5 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠠᠩ ᠶᠢᠩ ᠰᠢᠨ ᠣᠷᠢᠳ ᠬᠤᠵᠢᠳ ᠱᠠᠩᠬᠠᠢ ᠶᠢᠨ ᠰᠦᠮ᠎ᠡ ᠪᠠᠯᠭᠠᠰᠣᠨ ᠤ ᠪᠣᠯᠠᠭ ᠨᠠᠶᠢᠬᠡᠮ | ᠲᠤᠭᠤᠷᠢᠭ᠂ ᠠᠯᠲᠠᠢ ᠭᠠᠴᠠᠭ᠎ᠠ᠂ ᠪᠠᠶᠢᠲᠤ ᠭᠠᠴᠠᠭ᠎ᠠ᠂ ᠬᠠᠰᠢᠶᠠᠲᠤ ᠭᠠᠴᠠᠭᠠᠨ ᠤ ᠮᠠᠯᠴᠢᠨ ᠲᠠᠷᠢᠶᠠᠴᠢᠨ ᠡᠷᠦᠬᠡ ᠳᠤ | ᠬᠦᠨᠵᠡᠭᠡᠶᠢᠷᠡᠵᠦ ᠪᠠᠶᠢᠴᠠᠭᠠᠨ ᠰᠣᠳᠣᠯᠣᠯᠲᠠ ᠬᠢᠪᠡ᠃ ᠮᠠᠯᠴᠢᠨ ᠲᠠᠷᠢᠶᠠᠴᠢᠳ ᠤᠨ ᠨᠣᠲᠤᠭ ᠪᠡᠯᠴᠢᠬᠡᠷ ᠤᠨ ᠭᠠᠩ ᠤᠨ | ᠪᠠᠶᠢᠳᠠᠯ᠂ ᠡᠪᠡᠰᠦ ᠪᠤᠷᠳᠣᠭᠠᠨ ᠤ ᠨᠦᠬᠡᠴᠡᠯᠡᠯᠲᠡ᠂ ᠮᠠᠯ ᠤᠨ ᠦᠨ᠎ᠡ ᠬᠠᠩᠰᠢ᠂ ᠲᠡᠷᠢᠵᠦ ᠲᠡᠵᠢᠬᠡᠬᠦ ᠦᠪᠡᠷ ᠤᠨ | ᠦᠷᠲᠡᠭ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠢᠯᠡᠳᠪᠦᠷᠢᠯᠡᠯ ᠠᠮᠢᠳᠣᠷᠠᠯ ᠤᠨ ᠬᠦᠴᠢᠷᠳᠡᠯ ᠠᠰᠠᠭᠤᠳᠠᠯ ᠢ | ᠠᠰᠠᠭᠤᠨ ᠯᠠᠪᠯᠠᠪᠠ᠃ | ᠶᠠᠩ ᠶᠢᠩ ᠰᠢᠨ ᠠᠴᠠ ᠦᠨᠦ ᠵᠢᠯ ᠠᠴᠠ ᠨᠠᠭᠠᠰᠢ᠂ ᠮᠠᠨ ᠤ ᠬᠤᠰᠢᠭᠤᠨ ᠤ ᠶᠡᠬᠡᠩᠬᠢ ᠬᠡᠰᠡᠭ ᠭᠠᠵᠠᠷ ᠣᠷᠣᠨ | ᠭᠠᠩ ᠬᠠᠭᠤᠷᠠᠢ ᠪᠣᠷᠣᠭᠠᠨ ᠬᠤᠷ᠎ᠠ ᠪᠠᠭ᠎ᠠ᠂ ᠣᠨᠴᠠᠭᠠᠶᠢᠯᠠᠨ ᠱᠠᠩᠬᠠᠢ ᠶᠢᠨ ᠰᠦᠮ᠎ᠡ ᠪᠠᠯᠭᠠᠰᠣᠨ ᠤ ᠭᠠᠩ ᠤᠨ | ᠪᠠᠶᠢᠳᠠᠯ ᠬᠦᠨᠳᠦ ᠨᠣᠴᠢᠲᠠᠢ ᠠᠴᠠ ᠪᠤᠯᠵᠤ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠣᠷᠠᠯ ᠳᠤ ᠨᠡᠯᠢᠶᠡᠳ | ᠶᠡᠭᠡ ᠨᠦᠯᠦᠬᠡᠯᠡᠯ ᠠᠪᠴᠢᠷᠠᠭᠰᠠᠨ ᠪᠠᠶᠢᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ᠂ ᠭᠠᠩ ᠤᠨ ᠪᠠᠶᠢᠳᠠᠯ ᠤᠨ ᠨᠦᠯᠦᠬᠡᠯᠡᠯ ᠢ ᠪᠦᠬᠦ ᠲᠠᠯᠠᠪᠠᠷ ᠵᠦᠪ ᠣᠨᠣᠪᠴᠢᠲᠠᠢ ᠨᠠᠷᠢᠯᠢᠭ | ᠡᠵᠡᠮᠰᠢᠵᠦ᠂ ᠠᠷᠭ᠎ᠠ ᠠᠪᠴᠠᠯ ᠢᠶᠠᠨ ᠨᠠᠷᠢᠯᠢᠭᠵᠢᠭᠤᠯᠤᠨ᠂ ᠭᠠᠩ ᠲᠠᠢ ᠲᠡᠮᠡᠴᠡᠬᠦ ᠪᠡᠯᠡ ᠮᠦᠩᠭᠦ᠂ ᠠᠵᠢᠯᠲᠠᠳ᠂ | ᠪᠤᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠲᠦᠰᠦᠯ ᠢᠶᠠᠨ ᠡᠷᠴᠢᠮᠲᠡᠢ ᠨᠠᠷᠢᠯᠢᠭᠵᠢᠭᠤᠯᠤᠨ᠂ ᠭᠠᠩ ᠲᠠᠢ ᠲᠡᠮᠡᠴᠡᠬᠦ | ᠨᠦᠬᠦᠪᠦᠷᠢ᠂ ᠡᠪᠡᠰᠦ ᠪᠤᠷᠳᠣᠭᠠᠨ ᠤ ᠵᠦᠬᠡᠬᠡᠪᠦᠷᠢᠯᠡᠯᠲᠡ ᠵᠡᠷᠭᠡ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠵᠤ᠂ | ᠮᠠᠯᠴᠢᠨ ᠲᠠᠷᠢᠶᠠᠴᠢᠨ ᠤ ᠲᠤᠯᠭᠠᠮ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃ | ᠪᠠᠶᠢᠴᠠᠭᠠᠨ ᠰᠣᠳᠣᠯᠣᠯᠲᠠ ᠳᠣᠮᠳᠠ᠂ ᠶᠠᠩ ᠶᠢᠩ ᠰᠢᠨ ᠱᠠᠩᠬᠠᠢ ᠶᠢᠨ ᠰᠦᠮ᠎ᠡ ᠪᠠᠯᠭᠠᠰᠣᠨ ᠤ ᠬᠡᠰᠡᠭ | ᠭᠠᠴᠠᠭᠠᠨ ᠲᠤᠰᠬᠤᠨ ᠤ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠣᠷᠠᠯ ᠤᠨ ᠴᠠᠬᠢᠯᠭᠠᠨ ᠬᠡᠷᠡᠭᠯᠡᠬᠦ ᠬᠦᠴᠢᠷ | ᠠᠰᠠᠭᠤᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠠᠯᠪᠠᠯᠠᠬᠤ ᠪᠠᠷ ᠳᠠᠮᠵᠢᠭᠤᠯᠤᠨ ᠰᠢᠢᠳᠪᠦᠷᠢᠯᠡᠬᠦ | ᠠᠷᠭ᠎ᠠ ᠶᠢ ᠰᠣᠳᠣᠯᠪᠠ᠃ ᠶᠠᠩ ᠶᠢᠩ ᠰᠢᠨ ᠠᠴᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠨᠠᠭᠠᠲᠤ ᠵᠠᠬ᠎ᠠ | ᠶᠢ ᠪᠠᠲᠤᠯᠠᠬᠤ ᠣᠬᠠᠮᠰᠠᠷ ᠢᠶᠠᠨ ᠪᠠᠲᠤ ᠱᠣᠭᠤᠵᠣ᠂ ᠲᠦᠷᠦ ᠶᠢᠨ ᠪᠤᠳᠤᠯᠭ᠎ᠠ ᠬᠠᠤᠯᠢ ᠳᠦᠷᠢᠮ ᠶᠤᠰᠤᠭᠠᠷ | ᠢᠳᠡᠪᠬᠢᠲᠡᠢ ᠰᠦᠪᠡᠭᠴᠢᠯᠡᠨ᠂ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠵᠦ᠂ ᠨᠢᠬᠡᠳᠦᠯᠲᠡᠢ ᠬᠡᠷᠡᠭᠵᠢᠬᠦᠯᠦᠨ᠂ | ᠠᠰᠠᠭᠤᠳᠠᠯ ᠪᠦᠲᠦᠮᠵᠢᠲᠡᠢ ᠰᠢᠢᠳᠪᠦᠷᠢᠯᠡᠭᠳᠡᠬᠦ ᠶᠢ ᠠᠬᠢᠭᠤᠯᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃ | ᠬᠤᠰᠢᠭᠤ ᠣᠳᠣᠷᠢᠳᠣᠯᠭ᠎ᠠ ᠴᠢᠦ ᠯᠢᠨ᠂ ᠶᠢᠦ ᠵᠢᠶᠡᠨ ᠴᠢᠩ᠂ ᠬᠤᠰᠢᠭᠤ ᠵᠠᠰᠠᠭ ᠤᠨ ᠣᠷᠳᠣᠨ ᠤ ᠠᠯᠪᠠᠨ | ᠭᠡᠷ᠂ ᠱᠠᠩᠬᠠᠢ ᠶᠢᠨ ᠰᠦᠮ᠎ᠡ ᠪᠠᠯᠭᠠᠰᠣ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠳ ᠪᠠᠶᠢᠴᠠᠭᠠᠨ ᠰᠣᠳᠣᠯᠣᠯᠲᠠ ᠳᠤ ᠣᠷᠣᠯᠴᠠᠪᠠ᠃ |