤᠭᠤᠴᠠᠭᠠᠨ ᠤ | ᠤᠰᠤᠨ ᠤ ᠬᠦᠢᠴᠡᠤᠨ ᠬᠠᠩᠭᠠᠯᠭ᠎ᠠ ᠶᠢ ᠪᠠᠳᠤᠯᠠᠬᠤ ᠶᠢᠨ ᠬᠠᠮᠳᠤ ᠪᠤᠷᠴᠠᠭ ᠰᠠᠭᠤᠬᠤ ᠬᠤᠭᠤᠴᠠᠭᠠᠨ ᠤ ᠰᠢᠷ᠎ᠠ ᠪᠤᠷᠴᠠᠭ ᠤᠨ ᠤᠰᠤᠨ ᠬᠡᠷᠡᠭᠴᠡᠭᠡ ᠮᠦᠨ ᠯᠠ ᠶᠡᠭᠡ | ᠤᠴᠢᠷ ᠠᠴᠠ ᠬᠡᠳᠤᠷᠬᠡᠢ ᠡᠷᠳᠠ ᠤᠰᠤ ᠵᠤᠭᠰᠤᠭᠠᠵᠤ ᠪᠤᠯᠬᠤ ᠦᠬᠡᠢ᠃ ᠰᠢᠷ᠎ᠠ ᠪᠤᠷᠴᠠᠭ᠂ ᠡᠷᠳᠡᠨᠢ ᠰᠢᠰᠢ ᠶᠢ ᠬᠤᠪᠢᠶᠠᠨ ᠤᠰᠤᠯᠠᠵᠤ᠂ ᠴᠢᠬᠢᠭᠳᠦᠴᠠ ᠶᠢᠨ | ᠬᠠᠮᠢᠶᠠᠷᠤᠯᠳᠠ ᠶᠢ ᠳᠤᠰ ᠳᠤᠰ ᠳᠤ ᠨᠢ ᠶᠠᠪᠤᠭᠳᠠᠭᠤᠯᠤᠨ᠎ᠠ᠃ | ᠨᠠᠢᠮᠠ᠂ ᠡᠪᠡᠤᠨᠴᠢᠨ ᠢ ᠰᠡᠷᠬᠡᠶᠢᠯᠡᠨ ᠬᠤᠷᠤᠬᠠᠢ ᠶᠢ ᠬᠢᠵᠠᠭᠠᠷᠯᠠᠨ᠎ᠠ᠃ ᠰᠢᠷ᠎ᠠ ᠪᠤᠷᠴᠠᠭ ᠤᠨ ᠪᠤᠷᠤ ᠳᠤᠯᠪᠤᠳᠤ ᠡᠪᠡᠤᠨᠴᠢᠨ᠂ ᠮᠦᠬᠦ ᠶᠢᠨ ᠴᠦᠮ᠎ᠠ ᠡᠪᠡᠤᠨᠴᠢᠨ᠂ | ᠪᠤᠷᠭᠤᠢ ᠬᠤᠷᠤᠬᠠᠢ᠂ ᠪᠠᠭᠠᠷᠠᠩ ᠬᠤᠷᠤᠬᠠᠢ ᠵᠡᠷᠬᠡ ᠡᠪᠡᠤᠨᠴᠢᠨ ᠬᠤᠷᠤᠬᠠᠢ ᠶᠢᠨ ᠬᠦᠨᠤᠬᠡᠯ ᠢ ᠭᠤᠤᠯᠳᠠᠯᠭ᠎ᠠ ᠲᠠᠢ ᠰᠡᠷᠬᠡᠶᠢᠯᠡᠵᠤ᠂ ᠳᠠᠷᠢᠶᠠᠨ ᠳᠤᠮᠳᠠ ᠪᠤᠷᠤ ᠳᠤᠯᠪᠤᠳᠤ | ᠡᠪᠡᠤᠨᠴᠢᠨ ᠢᠯᠡᠷᠡᠪᠡᠯ ᠴᠠᠭ ᠳᠤᠬᠠᠢ ᠳᠤ ᠨᠢ 75% ᠶᠢᠨ ᠪᠠᠢ ᠵᠢᠶᠦ᠋ᠨ ᠴᠢᠩ ᠴᠢᠬᠢᠭᠯᠢᠭ ᠨᠤᠨᠳᠠᠭ ᠡᠮ ᠤᠨ 700 — 800 ᠳᠠᠬᠢᠨ ᠤ ᠰᠢᠩᠬᠡᠨ ᠪᠤᠶᠤ | 50% ᠶᠢᠨ ᠳ᠋ᠥᠸᠧ ᠵᠢᠶᠦ᠋ᠨ ᠯᠢᠩ ᠴᠢᠬᠢᠭᠯᠢᠭ ᠨᠤᠨᠳᠠᠭ ᠡᠮ ᠤᠨ 1000 ᠳᠠᠬᠢᠨ ᠤ ᠰᠢᠩᠬᠡᠨ ᠢ ᠰᠦᠷᠴᠢᠨ ᠵᠠᠰᠠᠵᠤ᠂ 10 ᠡᠳᠤᠷ ᠠᠯᠤᠰᠯᠠᠭᠠᠤᠨ 1 ᠤᠳᠠᠭ᠎ᠠ | ᠰᠦᠷᠴᠢᠨ᠂ 2 — 3 ᠤᠳᠠᠭ᠎ᠠ ᠰᠦᠷᠴᠢᠨ᠎ᠠ᠂ ᠮᠦᠬᠦ ᠶᠢᠨ ᠴᠦᠮ᠎ᠠ ᠡᠪᠡᠤᠨᠴᠢᠨ ᠢ ᠰᠡᠷᠬᠡᠶᠢᠯᠡᠨ ᠵᠠᠰᠠᠬᠤ ᠬᠠᠮᠤᠭ ᠰᠠᠶᠢᠨ ᠴᠠᠭ ᠪᠤᠯ ᠰᠢᠷ᠎ᠠ ᠪᠤᠷᠴᠠᠭ ᠤᠨ | ᠴᠡᠴᠡᠭ ᠳᠡᠯᠬᠡᠷᠡᠬᠦ ᠡᠬᠢᠨ ᠤ ᠬᠤᠭᠤᠴᠠᠭ᠎ᠠ ᠠᠴᠠ ᠬᠤᠩᠭᠤᠷᠴᠤᠭ ᠤᠨ ᠡᠬᠢᠨ ᠤ ᠬᠤᠭᠤᠴᠠᠭ᠎ᠠ ᠪᠤᠯᠤᠨ᠎ᠠ᠃ ᠮᠤ᠋ ᠪᠦᠷᠢ ᠳᠤ 80% ᠶᠢᠨ ᠳ᠋ᠥᠸᠧ ᠵᠢᠶᠦ᠋ᠨ ᠯᠢᠩ | ᠪᠢᠴᠢᠯ ᠮᠦᠬᠦᠯᠢᠭ ᠡᠮ ᠢ 50 ᠭᠷᠠᠮ ᠪᠤᠶᠤ 50% ᠶᠢᠨ ᠳ᠋ᠥᠸᠧ ᠵᠢᠶᠦ᠋ᠨ ᠯᠢᠩ ᠴᠢᠬᠢᠭᠯᠢᠭ ᠨᠤᠨᠳᠠᠭ ᠡᠮ ᠢ 100 ᠭᠷᠠᠮ ᠪᠤᠶᠤ 40% ᠶᠢᠨ ᠳ᠋ᠥᠸᠧ ᠵᠢᠶᠦ᠋ᠨ | ᠯᠢᠩ ᠴᠠᠪᠠᠤᠯᠢᠭ ᠡᠮ ᠢ 100 ᠮᠢᠯᠢᠯᠢᠲᠷ ᠰᠦᠷᠴᠢᠵᠤ ᠵᠠᠰᠠᠨ᠎ᠠ᠃ 7 ᠰᠠᠷ᠎ᠠ ᠶᠢᠨ ᠰᠡᠬᠦᠯᠴᠢ ᠠᠴᠠ 8 ᠰᠠᠷ᠎ᠠ ᠶᠢᠨ ᠡᠬᠢᠨ ᠤ ᠪᠤᠷᠭᠤᠢ ᠬᠤᠷᠤᠬᠠᠢ ᠶᠡᠬᠡᠪᠡᠷ ᠪᠦᠳᠤᠬᠦ | ᠬᠤᠭᠤᠴᠠᠭᠠᠨ ᠳᠤ ᠰᠢᠦ ᠴᠢᠩ ᠵᠢᠦᠢ ᡁᠢ ᠶᠢ ᠮᠤ᠋ ᠪᠦᠷᠢ ᠳᠤ 30 ᠭᠷᠠᠮ ᠢ 40 — 50 ᠺᠢᠯᠦᠭᠷᠠᠮ ᠤᠰᠤ ᠲᠠᠢ ᠬᠤᠯᠢᠨ ᠤᠷᠤᠢ ᠶᠢᠨ 4 — 7 ᠴᠠᠭ ᠲᠤ | ᠨᠠᠪᠴᠢᠨ ᠤ ᠭᠠᠳᠠᠷᠭᠤ ᠳᠤ ᠰᠦᠷᠴᠢᠨ᠂ 10 ᠡᠳᠤᠷ ᠲᠤ ᠨᠢᠬᠡ ᠤᠳᠠᠭ᠎ᠠ ᠰᠦᠷᠴᠢᠵᠤ᠂ ᠵᠠᠯᠭᠠᠪᠠᠷ 2 — 3 ᠤᠳᠠᠭ᠎ᠠ ᠰᠦᠷᠴᠢᠪᠡᠯ ᠡᠪᠡᠰᠤᠳᠤ ᠭᠠᠵᠠᠷ ᠤᠨ | ᠮᠢᠩ ᠬᠤᠷᠤᠬᠠᠢ ᠶᠢ ᠬᠠᠮᠳᠤ ᠳᠤ ᠨᠢ ᠵᠠᠰᠠᠵᠤ ᠪᠤᠯᠤᠨ᠎ᠠ᠃ ᠰᠢᠷ᠎ᠠ ᠪᠤᠷᠴᠠᠭ ᠤᠨ ᠪᠠᠭᠠᠷᠠᠩ ᠬᠤᠷᠤᠬᠠᠢ ᠶᠢᠨ ᠳᠤᠯᠪᠤ ᠡᠬᠦᠰᠬᠦ ᠪᠤᠶᠤ ᠤᠷᠭᠤᠮᠠᠯ ᠤᠨ ᠪᠠᠭᠠᠷᠠᠩ | ᠬᠤᠷᠤᠬᠠᠢ ᠶᠢᠨ ᠨᠤᠷᠮ᠎ᠠ 50% ᠬᠦᠷᠬᠦ ᠦᠶᠡᠰ 3% ᠶᠢᠨ ᠳ᠋ᠢᠩ ᠴᠦᠩ ᠮᠢ ᠴᠢᠳᠡᠮᠯᠢᠭ ᠳᠤᠰᠤ ᠶᠢ 15 — 20 ᠮᠢᠯᠢᠯᠢᠲᠷ/ ᠮᠤ᠋ ᠬᠡᠷᠡᠭᠯᠡᠵᠤ᠂ ᠬᠡᠷᠡᠭᠯᠡᠬᠦ | ᠡᠮ ᠤᠨ ᠳᠤᠤᠷ᠎ᠠ ᠬᠢᠵᠠᠭᠠᠷ ᠲᠤ 40 ᠺᠢᠯᠦᠭᠷᠠᠮ ᠤᠰᠤ ᠬᠤᠯᠢᠵᠤ᠂ ᠬᠡᠷᠡᠭᠯᠡᠬᠦ ᠡᠮ ᠤᠨ ᠳᠡᠬᠡᠳᠤ ᠬᠢᠵᠠᠭᠠᠷ ᠲᠤ 50 ᠺᠢᠯᠦᠭᠷᠠᠮ ᠤᠰᠤ ᠬᠤᠯᠢᠵᠤ ᠰᠦᠷᠴᠢᠨ | ᠵᠠᠰᠠᠨ᠎ᠠ᠃ ᠡᠷᠳᠡᠨᠢ ᠰᠢᠰᠢ ᠶᠢᠨ ᠳᠤᠮᠤ ᠳᠤᠯᠪᠤᠳᠤ ᠡᠪᠡᠤᠨᠴᠢᠨ ᠳᠤ ᠳ᠋ᠥᠸᠧ ᠵᠢᠶᠦ᠋ᠨ ᠯᠢᠩ᠂ ᠳ᠋ᠠᠢ ᠰᠧᠨ ᠮᠧᠩ ᠰᠢᠨ᠂ ᠵᠢᠶᠠ ᠵᠢᠢ ᠯᠢᠦ ᠵᠢᠶᠦ᠋ᠨ ᠯᠢᠩ᠂ | ᠫᠧᠨ᠋ᠲ᠋ᠠᠽᠤᠯ ᠠᠯᠺᠤᠤᠯ ᠵᠡᠷᠬᠡ ᠴᠢᠬᠢᠭᠯᠢᠭ ᠨᠤᠨᠳᠠᠭ ᠡᠮ ᠢ ᠬᠡᠷᠡᠭᠯᠡᠵᠤ ᠳᠤᠳᠤᠷᠬᠠᠶᠢᠯᠠᠯᠳᠠ ᠶᠢᠨ ᠪᠢᠴᠢᠭ ᠶᠤᠰᠤᠭᠠᠷ ᠬᠡᠷᠡᠭᠯᠡᠬᠦ ᠬᠡᠮᠵᠢᠶ᠎ᠡ ᠪᠠᠷ ᠤᠰᠤ ᠬᠤᠯᠢᠵᠤ | ᠰᠦᠷᠴᠢᠨ ᠵᠠᠰᠠᠨ᠎ᠠ︔ ᠨᠠᠩᠬᠢ ᠬᠤᠷᠤᠬᠠᠢ᠂ ᠡᠪᠡᠰᠤᠳᠤ ᠭᠠᠵᠠᠷ ᠤᠨ ᠮᠢᠩ ᠬᠤᠷᠤᠬᠠᠢ᠂ ᠬᠦᠪᠤᠩ ᠤᠨ ᠬᠤᠩᠭᠤᠷᠴᠠᠭ ᠤᠨ ᠢᠳᠤᠭᠠᠨ᠂ ᠰᠢᠷᠤᠢ ᠶᠢᠨ ᠵᠢᠵᠢᠭ ᠬᠦᠷᠢ | ᠂ ᠡᠷᠳᠡᠨᠢ ᠰᠢᠰᠢ ᠶᠢᠨ ᠤᠯᠠᠭᠠᠨ ᠠᠭᠠᠯᠵᠢ ᠵᠡᠷᠬᠡ ᠳᠤ ᠦᠨᠳᠤᠷ ᠪᠦᠳᠤᠮᠵᠢᠳᠠᠢ᠂ ᠬᠤᠤᠷ ᠪᠠᠭ᠎ᠠ᠂ ᠦᠯᠡᠳᠡᠭᠳᠡᠯ ᠪᠠᠭ᠎ᠠ ᠲᠠᠢ ᠬᠤᠷᠤᠬᠠᠢ ᠠᠯᠠᠬᠤ ᠡᠮ ᠪᠤᠶᠤ ᠠᠮᠢᠳᠤ | ᠪᠤᠳᠠᠰ ᠤᠨ ᠳᠠᠷᠢᠶᠠᠨ ᠡᠮ ᠢ ᠳᠤᠳᠤᠷᠬᠠᠶᠢᠯᠠᠯᠳᠠ ᠶᠢᠨ ᠪᠢᠴᠢᠭ ᠤᠨ ᠳᠠᠨᠢᠯᠴᠠᠭᠤᠯᠭ᠎ᠠ ᠶᠤᠰᠤᠭᠠᠷ ᠬᠡᠷᠡᠭᠯᠡᠬᠦ ᠬᠡᠮᠵᠢᠶ᠎ᠡ ᠪᠠᠷ ᠤᠰᠤ ᠬᠤᠯᠢᠭᠰᠡᠨ ᠤ ᠳᠠᠷᠠᠭ᠎ᠠ ᠰᠦᠷᠴᠢᠨ | ᠵᠠᠰᠠᠨ᠎ᠠ᠃ | ᠶᠢᠰᠤ᠂ ᠵᠤᠬᠢᠬᠤ ᠬᠤᠭᠤᠴᠠᠭᠠᠨ ᠳᠤ ᠨᠢ ᠬᠤᠷᠢᠶᠠᠨ᠎ᠠ᠃ 9 ᠰᠠᠷ᠎ᠠ ᠶᠢᠨ ᠰᠡᠬᠦᠯᠴᠢ 10 ᠰᠠᠷ᠎ᠠ ᠶᠢᠨ ᠡᠬᠢᠨ ᠤ ᠬᠤᠭᠤᠴᠠᠭᠠᠨ ᠳᠤ ᠡᠷᠳᠡᠨᠢ ᠰᠢᠰᠢ᠂ ᠰᠢᠷ᠎ᠠ | ᠪᠤᠷᠴᠠᠭ ᠤᠨ ᠪᠤᠯᠪᠠᠰᠤᠷᠠᠯᠳᠠ ᠶᠢᠨ ᠡᠮᠤᠨ᠎ᠡ ᠬᠤᠶᠢᠨ᠎ᠠ ᠳᠠᠷᠠᠭᠠᠯᠠᠯ ᠢ ᠦᠨᠳᠤᠰᠤᠯᠡᠨ ᠬᠤᠷᠢᠶᠠᠬᠤ ᠳᠡᠰ ᠳᠠᠷᠠᠭ᠎ᠠ ᠪᠠᠨ ᠳᠤᠭᠳᠠᠭᠠᠨ᠎ᠠ᠃ ᠰᠢᠷ᠎ᠠ ᠪᠤᠷᠴᠠᠭ ᠤᠨ ᠨᠠᠪᠴᠢ | ᠨᠢ ᠪᠦᠬᠦᠨ ᠢᠶᠠᠷ ᠢᠶᠠᠨ ᠬᠤᠪᠬᠤᠷᠠᠨ ᠤᠨᠠᠵᠤ᠂ ᠡᠰᠢᠨ ᠳᠤ ᠨᠢ ᠤᠤᠯ ᠲᠦᠷᠤᠯ ᠤᠨ ᠳᠤᠭᠳᠠᠮᠠᠯ ᠦᠩᠬᠡ ᠢᠯᠡᠷᠡᠨ᠂ ᠮᠦᠬᠦᠯᠢᠭ ᠤᠨ ᠤᠰᠤᠨ ᠤ ᠠᠭᠤᠯᠤᠭᠳᠠᠴᠠ | ᠨᠢ ᠪᠠᠭᠤᠷᠠᠭᠠᠤᠨ 15% ᠤᠷᠴᠢᠮ ᠪᠤᠯᠬᠤ ᠦᠶ᠎ᠡ ᠳᠤ ᠮᠠᠰᠢᠨ ᠢᠶᠠᠷ ᠬᠤᠷᠢᠶᠠᠨ᠎ᠠ᠃ ᠡᠷᠳᠡᠨᠢ ᠰᠢᠰᠢ ᠶᠢᠨ 90% ᠠᠴᠠ ᠳᠡᠬᠡᠭᠰᠢᠬᠢ ᠵᠢᠮᠢᠰ ᠤᠨ ᠲᠦᠷᠤᠬᠦᠤ ᠶᠢᠨ | ᠪᠠᠭᠯᠠᠭᠴᠢ ᠨᠠᠪᠴᠢ ᠨᠢ ᠬᠤᠪᠬᠠᠶᠢᠷᠠᠨ ᠴᠠᠶᠢᠷᠠᠵᠤ᠂ ᠮᠦᠬᠦᠯᠢᠭ ᠨᠢ ᠬᠠᠳᠠᠭᠤᠷᠠᠨ᠂ ᠰᠦᠨ ᠱᠤᠭᠤᠮ ᠨᠢ ᠠᠷᠢᠯᠵᠤ᠂ ᠰᠠᠭᠤᠷᠢ ᠬᠡᠰᠡᠭ ᠲᠤ ᠨᠢ ᠬᠠᠷ᠎ᠠ ᠦᠩᠬᠡᠳᠠᠢ | ᠳᠡᠪᠬᠤᠷᠭ᠎ᠠ ᠢᠯᠡᠷᠡᠨ᠂ ᠤᠰᠤ ᠠᠭᠤᠯᠬᠤ ᠨᠤᠷᠮ᠎ᠠ ᠨᠢ 30% ᠤᠷᠴᠢᠮ ᠪᠤᠯᠬᠤ ᠦᠶ᠎ᠡ ᠳᠤ ᠡᠷᠳᠡᠨᠢ ᠰᠢᠰᠢ ᠶᠢᠨ ᠬᠠᠮ ᠬᠠᠳᠤᠵᠤ ᠬᠤᠷᠢᠶᠠᠬᠤ ᠮᠠᠰᠢᠨ ᠢᠶᠠᠷ | ᠬᠤᠷᠢᠶᠠᠨ᠎ᠠ᠃ ᠡᠷᠳᠡᠨᠢ ᠰᠢᠰᠢ ᠰᠢᠷ᠎ᠠ ᠪᠤᠷᠴᠠᠭ ᠢ ᠨᠠᠶᠢᠯᠡᠬᠦᠯᠤᠨ ᠳᠠᠷᠤᠰᠢᠭᠤᠯᠬᠤ ᠳᠤ᠂ ᠰᠢᠷ᠎ᠠ ᠪᠤᠷᠴᠠᠭ ᠤᠨ ᠬᠡᠩᠬᠡᠷᠬᠡᠨ ᠮᠦᠬᠦᠯᠢᠭ ᠤᠨ ᠰᠡᠬᠦᠯᠴᠢ ᠶᠢᠨ | ᠬᠤᠭᠤᠴᠠᠭᠠᠨ ᠳᠤ᠂ ᠡᠷᠳᠡᠨᠢ ᠰᠢᠰᠢ ᠶᠢᠨ ᠰᠢᠷᠠᠯᠠᠬᠤ ᠡᠬᠢᠨ ᠤ ᠬᠤᠭᠤᠴᠠᠭᠠᠨ ᠳᠤ ᠬᠠᠮᠳᠤ ᠳᠤ ᠨᠢ ᠬᠤᠷᠢᠶᠠᠭᠰᠡᠨ ᠤ ᠰᠡᠬᠦᠯᠡᠷ ᠪᠤᠭᠤᠵᠢᠯᠠᠵᠤ ᠪᠦᠷᠬᠦᠬᠦᠯ | ᠤᠷᠤᠭᠤᠯᠬᠤ ᠮᠦᠷᠳᠡᠬᠡᠨ ᠤᠪᠤᠭᠠᠯᠠᠨ ᠳᠠᠯᠪᠢᠵᠤ ᠳᠠᠷᠤᠰᠢᠭᠤᠯᠬᠤ ᠪᠤᠶᠤ ᠰᠢᠭᠤᠤᠨ ᠳᠠᠷᠤᠰᠢᠭᠤᠯᠵᠤ᠂ ᠨᠤᠭᠤᠭᠠᠨ ᠳᠠᠷᠤᠰᠢ ᠶᠢᠨ ᠵᠤᠭᠤᠷᠢᠨ ᠳᠤ ᠪᠢᠳᠡᠬᠦᠮᠵᠢᠯᠡᠵᠤ | ᠬᠠᠳᠠᠭᠠᠯᠠᠨ᠎ᠠ᠃ | ᠠᠷᠪᠠ᠂ ᠠᠩᠬᠠᠷᠬᠤ ᠵᠦᠢᠯ᠃ ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠨᠠᠶᠢᠯᠡᠮᠡᠯ ᠳᠠᠷᠢᠯᠳᠠ ᠪᠤᠯ ᠨᠢᠬᠡ ᠲᠦᠷᠤᠯ ᠤᠨ ᠨᠠᠷᠢᠯᠢᠭ ᠤᠨᠤᠪᠴᠢᠳᠠᠢ | ᠮᠡᠷᠬᠡᠵᠢᠯ ᠪᠤᠯᠤᠨ᠎ᠠ᠂ ᠬᠡᠷᠪᠡ ᠰᠠᠶᠢᠳᠤᠷ ᠡᠵᠡᠮᠳᠡᠵᠤ ᠳᠠᠶᠢᠯᠬᠦ ᠦᠬᠡᠢ ᠪᠤᠯ ᠤᠨᠠᠯᠳᠠ ᠪᠠᠭᠠᠰᠬᠤ ᠪᠤᠯᠤᠨ᠎ᠠ᠂ ᠭᠤᠤᠯᠳᠠᠭᠤ ᠳᠤᠤᠷᠠᠬᠢ 3 ᠳᠠᠯ᠎ᠠ ᠶᠢ ᠠᠩᠬᠠᠷᠬᠤ | ᠬᠡᠷᠡᠭᠳᠠᠢ᠃ | 1. ᠨᠢᠭᠳᠠᠴᠠ ᠶᠢ ᠪᠠᠳᠤᠯᠠᠬᠤ ᠪᠤᠯ ᠤᠨᠠᠯᠳᠠ ᠶᠢ ᠳᠤᠭᠳᠠᠪᠤᠷᠢᠵᠢᠭᠤᠯᠤᠨ ᠤᠨᠠᠯᠳᠠ ᠶᠢ ᠨᠡᠮᠡᠭᠳᠡᠬᠦᠯᠬᠦ ᠶᠢᠨ ᠰᠠᠭᠤᠷᠢ ᠪᠤᠯᠤᠨ᠎ᠠ᠃ ᠳᠤᠰ ᠮᠡᠷᠬᠡᠵᠢᠯ ᠤᠨ | ᠭᠤᠤᠯᠳᠠᠯᠭ᠎ᠠ ᠪᠤᠯ ᠨᠢᠭᠳᠠ ᠳᠠᠷᠢᠯᠳᠠ ᠳᠤ ᠳᠠᠭᠠᠭᠠᠮᠠᠭᠠᠢ ᠦᠷ᠎ᠠ ᠶᠢ ᠰᠤᠩᠭᠤᠬᠤ ᠪᠠᠷ ᠳᠠᠮᠵᠢᠨ ᠳᠠᠷᠢᠯᠳᠠ ᠶᠢᠨ ᠨᠢᠭᠳᠠᠴᠠ ᠶᠢ ᠨᠡᠮᠡᠭᠳᠡᠬᠦᠯᠤᠨ᠂ ᠨᠢᠬᠡ ᠮᠤ᠋ ᠭᠠᠵᠠᠷ | ᠳᠡᠬᠡᠷᠡᠬᠢ ᠡᠷᠳᠡᠨᠢ ᠰᠢᠰᠢ ᠶᠢᠨ ᠭᠠᠵᠠᠷ ᠡᠵᠡᠯᠡᠬᠦ ᠳᠠᠯᠠᠪᠠᠢ ᠶᠢ ᠪᠠᠭᠠᠰᠬᠠᠬᠤ ᠠᠴᠠ ᠪᠢᠰᠢ ᠰᠠᠭᠤᠷᠢ ᠳᠤᠭ᠎ᠠ ᠶᠢ ᠪᠠᠭᠠᠰᠬᠠᠬᠤ ᠦᠬᠡᠢ ᠪᠠᠶᠢᠬᠤ ᠶᠢ ᠪᠠᠳᠤᠯᠠᠨ᠎ᠠ᠃ | ᠬᠦᠪᠡᠭᠡ ᠵᠠᠬ᠎ᠠ ᠶᠢᠨ ᠳᠠᠪᠠᠭᠤᠯᠢᠭ ᠢ ᠬᠦᠢᠴᠡᠤᠨ ᠠᠰᠢᠭᠯᠠᠨ᠂ ᠰᠠᠯᠬᠢ ᠬᠡᠷᠡᠯ ᠨᠡᠪᠳᠡᠷᠡᠬᠦ ᠶᠢ ᠨᠡᠮᠡᠭᠳᠡᠬᠦᠯᠵᠤ᠂ ᠨᠢᠬᠡ ᠮᠤ᠋ ᠭᠠᠵᠠᠷ ᠤᠨ ᠡᠷᠳᠡᠨᠢ ᠰᠢᠰᠢ ᠶᠢᠨ ᠤᠨᠠᠯᠳᠠ | ᠶᠢ ᠪᠠᠭᠠᠰᠬᠠᠬᠤ ᠦᠬᠡᠢ ᠤᠷᠢᠳᠠᠯ ᠳᠤᠤᠷ᠎ᠠ ᠪᠠᠰᠠ ᠨᠢᠬᠡ ᠪᠦᠯᠦᠭ ᠰᠢᠷ᠎ᠠ ᠪᠤᠷᠴᠠᠭ ᠢᠶᠠᠷ ᠤᠷᠤᠯᠭ᠎ᠠ ᠪᠠᠨ ᠨᠡᠮᠡᠭᠳᠡᠬᠦᠯᠤᠨ᠎ᠠ᠃ ᠳᠠᠷᠤᠢ ᠨᠢᠬᠡ ᠮᠤ᠋ ᠭᠠᠵᠠᠷ ᠢ ᠬᠤᠶᠠᠷ ᠮᠤ᠋ | ᠭᠠᠵᠠᠷ ᠪᠤᠯᠭᠠᠨ ᠠᠰᠢᠭᠯᠠᠵᠤ᠂ ᠨᠢᠬᠡ ᠭᠠᠵᠠᠷ ᠠᠴᠠ ᠬᠤᠶᠠᠷ ᠤᠷᠤᠯᠭ᠎ᠠ ᠤᠯᠬᠤ ᠶᠢ ᠪᠡᠶᠡᠯᠡᠬᠦᠯᠤᠨ᠎ᠠ᠃ ᠬᠡᠷᠪᠡ ᠡᠷᠳᠡᠨᠢ ᠰᠢᠰᠢ ᠶᠢᠨ ᠨᠢᠭᠳᠠᠴᠠ ᠬᠦᠷᠤᠯᠴᠡᠬᠦ ᠦᠬᠡᠢ | ᠪᠤᠯ ᠡᠷᠳᠡᠨᠢ ᠰᠢᠰᠢ ᠶᠢᠨ ᠭᠠᠵᠠᠷ ᠡᠵᠡᠯᠡᠬᠦ ᠳᠠᠯᠠᠪᠠᠢ ᠶᠢᠨ ᠪᠠᠭᠠᠰᠤᠯᠳᠠ ᠠᠴᠠ ᠤᠨᠠᠯᠳᠠ ᠪᠠᠭᠠᠰᠬᠤ ᠪᠤᠯᠤᠨ᠎ᠠ᠃ ᠨᠠᠶᠢᠯᠡᠮᠡᠯ ᠳᠠᠷᠢᠯᠳᠠ ᠶᠢᠨ ᠨᠦᠬᠦᠴᠡᠯ ᠳᠤᠤᠷ᠎ᠠ | ᠡᠷᠳᠡᠨᠢ ᠰᠢᠰᠢ ᠶᠢᠨ ᠨᠢᠭᠳᠠᠴᠠ ᠶᠢ ᠳ᠋ᠠᠩ ᠢᠶᠠᠷ ᠳᠠᠷᠢᠬᠤ ᠨᠢᠭᠳᠠᠴᠠ ᠲᠠᠢ ᠠᠳᠠᠯᠢ ᠪᠤᠶᠤ ᠳ᠋ᠠᠩ ᠢᠶᠠᠷ ᠳᠠᠷᠢᠬᠤ ᠨᠢᠭᠳᠠᠴᠠ ᠶᠢᠨ 80% ᠠᠴᠠ ᠳᠡᠬᠡᠭᠰᠢ ᠳᠤ | ᠬᠦᠷᠬᠡᠵᠤ᠂ ᠰᠢᠷ᠎ᠠ ᠪᠤᠷᠴᠠᠭ ᠤᠨ ᠨᠢᠭᠳᠠᠴᠠ ᠶᠢ ᠳ᠋ᠠᠩ ᠢᠶᠠᠷ ᠳᠠᠷᠢᠬᠤ ᠨᠢᠭᠳᠠᠴᠠ ᠶᠢᠨ 70% ᠠᠴᠠ ᠳᠡᠬᠡᠭᠰᠢ ᠳᠤ ᠬᠦᠷᠬᠡᠬᠦ ᠬᠡᠷᠡᠭᠳᠠᠢ᠃ | 2. ᠨᠠᠷᠢᠯᠢᠭ ᠤᠨᠤᠪᠴᠢᠳᠠᠢ ᠪᠠᠷ ᠪᠤᠷᠳᠤᠭᠤᠷ ᠤᠷᠤᠭᠤᠯᠬᠤ ᠪᠤᠯ ᠤᠨᠠᠯᠳᠠ ᠶᠢ ᠳᠤᠭᠳᠠᠪᠤᠷᠢᠵᠢᠭᠤᠯᠤᠨ ᠤᠨᠠᠯᠳᠠ ᠶᠢ ᠨᠡᠮᠡᠭᠳᠡᠬᠦᠯᠬᠦ ᠶᠢᠨ ᠵᠠᠩᠬᠢᠯᠠᠭ᠎ᠠ ᠪᠤᠯᠤᠨ᠎ᠠ᠃ | ᠨᠠᠶᠢᠯᠡᠮᠡᠯ ᠳᠠᠷᠢᠯᠳᠠ ᠶᠢᠨ ᠨᠦᠬᠦᠴᠡᠯ ᠳᠤᠤᠷ᠎ᠠ ᠡᠷᠳᠡᠨᠢ ᠰᠢᠰᠢ ᠶᠢᠨ ᠳᠠᠯᠠᠪᠠᠢ ᠬᠡᠳᠤᠶᠢᠪᠡᠷ ᠪᠠᠭᠠᠰᠤᠭᠰᠡᠨ ᠴᠤ ᠰᠠᠭᠤᠷᠢ ᠶᠢᠨ ᠳᠤᠭ᠎ᠠ ᠨᠢ ᠪᠠᠭᠠᠰᠤᠭᠰᠡᠨ ᠦᠬᠡᠢ᠂ | ᠤᠨᠠᠯᠳᠠ ᠶᠢ ᠪᠠᠭᠤᠷᠠᠭᠤᠯᠬᠤ ᠦᠬᠡᠢ ᠪᠠᠶᠢᠯᠭᠠᠬᠤ ᠬᠡᠪᠡᠯ᠂ ᠨᠠᠶᠢᠯᠡᠮᠡᠯ ᠳᠠᠷᠢᠯᠳᠠ ᠳᠠᠬᠢ ᠡᠷᠳᠡᠨᠢ ᠰᠢᠰᠢ ᠶᠢᠨ ᠪᠤᠷᠳᠤᠭᠤᠷ ᠤᠷᠤᠭᠤᠯᠬᠤ ᠬᠡᠮᠵᠢᠶ᠎ᠡ ᠶᠢ ᠳ᠋ᠠᠩ ᠢᠶᠠᠷ | ᠡᠷᠳᠡᠨᠢ ᠰᠢᠰᠢ ᠳᠠᠷᠢᠬᠤ ᠦᠶ᠎ᠡ ᠲᠠᠢ ᠠᠳᠠᠯᠢ ᠪᠠᠶᠢᠯᠭᠠᠬᠤ ᠬᠡᠷᠡᠭᠳᠠᠢ᠂ ᠡᠷᠳᠡᠨᠢ ᠰᠢᠰᠢ ᠶᠢᠨ ᠳ᠋ᠠᠩ ᠳᠠᠷᠢᠯᠳᠠ ᠶᠢᠨ ᠨᠢᠬᠡ ᠮᠤ᠋ ᠭᠠᠵᠠᠷ ᠳᠡᠬᠡᠷᠡᠬᠢ ᠪᠤᠷᠳᠤᠭᠤᠷ | ᠤᠷᠤᠭᠤᠯᠤᠯᠳᠠ ᠶᠢ ᠤᠳᠤ ᠶᠢᠨ ᠬᠠᠭᠠᠰ ᠮᠤ᠋ ᠭᠠᠵᠠᠷ ᠲᠤ ᠤᠷᠤᠭᠤᠯᠤᠨ᠎ᠠ᠂ ᠢᠩᠬᠢᠵᠤ ᠬᠢᠬᠦ ᠳᠤ ᠳᠠᠷᠢᠵᠤ ᠪᠤᠷᠳᠤᠭᠤᠷ ᠤᠷᠤᠭᠤᠯᠬᠤ ᠮᠠᠰᠢᠨ ᠳᠤ ᠨᠠᠩ ᠶᠡᠭᠡ | ᠪᠤᠷᠳᠤᠭᠤᠷ ᠤᠷᠤᠭᠤᠯᠬᠤ ᠬᠦᠴᠤᠯᠡᠴᠠ ᠲᠠᠢ ᠪᠠᠶᠢᠯᠭᠠᠵᠤ᠂ ᠪᠤᠷᠳᠤᠭᠤᠷ ᠤᠷᠤᠭᠤᠯᠬᠤ ᠬᠦᠴᠤᠯᠡᠴᠠ ᠬᠦᠢᠴᠡᠤᠨ ᠪᠠᠶᠢᠬᠤ ᠶᠢ ᠪᠠᠳᠤᠯᠠᠬᠤ ᠶᠢᠨ ᠲᠦᠯᠤᠬᠡ᠂ ᠳᠠᠷᠢᠵᠤ | ᠪᠤᠷᠳᠤᠭᠤᠷ ᠤᠷᠤᠭᠤᠯᠬᠤ ᠮᠠᠰᠢᠨ ᠳᠤ ᠠᠰᠳᠠᠭᠠᠨ ᠨᠢᠬᠡ ᠪᠤᠷᠳᠤᠭᠤᠷ ᠤᠷᠤᠭᠤᠯᠬᠤ ᠬᠤᠭᠤᠯᠠᠢ ᠨᠡᠮᠡᠵᠤ ᠤᠭᠰᠠᠷᠠᠬᠤ ᠪᠤᠶᠤ ᠪᠤᠷᠳᠤᠭᠤᠷ ᠤᠷᠤᠭᠤᠯᠬᠤ ᠠᠮᠠᠰᠠᠷ ᠢ | ᠶᠡᠬᠡᠰᠬᠡᠵᠤ ᠪᠠᠶᠢᠭᠠᠤᠨ ᠪᠤᠷᠳᠤᠭᠤᠷ ᠤᠷᠤᠭᠤᠯᠬᠤ ᠬᠡᠮᠵᠢᠶ᠎ᠡ ᠶᠢᠨ ᠬᠠᠷᠠᠯᠳᠠ ᠳᠤ ᠬᠦᠷᠬᠡᠨ᠎ᠡ᠃ ᠡᠬᠦᠨ ᠠᠴᠠ ᠭᠠᠳᠠᠨ᠎ᠠ᠂ ᠡᠷᠳᠡᠨᠢ ᠰᠢᠰᠢ ᠰᠢᠷ᠎ᠠ ᠪᠤᠷᠴᠠᠭ ᠤᠨ | ᠪᠤᠷᠳᠤᠭᠤᠷ ᠤᠨ ᠱᠠᠭᠠᠷᠳᠠᠯᠭ᠎ᠠ ᠶᠢᠨ ᠬᠡᠮᠵᠢᠶ᠎ᠡ ᠪᠠ ᠱᠠᠭᠠᠷᠳᠠᠯᠭ᠎ᠠ ᠶᠢᠨ ᠵᠢᠮ᠎ᠠ ᠶᠤᠰᠤ ᠨᠢ ᠮᠠᠰᠢ ᠶᠡᠭᠡ ᠵᠦᠷᠢᠶ᠎ᠡ ᠲᠠᠢ ᠪᠤᠯᠬᠤᠷ ᠪᠤᠷᠳᠤᠭᠤᠷ ᠤᠨ ᠬᠠᠮᠢᠶᠠᠷᠤᠯᠳᠠ ᠶᠢ | ᠠᠰᠳᠠᠭᠠᠨ ᠶᠠᠪᠤᠭᠳᠠᠭᠤᠯᠤᠨ᠎ᠠ᠃ ᠢᠯᠠᠩᠭᠤᠶ᠎ᠠ ᠡᠷᠳᠡᠨᠢ ᠰᠢᠰᠢ ᠳᠤ ᠠᠽᠤᠲ ᠪᠤᠷᠳᠤᠭᠤᠷ ᠨᠡᠮᠡᠵᠤ ᠤᠷᠤᠭᠤᠯᠬᠤ ᠳᠠᠭᠠᠨ ᠪᠦᠬᠦ ᠳᠠᠷᠢᠶᠠᠨ ᠳᠤ ᠰᠠᠴᠤᠬᠤ ᠪᠠ | ᠨᠠᠯᠤᠩᠬᠡᠢ ᠤᠰᠤᠯᠠᠬᠤ ᠶᠠᠪᠤᠳᠠᠯ ᠢ ᠴᠢᠩᠭ᠎ᠠ ᠴᠡᠬᠡᠷᠡᠯᠬᠦ ᠬᠡᠷᠡᠭᠳᠠᠢ᠂ ᠡᠰᠡ ᠳᠡᠬᠡᠪᠡᠯ ᠰᠢᠷ᠎ᠠ ᠪᠤᠷᠴᠠᠭ ᠠᠽᠤᠲ ᠪᠤᠷᠳᠤᠭᠤᠷ ᠤᠨ ᠢᠯᠡᠬᠦᠳᠠᠯ ᠠᠴᠠ ᠪᠤᠯᠵᠤ ᠬᠡᠳᠤᠷᠬᠡᠢ | ᠤᠷᠭᠤᠨ᠂ ᠤᠨᠠᠯᠳᠠ ᠶᠢ ᠬᠦᠨᠳᠤ ᠨᠤᠴᠢᠳᠠᠢ ᠪᠠᠭᠤᠷᠠᠭᠤᠯᠬᠤ ᠪᠤᠯᠤᠨ᠎ᠠ᠃ | 3. ᠳᠤᠰᠭᠠᠷᠯᠠᠵᠤ ᠡᠪᠡᠰᠤ ᠠᠷᠢᠯᠭᠠᠬᠤ ᠪᠤᠯ ᠤᠨᠠᠯᠳᠠ ᠶᠢ ᠳᠤᠭᠳᠠᠪᠤᠷᠢᠵᠢᠭᠤᠯᠤᠨ ᠤᠨᠠᠯᠳᠠ ᠶᠢ ᠨᠡᠮᠡᠭᠳᠡᠬᠦᠯᠬᠦ ᠪᠠᠳᠤᠯᠠᠭ᠎ᠠ ᠪᠤᠯᠤᠨ᠎ᠠ᠃ ᠰᠢᠷ᠎ᠠ ᠪᠤᠷᠴᠠᠭ᠂ | ᠡᠷᠳᠡᠨᠢ ᠰᠢᠰᠢ ᠳᠤᠰᠪᠤᠷᠢ ᠪᠤᠷᠴᠠᠭ ᠤᠨ ᠢᠵᠠᠭᠤᠷ ᠪᠠ ᠦᠶᠡᠳᠤ ᠤᠷᠭᠤᠮᠠᠯ ᠤᠨ ᠢᠵᠠᠭᠤᠷ ᠲᠤ ᠬᠠᠷᠢᠶᠠᠯᠠᠭᠳᠠᠬᠤ ᠳᠤᠯᠠ ᠡᠪᠡᠰᠤ ᠠᠷᠢᠯᠭᠠᠬᠤ ᠡᠮ ᠢ ᠬᠠᠮᠳᠤ ᠳᠤ | ᠨᠢ ᠬᠡᠷᠡᠭᠯᠡᠵᠤ ᠪᠤᠯᠬᠤ ᠦᠬᠡᠢ ᠤᠴᠢᠷ ᠠᠴᠠ ᠬᠢᠮᠢ ᠶᠢᠨ ᠠᠷᠭ᠎ᠠ ᠪᠠᠷ ᠡᠪᠡᠰᠤ ᠠᠷᠢᠯᠭᠠᠬᠤ ᠶᠠᠪᠤᠴᠠ ᠳᠤ ᠡᠷᠬᠡᠪᠰᠢ ᠳᠤᠰᠭᠠᠷᠯᠠᠨ ᠬᠠᠯᠬᠠᠯᠠᠬᠤ ᠠᠵᠢᠯ ᠢ ᠰᠠᠶᠢᠳᠤᠷ | ᠬᠢᠵᠤ᠂ ᠠᠯᠢ ᠴᠢᠳᠠᠬᠤ ᠪᠠᠷ ᠬᠦᠪᠤᠨ ᠰᠢᠯᠵᠢᠬᠦ ᠶᠢ ᠰᠡᠷᠬᠡᠶᠢᠯᠡᠬᠦ ᠰᠦᠷᠴᠢᠬᠦᠷ ᠬᠡᠷᠡᠭᠯᠡᠨ᠂ ᠰᠢᠷ᠎ᠠ ᠪᠤᠷᠴᠠᠭ ᠡᠷᠳᠡᠨᠢ ᠰᠢᠰᠢ ᠬᠠᠷᠢᠯᠴᠠᠨ ᠡᠮ ᠤᠨ ᠬᠤᠤᠷᠳᠠᠯ ᠠᠴᠠ | ᠪᠤᠯᠵᠤ ᠤᠨᠠᠯᠳᠠ ᠬᠠᠰᠤᠭᠳᠠᠬᠤ ᠠᠴᠠ ᠰᠡᠷᠬᠡᠶᠢᠯᠡᠬᠦ ᠬᠡᠷᠡᠭᠳᠠᠢ᠃ | | |