6 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠲᠠᠷᠤᠭ᠎ᠠ ᠶᠠᠩ ᠶᠢᠩ ᠰᠢᠨ ᠣᠳᠤᠭ ᠤᠨ ᠡᠮᠦᠨᠡᠳᠦ ᠬᠤᠰᠢᠭᠤᠨ ᠤ ᠣᠯᠵᠠᠴᠢ ᠪᠠᠯᠭᠠᠰᠣᠨ ᠤ ᠭᠠᠵᠠᠷ | ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ ᠣᠷᠣᠨ ︵ᠣᠰᠣᠨ ᠠᠮᠢ ᠠᠬᠤᠢ︶ ᠤ ᠶᠡᠷᠦᠩᠬᠡᠶᠢᠯᠡᠭᠰᠡᠨ ᠵᠠᠰᠠᠯᠳᠠ | ᠶᠢᠨ ᠢᠨᠵᠧᠨᠧᠷᠢᠩ ᠤᠨ ᠲᠦᠷᠦᠯ ᠵᠣᠶᠢᠯ ᠤᠨ ᠬᠠᠷᠢᠭᠤ ᠮᠡᠳᠡᠭᠦᠯᠦᠯᠳᠡ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ | ᠬᠤᠷᠠᠯ ᠠᠴᠠ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ ᠣᠷᠣᠨ ︵ᠣᠰᠣᠨ ᠠᠮᠢ ᠠᠬᠤᠢ︶ | ᠤ ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠤᠨ ᠬᠡᠷᠡᠭᠵᠢᠭᠦᠯᠦᠯᠳᠡ ᠪᠣᠯ ᠮᠠᠨ ᠤ ᠬᠤᠰᠢᠭᠤᠨ ᠤ ᠠᠮᠢ ᠠᠬᠤᠢ | ᠶᠢᠨ ᠪᠣᠯᠪᠠᠰᠣᠨ ᠤ ᠪᠠᠶᠢᠭᠤᠯᠣᠯᠳᠠ ᠶᠢ ᠴᠢᠩᠭᠠᠳᠬᠠᠨ᠂ ᠦᠷᠭᠦᠯᠵᠢᠭᠦᠶᠢᠴᠡ ᠴᠢᠨᠠᠷᠯᠢᠭ ᠬᠦᠭᠵᠢᠯᠳᠡ ᠶᠢ ᠪᠡᠶᠡᠯᠡᠭᠦᠯᠬᠦ | ᠴᠢᠬᠤᠯᠠ ᠠᠷᠭ᠎ᠠ ᠠᠪᠴᠠᠯ ᠮᠦᠷᠳᠡᠭᠡᠨ ᠨᠢᠭᠡ ᠲᠦᠷᠦᠯ ᠤᠨ ᠠᠷᠠᠳ ᠤᠨ ᠠᠮᠢᠳᠣᠷᠠᠯ ᠤᠨ ᠬᠠᠷᠠᠭᠠᠯᠵᠠᠯ ᠤᠨ | ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠣᠨᠴᠠᠭᠠᠶᠢᠯᠠᠨ ᠣᠶᠢᠷ᠎ᠠ ᠶᠢᠨ ᠬᠡᠳᠦᠨ ᠵᠢᠯ | ᠣᠳᠤᠭ ᠤᠨ ᠡᠮᠦᠨᠡᠳᠦ ᠬᠤᠰᠢᠭᠤᠨ ᠤ ᠭᠠᠨᠩ ᠤᠨ ᠪᠠᠶᠢᠳᠠᠯ ᠬᠦᠨᠳᠦ ᠬᠡᠴᠡᠭᠦᠣ ᠠᠴᠠ ᠪᠣᠯᠵᠣ᠂ ᠭᠠᠵᠠᠷ ᠲᠣᠣᠷᠠᠬᠢ | ᠣᠰᠣᠨ ᠤ ᠬᠡᠳᠦ ᠠᠰᠢᠭᠯᠠᠯᠳᠠ ᠶᠢᠨ ᠵᠠᠰᠠᠯᠳᠠ ᠶᠢᠨ ᠲᠠᠷᠣᠯᠳᠠ ᠨᠡᠮᠡᠭᠳᠡᠭᠰᠡᠨ ᠪᠣᠳᠠᠳᠦ ᠠᠬᠤᠢ ᠲᠣᠣᠷ᠎ᠠ ᠨᠡᠩ | ᠴᠢᠬᠤᠯᠠ ᠠᠴᠢ ᠬᠤᠯᠪᠣᠭᠳᠠᠯ ᠲᠠᠢ ᠪᠣᠯᠪᠠ ᠭᠡᠵᠣ ᠵᠢᠭᠠᠭᠰᠠᠨ ᠪᠠᠶᠢᠨ᠎ᠠ᠃ | ᠬᠤᠷᠠᠯ ᠠᠴᠠ ᠲᠦᠰᠦᠯ ᠢᠶᠠᠨ ᠣᠯᠠᠮ ᠨᠠᠷᠢᠯᠢᠭᠵᠢᠭᠤᠯᠣᠨ᠂ ᠬᠤᠭᠤᠴᠠᠭ᠎ᠠ ᠭᠤᠭᠴᠤᠭ᠎ᠠ᠂ ᠬᠡᠷᠡᠭᠵᠢᠭᠦᠯᠦᠯᠳᠡ | ᠶᠢᠨ ᠬᠦᠴᠢᠷᠳᠡᠯ᠂ ᠲᠦᠰᠦᠯ ᠤᠨ ᠭᠤᠣᠯᠳᠠᠯᠭ᠎ᠠ ᠶᠢ ᠲᠠᠬᠢᠨ ᠮᠠᠭᠠᠳᠯᠠᠨ᠂ ᠲᠠᠬᠢᠨ ᠡᠮᠬᠢᠯᠡᠵᠣ᠂ ᠬᠤᠰᠢᠭᠤᠨ ᠤ | ᠪᠣᠳᠠᠳᠦ ᠪᠠᠶᠢᠳᠠᠯ ᠲᠠᠢ ᠣᠶᠠᠯᠳᠣᠭᠤᠯᠣᠨ ᠰᠢᠨᠵᠢᠯᠡᠭᠦ ᠣᠬᠠᠭᠠᠨᠴᠢ ᠪᠠᠷ ᠲᠦᠯᠦᠪᠯᠡᠨ᠂ ᠨᠢᠭᠡᠳᠦᠯᠳᠡᠢ ᠬᠡᠷᠡᠭᠵᠢᠭᠦᠯᠵᠣ᠂ | ᠠᠷᠠᠳ ᠤᠨ ᠠᠮᠢᠳᠣᠷᠠᠯ ᠤᠨ ᠪᠣᠳᠠᠳᠦ ᠶᠠᠪᠣᠳᠠᠯ ᠢ ᠦᠨᠡᠨ ᠬᠦ ᠰᠠᠶᠢᠳᠦᠷ ᠬᠢᠬᠦ ᠬᠡᠷᠡᠭᠳᠡᠢ᠃ ᠲᠠᠬᠢᠨᠳᠠ ᠪᠡᠯᠡ ᠮᠦᠩᠬᠦ | ᠣᠯᠬᠤ ᠪᠠᠷ ᠴᠢᠷᠮᠠᠶᠢᠨ᠂ ᠢᠨᠵᠧᠨᠧᠷᠢᠩ ᠢ ᠠᠵᠣ ᠠᠬᠤᠶᠢᠴᠢ ᠪᠣᠳᠠᠳᠠᠢ ᠲᠦᠯᠦᠪᠯᠡᠵᠣ᠂ ᠬᠠᠮᠢᠶ᠎ᠠ ᠪᠦᠬᠦᠢ ᠪᠠᠯᠭᠠᠰᠦ | ᠪᠣᠯᠣᠨ ᠰᠠᠯᠠᠭ᠎ᠠ ᠮᠦᠴᠢᠷ ᠲᠡᠭᠡᠳᠦ ᠱᠠᠳᠣᠨ ᠤ ᠲᠦᠷᠦ ᠶᠢᠨ ᠪᠣᠳᠣᠯᠭ᠎ᠠ ᠶᠢ ᠰᠢᠰᠲ᠋ᠧᠮᠳᠠᠢ ᠡᠮᠬᠢᠯᠡᠨ ᠰᠣᠳᠣᠯᠵᠣ᠂ | ᠪᠡᠯᠡ ᠮᠦᠩᠭᠦ ᠶᠢ ᠢᠳᠡᠪᠬᠢᠳᠠᠢ ᠣᠯᠣᠨ᠂ ᠪᠡᠯᠡ ᠮᠦᠩᠭᠦᠨ ᠤ ᠪᠠᠳᠣᠯᠠᠭ᠎ᠠ ᠶᠢᠨ ᠡᠷᠴᠢᠮ ᠢ ᠲᠡᠭᠡᠭᠰᠢᠯᠡᠭᠦᠯᠬᠦ ᠬᠡᠷᠡᠭᠳᠡᠢ᠃ | ᠬᠠᠷᠢᠭᠤᠴᠠᠯᠭ᠎ᠠ ᠪᠠᠨ ᠲᠠᠬᠢᠨ ᠪᠣᠳᠠᠳᠠᠶᠢᠵᠢᠭᠤᠯᠣᠨ ᠨᠠᠶᠢᠳᠠᠪᠦᠷᠢᠵᠢᠭᠤᠯᠵᠣ᠂ ᠠᠰᠠᠭᠤᠳᠠᠯ ᠢᠯᠡᠷᠡᠭᠦᠯᠪᠡᠯ ᠴᠠᠭ ᠲᠣᠬᠠᠢ | ᠳᠤ ᠨᠢ ᠮᠡᠳᠡᠭᠦᠯᠦᠨ᠂ ᠬᠠᠷᠢᠯᠴᠠᠭ᠎ᠠ ᠪᠠᠨ ᠴᠢᠩᠭᠠᠳᠬᠠᠵᠣ᠂ ᠡᠮᠦᠨ᠎ᠡ ᠬᠤᠭᠤᠴᠠᠭᠠᠨ ᠤ ᠡᠯ᠎ᠡ ᠲᠦᠷᠦᠯ ᠤᠨ ᠭᠠᠷ | ᠭᠦᠢᠴᠡᠳᠬᠡᠯ ᠢ ᠲᠦᠷᠭᠡᠳᠬᠡᠨ᠂ ᠬᠠᠮᠳᠣᠷᠠᠯ ᠬᠦᠴᠦᠨ ᠢ ᠪᠦᠷᠢᠯᠳᠦᠭᠦᠯᠵᠣ᠂ ᠬᠦᠴᠣᠨ ᠢᠶᠠᠨ ᠲᠦᠪᠯᠡᠷᠡᠭᠦᠯᠦᠨ᠂ | ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠢ ᠲᠡᠣᠬᠡ ᠪᠣᠯᠣᠨ ᠣᠶᠢᠯᠡᠳᠦᠯᠭᠡ ᠶᠢᠨ ᠰᠢᠯᠭᠠᠯᠳᠠ ᠶᠢ ᠲᠣᠭᠤᠯᠵᠣ | ᠴᠢᠳᠠᠬᠤ ᠠᠷᠠᠳ ᠤᠨ ᠠᠮᠢᠳᠣᠷᠠᠯ ᠤᠨ ᠢᠨᠵᠧᠨᠧᠷᠢᠩ ᠪᠣᠯᠭᠠᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃ | ᠬᠤᠰᠢᠭᠤ ᠣᠳᠣᠷᠢᠳᠣᠯᠭ᠎ᠠ ᠬᠤᠪᠢᠰᠬᠠᠯᠳᠦ᠂ ᠶᠢᠣ ᠵᠢᠶᠠᠨ ᠴᠢᠩ᠂ ᠴᠢ ᠵᠢᠶᠦ᠋ᠨ᠂ ᠾᠧ ᠵᠢᠶᠦ᠋ᠨ ᠶᠧ᠂ | ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠱᠧᠩ ᠽᠢ ᠷᠥᠩ ᠵᠢᠴᠢ ᠬᠤᠰᠢᠭᠤ ᠵᠠᠰᠠᠭ ᠤᠨ ᠣᠷᠳᠣᠨ ᠤ | ᠠᠯᠪᠠᠨ ᠭᠡᠷ᠂ ᠣᠯᠵᠠᠴᠢ ᠪᠠᠯᠭᠠᠰᠦ᠂ ᠪᠣᠷᠣᠪᠠᠯᠭᠠᠰᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠤᠨ ᠬᠠᠷᠢᠭᠤᠴᠠᠯᠭᠠᠳᠠᠳ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ | ᠠᠰᠢᠭᠯᠠᠯᠳᠠ ᠣᠰᠣᠨ ᠴᠠᠬᠢᠯᠭᠠᠨ ᠤ ᠲᠦᠯᠦᠪᠯᠡᠯᠭᠡ ᠶᠢᠨ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠳᠠᠳ | ᠬᠤᠷᠠᠯ ᠳᠤ ᠣᠷᠣᠯᠴᠠᠪᠠ᠃ |