6 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠠᠩ ᠶᠢᠩ ᠰᠢᠨ ᠪᠦᠬᠦ ᠬᠤᠰᠢᠭᠤᠨ ᠤ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠢ ᠪᠠᠶᠢᠴᠠᠭᠠᠨ | ᠰᠣᠳᠣᠯᠬᠤ ᠶᠢᠨ ᠬᠠᠮᠲᠤ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠤᠪᠠ᠃ | ᠶᠠᠩ ᠶᠢᠩ ᠰᠢᠨ ᠬᠤᠰᠢᠭᠤ ᠶᠡᠷᠦᠩᠬᠡᠶᠢᠯᠡᠭᠰᠡᠨ ᠵᠠᠰᠠᠯᠲᠠ ᠶᠢᠨ ᠲᠦᠪ᠂ ᠵᠠᠬᠢᠳᠠᠯ ᠰᠣᠷᠪᠣᠯᠵᠢᠯᠠᠭ᠎ᠠ ᠶᠢ | ᠬᠠᠮᠲᠤᠷᠠᠨ ᠬᠦᠯᠢᠶᠡᠨ ᠠᠪᠬᠤ ᠲᠢᠩᠬᠢᠮ᠂ ᠴᠠᠭᠳᠠᠭ᠎ᠠ ᠬᠠᠤᠯᠢ ᠴᠠᠭᠠᠵᠠ ᠶᠢᠨ ᠠᠵᠢᠯᠲᠠᠨ ᠤ ᠬᠠᠮᠲᠤᠷᠠᠨ ᠡᠶᠡᠳᠡᠬᠦᠯᠬᠦ | ᠲᠠᠰᠤᠭ᠂ ᠪᠠᠶᠢᠴᠠᠭᠠᠬᠤ ᠬᠤᠷᠢᠶᠠᠨ ᠤ ᠦᠢᠯᠡᠴᠢᠯᠡᠬᠡᠨ ᠤ ᠦᠷᠲᠡᠭᠡ᠂ ᠬᠠᠣᠯᠢ ᠶᠢᠨ ᠶᠠᠪᠤᠳᠠᠯ ᠤᠨ ᠲᠦᠪ᠂ ᠬᠠᠣᠯᠢ | ᠴᠠᠭᠠᠵᠠ ᠶᠢᠨ ᠲᠤᠪᠴᠢᠶ᠎ᠠ᠂ ᠵᠠᠬᠢᠳᠠᠯ ᠰᠣᠷᠪᠣᠯᠵᠢᠯᠠᠭ᠎ᠠ ᠶᠢᠨ ᠲᠤᠪᠴᠢᠶ᠎ᠠ ᠵᠡᠷᠭᠡ ᠪᠠᠶᠢᠭᠤᠯᠭ᠎ᠠ ᠶᠢᠨ ᠠᠯᠪᠠᠯᠠᠬᠤ | ᠣᠷᠴᠢᠨ ᠲᠤᠭᠤᠷᠢᠨ ᠢ ᠪᠠᠶᠢᠴᠠᠭᠠᠨ ᠦᠵᠡᠪᠡ᠃ ᠶᠠᠩ ᠶᠢᠩ ᠰᠢᠨ ᠠᠴᠠ ︽ᠵᠠᠬᠢᠳᠠᠯ ᠰᠣᠷᠪᠣᠯᠵᠢᠯᠠᠭ᠎ᠠ ᠶᠢᠨ ᠠᠵᠢᠯ | ᠤᠨ ᠳᠦᠷᠢᠮ︾ ᠢ ᠬᠡᠷᠡᠭᠵᠢᠬᠦᠯᠬᠦ ᠲᠠᠢ ᠣᠶᠠᠯᠳᠣᠭᠤᠯᠵᠣ᠂ ᠡᠬᠢ ᠰᠣᠷᠪᠣᠯᠵᠢ ᠪᠠᠨ ᠬᠦᠢᠴᠡᠳ ᠨᠢᠭᠡᠳᠬᠡᠨ᠂ ᠠᠵᠢᠯ | ᠤᠨ ᠪᠦᠲᠦᠮᠵᠢ ᠪᠠᠨ ᠳᠡᠭᠡᠭᠰᠢᠯᠡᠬᠦᠯᠵᠦ᠂ ᠠᠵᠢᠯ ᠤᠨ ᠲᠤᠭᠲᠠᠴᠠ ᠪᠠᠨ ᠪᠣᠯᠪᠠᠰᠣᠷᠠᠭᠤᠯᠤᠨ᠂ ᠠᠵᠢᠯ ᠤᠨ ᠠᠷᠭ᠎ᠠ | ᠪᠠᠷᠢᠯ ᠢᠶᠠᠨ ᠰᠢᠨᠡᠴᠢᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠣᠳᠣᠷᠢᠳᠣᠮᠵᠢ ᠪᠣᠯᠭᠠᠨ᠂ ᠠᠷᠠᠳ ᠤᠨ | ᠠᠮᠢᠳᠣᠷᠠᠯ ᠤᠨ ᠦᠢᠯᠡᠴᠢᠯᠡᠭᠡ ᠪᠠᠷ ᠭᠤᠤᠯᠳᠠᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠶᠡᠷᠦᠩᠬᠡᠶᠢᠯᠡᠭᠰᠡᠨ ᠵᠠᠰᠠᠯᠲᠠ | ᠶᠢᠨ ᠠᠵᠢᠯ ᠤᠨ ᠰᠢᠨ᠎ᠡ ᠳᠦᠷᠢ ᠳᠦᠷᠬᠦ᠂ ᠰᠢᠨ᠎ᠡ ᠪᠠᠶᠢᠳᠠᠯ ᠢ ᠢᠯᠡᠷᠡᠬᠦᠯᠬᠦ ᠬᠡᠷᠡᠭᠲᠡᠢ᠃ ᠣᠳᠣ ᠪᠠᠶᠢᠭ᠎ᠠ ᠵᠠᠬᠢᠳᠠᠯ | ᠰᠣᠷᠪᠣᠯᠵᠢᠯᠠᠭ᠎ᠠ ᠶᠢᠨ ᠬᠡᠷᠡᠭ ᠢ ᠴᠢᠩᠭ᠎ᠠ ᠠᠳᠬᠤᠨ᠂ ᠣᠯᠠᠨ ᠠᠷᠭ᠎ᠠ ᠠᠪᠴᠠᠯ ᠢᠶᠠᠷ ᠠᠷᠭ᠎ᠠ ᠪᠤᠳᠤᠯᠭ᠎ᠠ ᠶᠢ | ᠶᠡᠷᠦᠩᠬᠡᠶᠢᠯᠡᠨ ᠬᠡᠷᠡᠭᠵᠢᠬᠦᠯᠵᠦ᠂ ᠳᠣᠪᠣᠶᠢᠮ᠎ᠠ ᠠᠰᠠᠭᠤᠳᠠᠯ ᠢ ᠡᠷᠴᠢᠮᠲᠠᠢ ᠰᠢᠢᠳᠪᠦᠷᠢᠯᠡᠬᠦ ᠬᠡᠷᠡᠭᠲᠡᠢ᠃ ᠵᠠᠬᠢᠳᠠᠯ | ᠰᠣᠷᠪᠣᠯᠵᠢᠯᠠᠭ᠎ᠠ ᠬᠦᠯᠢᠶᠡᠨ ᠠᠪᠬᠤ ᠺᠠᠳ᠋ᠷᠴᠣᠳ ᠢ ᠬᠠᠯᠠᠮᠵᠢᠯᠠᠨ᠂ ᠲᠡᠳᠡᠨ ᠤ ᠡᠯ᠎ᠡ ᠲᠦᠷᠦᠯ ᠤᠨ ᠠᠵᠢᠯ ᠤᠨ | ᠬᠦᠭᠵᠢᠯᠲᠡ ᠲᠤᠭᠲᠠᠭᠤᠨ ᠤ ᠳᠣᠮᠳᠠᠬᠢ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠶᠢ ᠣᠷᠮᠠᠰᠢᠭᠤᠯᠬᠤ ᠬᠡᠷᠡᠭᠲᠡᠢ | ᠬᠡᠵᠦ ᠬᠡᠯᠡᠭᠰᠡᠨ ᠪᠠᠶᠢᠨ᠎ᠠ᠃ | ᠪᠠᠶᠢᠴᠠᠭᠠᠨ ᠰᠣᠳᠣᠯᠣᠯᠲᠠ ᠳᠣᠮᠳᠠ᠂ ᠶᠠᠩ ᠶᠢᠩ ᠰᠢᠨ ᠲᠤᠬᠠᠢ ᠶᠢᠨ ᠲᠠᠯᠠᠪᠠᠢ ᠳᠤ ᠣᠯᠠᠨ ᠲᠦᠮᠡᠨ ᠤ | ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠢᠨᠠᠮᠠᠭᠠᠢ | ᠰᠣᠨᠣᠰᠣᠨ᠂ ᠡᠯ᠎ᠡ ᠪᠠᠯᠭᠠᠰᠣ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠠᠢ ᠬᠠᠮᠲᠤᠪᠡᠷ | ᠠᠰᠠᠭᠤᠳᠠᠯ ᠤᠨ ᠵᠠᠩᠭᠢᠯᠠᠭ᠎ᠠ ᠶᠢ ᠡᠮᠬᠢᠯᠡᠬᠦ ᠶᠢᠨ ᠬᠠᠮᠲᠤ ᠪᠦᠬᠦ ᠬᠤᠰᠢᠭᠤᠨ ᠤ ᠭᠠᠴᠠᠭ᠎ᠠ ᠲᠤᠰᠬᠤᠨ ᠤ ᠵᠠᠭᠠᠭ ᠰᠠᠪᠠ | ᠶᠢᠨ ᠠᠰᠠᠭᠤᠳᠠᠯ ᠤᠨ ᠵᠠᠳᠠᠯᠣᠯᠲᠠ ᠮᠠᠭᠠᠳᠯᠠᠯᠲᠠ ᠶᠢᠨ ᠬᠤᠷᠠᠯ ᠢ ᠬᠤᠷᠠᠯᠳᠣᠭᠤᠯᠵᠣ᠂ ᠲᠤᠬᠠᠢ ᠶᠢᠨ ᠲᠠᠯᠠᠪᠠᠢ ᠳᠤ | ᠠᠰᠠᠭᠤᠳᠠᠯ ᠢ ᠵᠠᠳᠠᠯᠤᠨ᠂ ᠰᠢᠢᠳᠪᠦᠷᠢᠯᠡᠬᠦ ᠠᠷᠭ᠎ᠠ ᠶᠢ ᠰᠣᠳᠣᠯᠪᠠ᠃ | ᠬᠤᠰᠢᠭᠤ ᠣᠳᠣᠷᠢᠳᠣᠯᠭ᠎ᠠ ᠵᠤᠤ ᠱᠣᠸᠡᠨ᠂ ᠸᠧᠢ ᠵᠧᠨ ᠰᠢᠤᠸᠡᠨ᠂ ᠬᠤᠰᠢᠭᠤ ᠵᠠᠰᠠᠭ ᠤᠨ ᠣᠷᠳᠣᠨ ᠤ | ᠠᠯᠪᠠᠨ ᠭᠡᠷ᠂ ᠡᠯ᠎ᠡ ᠪᠠᠯᠭᠠᠰᠣ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ | ᠰᠣᠳᠣᠯᠵᠣ ᠬᠤᠷᠠᠯ ᠳᠤ ᠣᠷᠣᠯᠴᠠᠪᠠ᠃ |