5 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠠᠩ ᠶᠢᠩ ᠰᠢᠨ ᠣᠷᠢᠳ ᠬᠤᠵᠢᠳ ᠬᠤᠰᠢᠭᠤ ᠭᠤᠷᠪᠠᠳᠣᠭᠠᠷ ᠬᠡᠣᠬᠡᠳ ᠤᠨ ᠴᠡᠴᠡᠷᠯᠢᠭ᠂ | ᠬᠡᠪᠢᠰ ᠤᠨ ᠦᠢᠯᠡᠳᠪᠦᠷᠢ ᠶᠢᠨ ᠬᠡᠣᠬᠡᠳ ᠤᠨ ᠴᠡᠴᠡᠷᠯᠢᠭ᠂ ᠨᠢᠭᠡᠳᠦᠬᠡᠷ ᠪᠠᠭ᠎ᠠ ᠰᠣᠷᠭᠠᠭᠤᠯᠢ᠂ ᠠᠵᠢᠯ ᠮᠡᠷᠬᠡᠵᠢᠯ ᠤᠨ | ᠳᠣᠮᠳᠠᠳᠣ ᠰᠣᠷᠭᠠᠭᠤᠯᠢ᠂ ᠨᠢᠭᠡᠳᠦᠬᠡᠷ᠂ ᠬᠤᠶᠠᠳᠣᠭᠠᠷ ᠳᠣᠮᠳᠠᠳᠣ ᠰᠣᠷᠭᠠᠭᠤᠯᠢ᠂ ᠭᠤᠷᠪᠠᠳᠣᠭᠠᠷ ᠪᠠᠭ᠎ᠠ ᠰᠣᠷᠭᠠᠭᠤᠯᠢ | ᠵᠡᠷᠭᠡ ᠰᠣᠷᠭᠠᠭᠤᠯᠢ ᠳᠤ ᠬᠦᠷᠴᠦ᠂ ᠪᠦᠬᠦ ᠬᠤᠰᠢᠭᠤᠨ ᠤ ᠠᠯᠪᠠᠨ ᠵᠢᠷᠤᠮ ᠤᠨ ᠰᠣᠷᠭᠠᠨ ᠬᠦᠮᠦᠵᠢᠯ ᠤᠨ ᠴᠢᠨᠠᠷ | ᠰᠠᠶᠢᠲᠠᠢ ᠲᠡᠩᠴᠡᠬᠦᠷᠢᠲᠦ ᠬᠦᠭᠵᠢᠯᠲᠡ᠂ ᠰᠣᠷᠬᠤ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠲᠦᠬᠡᠮᠡᠯᠵᠢᠯ | ᠵᠢᠴᠢ ᠲᠦᠬᠡᠮᠡᠯ ᠬᠠᠷᠠᠭᠠᠯᠵᠠᠯ᠂ ᠰᠣᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ | ᠵᠢᠴᠢ ᠭᠠᠯ ᠰᠡᠷᠬᠡᠶᠢᠯᠡᠯᠲᠡ᠂ ᠳᠣᠮᠳᠠ ᠳᠡᠭᠡᠳᠦ ᠰᠣᠷᠭᠠᠭᠤᠯᠢ ᠶᠢᠨ ᠰᠢᠯᠭᠠᠯᠲᠠ ᠶᠢᠨ ᠪᠡᠯᠡᠳᠬᠡᠯ ᠵᠡᠷᠭᠡ ᠪᠠᠶᠢᠳᠠᠯ ᠢ | ᠨᠠᠷᠢᠨ ᠣᠶᠢᠯᠠᠭᠠᠬᠤ ᠶᠢᠨ ᠬᠠᠮᠲᠤ ᠬᠤᠰᠢᠭᠤ ᠳᠠᠷᠤᠭ᠎ᠠ ᠶᠢᠨ ᠠᠯᠪᠠᠯᠠᠬᠤ ᠬᠤᠷᠠᠯ ᠬᠤᠷᠠᠯᠳᠣᠪᠠ᠃ | ᠶᠠᠩ ᠶᠢᠩ ᠰᠢᠨ ᠠᠴᠠ ᠪᠦᠬᠦ ᠬᠤᠰᠢᠭᠤ ᠪᠠᠷ ᠢᠶᠠᠨ ᠰᠣᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠬᠦ | ᠪᠠᠶᠢᠯᠳᠣᠬᠤ ᠪᠣᠳᠣᠯᠭ᠎ᠠ ᠶᠢᠨ ᠪᠠᠶᠢᠷᠢ ᠲᠤᠭᠲᠠᠭᠠᠯᠲᠠ ᠶᠢ ᠢᠮᠠᠭᠲᠠ ᠭᠤᠶᠢᠪᠠᠰᠢ ᠦᠬᠡᠢ ᠪᠠᠷᠢᠮᠲᠠᠯᠠᠵᠤ᠂ ᠪᠡᠯᠡ | ᠣᠷᠣᠭᠤᠯᠣᠯᠲᠠ ᠪᠠᠷ ᠦᠷ᠎ᠡ ᠪᠦᠲᠦᠮᠵᠢ ᠡᠬᠦᠳᠦᠨ᠂ ᠦᠭᠡᠷᠡᠴᠢᠯᠡᠯᠲᠡ ᠪᠠᠷ ᠶᠠᠰᠣ ᠴᠢᠨᠠᠷ ᠢ ᠳᠡᠭᠡᠭᠰᠢᠯᠡᠬᠦᠯᠵᠦ᠂ | ᠠᠷᠠᠳ ᠣᠯᠠᠨ ᠰᠡᠳᠬᠢᠯ ᠬᠠᠨᠣᠮᠵᠢᠲᠠᠢ ᠰᠣᠷᠭᠠᠨ ᠬᠦᠮᠦᠵᠢᠯ ᠢ ᠡᠷᠬᠢᠯᠡᠬᠦ ᠪᠠᠷ ᠴᠢᠷᠮᠠᠶᠢᠬᠤ ᠬᠡᠷᠡᠭᠲᠡᠢ ᠬᠡᠵᠦ ᠬᠡᠯᠡᠭᠰᠡᠨ | ᠪᠠᠶᠢᠨ᠎ᠠ᠃ | ᠶᠠᠩ ᠶᠢᠩ ᠰᠢᠨ ᠠᠴᠠ ᠬᠤᠭᠤᠴᠠᠭ᠎ᠠ ᠭᠤᠭᠴᠤᠭ᠎ᠠ ᠶᠢ ᠡᠵᠡᠮᠳᠡᠵᠦ᠂ ᠶᠠᠰᠣ ᠴᠢᠨᠠᠷ᠂ ᠠᠮᠣᠷ ᠳᠦᠪᠰᠢᠨ ᠢ | ᠪᠠᠲᠤᠯᠠᠭᠰᠠᠨ ᠰᠠᠭᠤᠷᠢᠨ ᠳᠡᠭᠡᠷ᠎ᠡ ᠰᠣᠷᠭᠠᠭᠤᠯᠢ ᠶᠢᠨ ᠲᠦᠷᠦᠯ ᠵᠦᠢᠯ ᠤᠨ ᠪᠠᠶᠢᠭᠤᠯᠤᠯᠲᠠ᠂ ᠰᠣᠷᠭᠠᠭᠤᠯᠢ ᠶᠢᠨ ᠬᠡᠷ | ᠪᠠᠷᠢᠯᠭ᠎ᠠ ᠶᠢᠨ ᠰᠡᠯᠪᠢᠯᠲᠡ ᠦᠬᠡᠷᠡᠴᠢᠯᠡᠯᠲᠡ᠂ ᠰᠠᠭᠤᠷᠢ ᠳᠦᠬᠦᠬᠡᠷᠦᠮᠵᠢ ᠶᠢᠨ ᠳᠦᠬᠦᠷᠴᠢᠯᠡᠯᠲᠡ ᠶᠢᠨ ᠠᠬᠢᠴᠠ ᠶᠢ | ᠲᠦᠷᠬᠡᠳᠬᠡᠨ᠂ ᠰᠡᠬᠦᠯ ᠬᠤᠷᠢᠶᠠᠬᠤ ᠡᠯ᠎ᠡ ᠲᠦᠷᠦᠯ ᠤᠨ ᠠᠵᠢᠯ ᠢ ᠦᠨᠳᠦᠷ ᠪᠠᠷᠢᠮᠵᠢᠶ᠎ᠠ ᠲᠠᠢ ᠴᠢᠨᠠᠷᠯᠢᠭ ᠪᠡᠶᠡᠯᠡᠬᠦᠯᠬᠦ | ᠬᠡᠷᠡᠭᠲᠡᠢ᠃ ᠣᠳᠣ ᠪᠠᠶᠢᠭ᠎ᠠ ᠪᠠᠭᠰᠢ ᠨᠠᠷ ᠤᠨ ᠣᠷᠣᠨ ᠲᠤᠭᠠᠨ ᠤ ᠬᠠᠳᠠᠭᠠᠯᠠᠭᠳᠠᠴᠠ ᠶᠢᠨ ᠬᠡᠮᠵᠢᠶ᠎ᠡ ᠶᠢ | ᠠᠮᠢᠳᠣᠯᠢᠭᠵᠢᠭᠤᠯᠵᠤ᠂ ᠨᠢᠭᠡᠳᠦᠯᠲᠡᠢ ᠲᠦᠯᠦᠪᠵᠢᠬᠦᠯᠦᠨ ᠲᠤᠬᠢᠷᠠᠭᠤᠯᠬᠤ ᠡᠷᠴᠢᠮ ᠢᠶᠠᠨ ᠴᠢᠩᠭᠠᠳᠬᠠᠨ᠂ | ᠴᠤᠭᠴᠠᠯᠠᠯᠲᠠ ᠶᠢᠨ ᠠᠵᠢᠯᠯᠠᠭᠠᠨ ᠢᠶᠠᠷ ᠲᠤᠬᠢᠶᠠᠯ ᠪᠤᠯᠭᠠᠵᠤ᠂ ᠳᠡᠭᠡᠳᠦ ᠱᠠᠲᠤ ᠲᠠᠢ ᠢᠳᠡᠪᠬᠢᠲᠡᠢ ᠪᠠᠷ ᠬᠠᠷᠢᠯᠴᠠᠨ | ᠳᠡᠮᠵᠢᠯᠭᠡ ᠣᠯᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠣᠯᠪᠠᠰᠣᠷᠠᠯ᠂ | ᠬᠠᠮᠢᠶᠠᠷᠤᠯᠲᠠ ᠶᠢᠨ ᠬᠡᠷᠡᠭᠵᠢᠬᠦᠯᠦᠯᠲᠡ ᠶᠢᠨ ᠲᠦᠰᠦᠯ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ | ᠣᠷᠮᠠᠰᠢᠭᠤᠯᠤᠯᠲᠠ ᠶᠢᠨ ᠲᠤᠭᠲᠠᠴᠠ ᠪᠠ ᠬᠢᠨᠠᠨ ᠰᠢᠯᠭᠠᠯᠲᠠ ᠦᠨᠡᠯᠡᠯᠲᠡ ᠶᠢᠨ ᠳᠦᠷᠢᠮ ᠢ ᠳᠡᠭᠦᠯᠳᠡᠷᠵᠢᠬᠦᠯᠦᠨ᠂ | ᠡᠯ᠎ᠡ ᠲᠦᠷᠦᠯ ᠤᠨ ᠣᠯᠭᠤᠮᠵᠢ ᠬᠠᠷᠠᠭᠠᠯᠵᠠᠯ ᠤᠨ ᠨᠠᠶᠢᠲᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠵᠠᠰᠠᠭ | ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠣᠷᠭᠠᠨ ᠬᠦᠮᠦᠵᠢᠯ ᠤᠨ ᠦᠬᠡᠷᠡᠴᠢᠯᠡᠯᠲᠡ | ᠬᠦᠭᠵᠢᠬᠦᠯᠦᠯᠲᠡ ᠶᠢᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠰᠠᠶᠢᠲᠤᠷ ᠰᠣᠷᠣᠯᠴᠠᠵᠤ ᠣᠶᠢᠯᠠᠭᠠᠨ᠂ | ᠦᠢᠯᠡᠴᠢᠯᠡᠬᠡᠨ ᠤ ᠪᠠᠲᠤᠯᠠᠭ᠎ᠠ ᠶᠢ ᠴᠢᠩᠭᠠᠳᠬᠠᠵᠤ᠂ ᠮᠠᠨ ᠤ ᠬᠤᠰᠢᠭᠤᠨ ᠤ ᠰᠣᠷᠭᠠᠨ ᠬᠦᠮᠦᠵᠢᠯ ᠤᠨ ᠠᠵᠢᠯ | ᠦᠢᠯᠡᠰ ᠤᠨ ᠬᠦᠭᠵᠢᠯᠲᠡ ᠶᠢᠨ ᠶᠡᠷᠦᠩᠬᠡᠢ ᠬᠢᠷᠢ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠲᠡᠢ᠃ | ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠬᠡᠶᠢᠯᠡᠨ ᠡᠵᠡᠮᠳᠡᠯ ᠪᠠ ᠳᠡᠭᠡᠳᠦ ᠰᠣᠷᠭᠠᠭᠤᠯᠢ ᠶᠢᠨ ᠰᠢᠯᠭᠠᠯᠲᠠ ᠶᠢᠨ | ᠠᠵᠢᠯ ᠢ ᠨᠢᠭᠡᠳᠦᠯᠲᠡᠢ ᠲᠦᠯᠦᠪᠵᠢᠬᠦᠯᠵᠦ ᠰᠠᠶᠢᠲᠤᠷ ᠠᠳᠬᠤᠨ᠂ ᠬᠠᠮᠤᠭ ᠤᠨ ᠦᠨᠳᠦᠷ ᠪᠠᠷᠢᠮᠵᠢᠶ᠎ᠠ᠂ ᠬᠠᠮᠤᠭ ᠤᠨ | ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠂ ᠳᠡᠭᠡᠳᠦ | ᠰᠣᠷᠭᠠᠭᠤᠯᠢ ᠶᠢᠨ ᠰᠢᠯᠭᠠᠯᠲᠠ ᠣᠷᠣᠭᠰᠢᠲᠠᠢ ᠮᠦᠷᠲᠡᠭᠡᠨ ᠠᠮᠣᠷ ᠳᠦᠪᠰᠢᠨ ᠶᠠᠪᠤᠭᠳᠠᠬᠤ ᠶᠢ ᠪᠠᠲᠤᠯᠠᠬᠤ ᠬᠡᠷᠡᠭᠲᠡᠢ | ᠬᠡᠵᠦ ᠬᠡᠯᠡᠭᠰᠡᠨ ᠪᠠᠶᠢᠨ᠎ᠠ᠃ | ᠬᠤᠰᠢᠭᠤ ᠣᠳᠣᠷᠢᠳᠣᠯᠭ᠎ᠠ ᠴᠢᠦ ᠯᠢᠨ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠰᠣᠷᠭᠠᠨ | ᠬᠦᠮᠦᠵᠢᠯ ᠪᠡᠶ᠎ᠡ ᠲᠠᠮᠢᠷ ᠤᠨ ᠳᠣᠪᠴᠢᠶ᠎ᠠ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠳ ᠵᠢᠴᠢ ᠬᠠᠮᠢᠶ᠎ᠠ ᠪᠦᠬᠦᠢ ᠰᠣᠷᠭᠠᠭᠤᠯᠢ ︵ᠴᠡᠴᠡᠷᠯᠢᠭ︶ ᠶᠢᠨ ᠵᠠᠬᠢᠷᠤᠯ ᠬᠠᠮᠲᠤ ᠪᠠᠶᠢᠴᠠᠭᠠᠨ | ᠰᠣᠳᠣᠯᠬᠤ ᠶᠢᠨ ᠬᠠᠮᠲᠤ ᠬᠤᠷᠠᠯ ᠳᠤ ᠣᠷᠣᠯᠴᠠᠪᠠ᠃ |