5 ᠰᠠᠷ᠎ᠠ ᠶᠢᠨ 31 ᠤ ᠡᠳᠦᠷ᠂ ᠬᠤᠲᠠ ᠶᠢᠨ ᠳᠣᠮᠳᠠᠳᠣ ᠵᠡᠷᠭᠡ ᠶᠢᠨ ᠰᠢᠬᠦᠬᠦ ᠬᠤᠷᠢᠶᠠᠨ ᠤ ᠨᠠᠮ ᠤᠨ | ᠣᠳᠣᠷᠢᠳᠬᠤ ᠳᠣᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠰᠣ᠋ ᠯᠢ ᠵᠢᠶᠦ᠋ᠨ ᠨᠠᠷ ᠣᠲᠤᠭ ᠤᠨ ᠡᠮᠦᠨᠡᠲᠦ | ᠬᠤᠰᠢᠭᠤᠨ ᠳᠤ ᠵᠠᠷᠭᠤ ᠶᠢᠨ ᠡᠬᠢ ᠡᠬᠦᠰᠦᠯ ᠤᠨ ᠠᠵᠢᠯ ᠢ ᠪᠠᠶᠢᠴᠠᠭᠠᠨ ᠰᠣᠳᠣᠯᠵᠣ ᠵᠢᠭᠠᠨ ᠵᠢᠯᠤᠭᠤᠳᠪᠠ᠃ | ᠰᠣ᠋ ᠯᠢ ᠵᠢᠶᠦ᠋ᠨ ᠠᠴᠠ ᠣᠯᠣᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠵᠢᠯ ᠤᠨ | ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠵᠠᠷᠭᠤ ᠶᠢᠨ ᠡᠬᠢ ᠡᠬᠦᠰᠦᠯ ᠤᠨ ᠵᠠᠰᠠᠯᠲᠠ ᠶᠢᠨ ᠰᠢᠨ᠎ᠡ | ᠵᠠᠭᠪᠤᠷ ᠢ ᠲᠠᠰᠣᠷᠠᠯᠲᠠ ᠦᠬᠡᠢ ᠰᠦᠪᠡᠭᠴᠢᠯᠡᠵᠦ᠂ ᠦᠨᠳᠦᠰᠦᠨ ᠱᠠᠲᠤᠨ ᠤ ᠠᠷᠠᠳ ᠤᠨ ᠬᠤᠭᠤᠷᠤᠨᠲᠤᠬᠢ | ᠵᠢᠭᠤᠷᠠᠭᠠᠨ ᠢ ᠰᠢᠢᠳᠪᠦᠷᠢᠯᠡᠬᠦ ᠬᠦᠴᠦᠨ ᠢ ᠢᠳᠡᠪᠬᠢᠲᠡᠢ ᠪᠠᠷ ᠪᠤᠶᠢᠵᠢᠭᠤᠯᠤᠨ᠂ ᠵᠦᠷᠢᠴᠡᠯ ᠵᠢᠭᠤᠷᠠᠭᠠᠨ ᠢ ᠡᠶᠡᠳᠡᠬᠦᠯᠬᠦ | ᠵᠠᠮ ᠢᠶᠠᠨ ᠲᠠᠰᠣᠷᠠᠯᠲᠠ ᠦᠬᠡᠢ ᠦᠷᠬᠡᠳᠬᠡᠵᠦ᠂ ᠨᠡᠶᠢᠬᠡᠮ ᠤᠨ ᠡᠯ᠎ᠡ ᠡᠲᠡᠭᠡᠳ ᠤᠨ ᠬᠦᠴᠦᠨ ᠲᠠᠢ ᠰᠠᠨᠠᠭᠠᠴᠢᠯᠠᠭ᠎ᠠ | ᠠᠴᠠ ᠪᠠᠨ ᠬᠠᠷᠢᠯᠴᠠᠨ᠂ ᠣᠯᠠᠨ ᠡᠰᠢᠲᠦ ᠬᠠᠮᠲᠤᠪᠡᠷ ᠵᠠᠰᠠᠬᠤ ᠪᠠᠶᠢᠳᠠᠯ ᠢ ᠴᠢᠷᠮᠠᠶᠢᠨ ᠪᠦᠷᠢᠯᠳᠦᠬᠦᠯᠵᠦ᠂ ᠵᠦᠷᠢᠴᠡᠯ | ᠵᠢᠭᠤᠷᠠᠭᠠᠨ ᠱᠠᠲᠤ ᠳᠠᠷᠠᠭᠠᠯᠠᠨ ᠰᠢᠢᠳᠪᠦᠷᠢᠯᠡᠭᠳᠡᠬᠦ ᠶᠢ ᠠᠬᠢᠭᠤᠯᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃ | ᠪᠠᠶᠢᠴᠠᠭᠠᠨ ᠰᠣᠳᠣᠯᠬᠤ ᠳᠣᠭᠤᠶᠢᠯᠠᠩ ᠠᠴᠠ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠰᠢᠬᠦᠬᠦ | ᠬᠤᠷᠢᠶᠠᠨ ᠤ ᠵᠠᠷᠭᠤ ᠶᠢᠨ ᠡᠬᠢ ᠡᠬᠦᠰᠦᠯ ᠤᠨ ᠵᠠᠰᠠᠯᠲᠠ ᠶᠢᠨ ᠠᠵᠢᠯ ᠤᠨ ᠲᠤᠰᠬᠠᠢ ᠰᠡᠳᠦᠪᠲᠤ ᠣᠬᠠᠭᠤᠯᠭ᠎ᠠ ᠶᠢᠨ | ᠹᠢᠯᠢᠮ ᠢ ᠦᠵᠡᠵᠦ᠂ ᠵᠠᠷᠭᠤ ᠶᠢᠨ ᠡᠬᠢ ᠡᠬᠦᠰᠦᠯ ᠤᠨ ᠵᠠᠰᠠᠯᠲᠠ ᠶᠢᠨ ᠠᠵᠢᠯ ᠤᠨ ᠦᠷᠨᠢᠬᠦᠯᠦᠯᠲᠡ ᠶᠢᠨ ᠪᠦᠲᠦᠮᠵᠢ | ᠶᠢ ᠰᠣᠨᠣᠰᠣᠨ᠂ ᠬᠠᠮᠢᠶ᠎ᠠ ᠪᠦᠬᠦᠢ ᠬᠡᠷᠡᠴᠢᠯᠡᠯᠲᠡ ᠶᠢᠨ ᠪᠢᠴᠢᠭ ᠮᠡᠲ᠋ᠧᠷᠢᠶᠡᠯ ᠢ ᠦᠵᠡᠪᠡ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ | ᠰᠢᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠣᠯᠢ ᠴᠠᠭᠠᠵᠠ ᠶᠢᠨ ᠵᠦᠪᠯᠡᠯ ᠤᠨ | ᠱᠦᠵᠢ ᠵᠣᠣ ᠱᠣᠸᠡᠨ᠂ ᠬᠤᠰᠢᠭᠤ ᠰᠢᠬᠦᠬᠦ ᠬᠤᠷᠢᠶᠠᠨ ᠤ ᠳᠠᠷᠤᠭ᠎ᠠ ᠭᠤᠣ ᠹᠧᠩ ᠬᠠᠮᠲᠤ ᠪᠠᠶᠢᠴᠠᠭᠠᠨ ᠰᠣᠳᠣᠯᠵᠣ᠂ | ᠡᠯ᠎ᠡ ᠬᠤᠰᠢᠭᠤ ᠲᠤᠭᠤᠷᠢᠭ ᠤᠨ ᠰᠢᠬᠦᠬᠦ ᠬᠤᠷᠢᠶᠠᠨ ᠤ ᠳᠠᠷᠤᠭ᠎ᠠ ᠵᠢᠴᠢ ᠬᠠᠮᠢᠶ᠎ᠠ ᠪᠦᠬᠦᠢ ᠠᠵᠢᠯᠲᠠᠳ ᠪᠠᠶᠢᠴᠠᠭᠠᠨ | ᠰᠣᠳᠣᠯᠣᠯᠲᠠ ᠳᠤ ᠣᠷᠣᠯᠴᠠᠪᠠ᠃ |