ᠸᠠᠩ ᠢᠦᠢ ᠴᠢᠶᠠᠩ ᠣᠯᠵᠠᠴᠢ ᠪᠠᠯᠭᠠᠰᠣᠨ ᠳᠤ ᠭᠠᠩ ᠲᠠᠢ ᠲᠡᠮᠡᠴᠡᠨ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/6/23
    6 ᠰᠠᠷ᠎ᠠ ᠶᠢᠨ 20 ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠣᠯᠵᠠᠴᠢ ᠪᠠᠯᠭᠠᠰᠣᠨ ᠤ ᠶᠡᠬᠡᠨ᠋ᠣᠰᠣ ᠭᠠᠴᠠᠭᠠᠨ ᠳᠤ ᠭᠠᠩ ᠲᠠᠢ ᠲᠡᠮᠡᠴᠡᠨ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠣᠳᠣᠯᠪᠠ᠃     ᠸᠠᠩ ᠢᠦᠢ ᠴᠢᠶᠠᠩ᠂ ᠦᠪᠡᠷ ᠤᠨ ᠲᠠᠭᠠᠭᠠᠴᠢᠯᠠᠵᠣ ᠪᠠᠶᠢᠭ᠎ᠠ ᠣᠯᠵᠠᠴᠢ ᠪᠠᠯᠭᠠᠰᠣᠨ ᠤ ᠶᠡᠬᠡᠨ᠋ᠣᠰᠦ ᠭᠠᠴᠠᠭᠠᠨ  ᠤ ᠮᠠᠯᠴᠢᠨ ᠲᠠᠷᠢᠶᠠᠴᠢᠨ ᠡᠷᠦᠭᠡ ᠪᠠᠷ ᠭᠦᠨᠵᠡᠭᠡᠶᠢᠷᠡᠨ᠂ ᠲᠡᠵᠢᠭᠡᠯ ᠪᠣᠷᠳᠣᠭᠠᠨ ᠤ ᠨᠦᠭᠡᠴᠡ ᠵᠦᠭᠡᠭᠡᠪᠦᠷᠢᠯᠡᠯᠳᠡ ᠪᠣᠯᠣᠨ ᠪᠣᠳᠠᠳᠦ ᠬᠦᠴᠢᠷᠳᠡᠯ ᠤᠨ ᠲᠣᠬᠠᠢ ᠠᠰᠠᠭᠤᠨ ᠶᠠᠷᠢᠯᠴᠠᠵᠣ᠂ ᠣᠯᠵᠠᠴᠢ ᠪᠠᠯᠭᠠᠰᠣ᠂ ᠶᠡᠬᠡᠨ᠋ᠣᠰᠦ ᠭᠠᠴᠠᠭᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠳ ᠲᠠᠢ ᠰᠠᠭᠤᠳᠠᠯ ᠤᠨ ᠬᠤᠷᠠᠯ ᠬᠤᠷᠠᠯᠳᠣᠨ᠂ ᠭᠠᠩ ᠤᠨ ᠪᠠᠶᠢᠳᠠᠯ᠂ ᠭᠠᠩ ᠲᠠᠢ ᠲᠡᠮᠡᠴᠡᠭᠦ ᠡᠳ᠋ ᠪᠣᠳᠠᠰ ᠤᠨ ᠨᠦᠭᠡᠴᠡ ᠵᠦᠭᠡᠭᠡᠪᠦᠷᠢᠯᠡᠯᠳᠡ ᠣᠯᠭᠤᠯᠳᠠ᠂ ᠡᠪᠡᠳᠴᠢᠨ ᠬᠢᠵᠢᠭ ᠤᠨ ᠰᠡᠷᠭᠡᠶᠢᠯᠡᠯᠳᠡ᠂ ᠮᠠᠯᠴᠢᠨ ᠲᠠᠷᠢᠶᠠᠴᠢᠳ ᠤᠨ ᠣᠶᠢᠯᠠᠳᠪᠦᠷᠢᠯᠠᠯ ᠠᠮᠢᠳᠣᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠲᠦᠷᠭᠡᠨ ᠬᠦᠳᠡᠯᠦᠯᠴᠡᠵᠣ᠂ ᠨᠠᠷᠢᠯᠢᠭ ᠣᠨᠣᠪᠴᠢᠳᠠᠢ ᠲᠦᠷᠦ ᠶᠢᠨ ᠪᠣᠳᠣᠯᠭ᠎ᠠ ᠬᠡᠷᠡᠭᠵᠢᠭᠦᠯᠵᠣ᠂ ᠭᠠᠴᠠᠭ᠎ᠠ ᠲᠣᠰᠬᠤᠨ ᠳᠤ ᠭᠠᠩ ᠲᠠᠢ ᠲᠡᠮᠡᠴᠡᠨ ᠭᠠᠮᠰᠢᠭ ᠢ ᠪᠠᠭᠠᠰᠬᠠᠬᠤ ᠠᠵᠢᠯ ᠦᠷᠨᠢᠭᠦᠯᠦᠨ᠂ ᠭᠠᠩ ᠤᠨ ᠪᠠᠶᠢᠳᠠᠯ ᠢ ᠪᠦᠬᠦ ᠲᠠᠯ᠎ᠠ ᠪᠠᠷ ᠲᠣᠶᠢᠯᠪᠦᠷᠢᠳᠠᠢ ᠪᠠᠶᠢᠴᠠᠭᠠᠵᠣ᠂ ᠣᠯᠠᠨ ᠬᠡᠯᠪᠡᠷᠢ᠂ ᠠᠷᠭ᠎ᠠ ᠠᠪᠴᠠᠯ ᠢᠶᠠᠷ ᠮᠠᠯᠴᠢᠨ ᠲᠠᠷᠢᠶᠠᠴᠢᠳ ᠢ ᠬᠠᠪᠰᠣᠷᠣᠨ ᠬᠦᠴᠢᠷ ᠢ ᠢᠯᠡᠨ ᠲᠠᠪᠠᠭ᠋ᠣ ᠬᠡᠷᠡᠭᠳᠡᠢ᠃ ᠲᠡᠵᠢᠭᠡᠯ ᠪᠣᠷᠳᠣᠭᠠᠨ ᠤ ᠨᠦᠭᠡᠴᠡ ᠵᠦᠭᠡᠭᠡᠪᠦᠷᠢᠯᠡᠯᠳᠡ ᠶᠢ ᠴᠢᠩᠭᠠᠳᠬᠠᠨ᠂ ᠲᠡᠵᠢᠭᠡᠯ ᠪᠣᠷᠳᠣᠭᠠᠨ ᠤ ᠴᠢᠨᠠᠷ ᠢ ᠪᠠᠳᠣᠯᠠᠵᠣ᠂ ᠪᠠᠯᠭᠠᠰᠣ ᠪᠣᠯᠣᠨ ᠪᠠᠯᠭᠠᠰᠦ᠂ ᠲᠠᠷᠢᠶᠠᠯᠠᠬᠤ ᠣᠷᠣᠨ ᠪᠣᠯᠣᠨ ᠮᠠᠯᠵᠢᠬᠤ ᠣᠷᠣᠨ᠂ ᠲᠠᠷᠢᠶᠠᠴᠢᠨ ᠡᠷᠦᠭᠡ ᠪᠣᠯᠣᠨ ᠮᠠᠯᠴᠢᠨ ᠡᠷᠦᠭᠡ ᠤᠨ ᠬᠤᠭᠤᠷᠣᠨᠳᠦ ᠬᠠᠪᠰᠣᠷᠣᠨ ᠲᠡᠮᠵᠢᠬᠦ ᠠᠵᠢᠯᠯᠠᠭᠠᠨ ᠦᠷᠨᠢᠭᠦᠯᠦᠨ᠂ ᠰᠢᠨᠵᠢᠯᠡᠭᠦ ᠣᠬᠠᠭᠠᠨᠴᠢ ᠪᠠᠷ ᠵᠣᠬᠢᠰᠳᠠᠢ ᠲᠣᠬᠢᠷᠠᠭᠤᠯᠣᠨ᠂ ᠪᠦᠬᠦ ᠬᠤᠰᠢᠭᠤᠨ ᠤ ᠲᠡᠵᠢᠭᠡᠯ ᠪᠣᠷᠳᠣᠭᠠᠨ ᠤ ᠬᠡᠷᠡᠭᠴᠡᠭᠡ ᠶᠢ ᠪᠦᠬᠦ ᠲᠠᠯ᠎ᠠ ᠪᠠᠷ ᠭᠦᠢᠴᠡᠳ ᠨᠦᠬᠦᠪᠦᠷᠢᠯᠡᠭᠦ ᠬᠡᠷᠡᠭᠳᠡᠢ᠃ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠭᠦ ᠲᠣᠰᠬᠠᠢ ᠡᠩᠨᠡᠭᠡ ᠪᠠᠶᠢᠭᠤᠯᠣᠨ᠂ ᠠᠮᠢᠳᠠᠨ  ᠤ ᠡᠪᠡᠳᠴᠢᠨ ᠬᠢᠵᠢᠭ ᠤ ᠰᠡᠷᠭᠡᠶᠢᠯᠡᠯᠳᠡ ᠪᠣᠯᠣᠨ ᠣᠬᠠᠭᠤᠯᠭ᠎ᠠ᠂ ᠵᠢᠯᠣᠭᠤᠳᠣᠯᠭ᠎ᠠ᠂ ᠬᠢᠨᠠᠯᠳᠠ ᠶᠢᠨ ᠠᠵᠢᠯ ᠢᠶᠠᠨ ᠴᠢᠩᠭᠠᠳᠬᠠᠵᠣ᠂ ᠣᠷᠣᠨ ᠬᠡᠪᠴᠢᠶᠡᠨ ᠤ ᠴᠢᠨᠠᠷᠳᠡᠢ ᠬᠦᠨᠳᠦ ᠶᠡᠭᠡ ᠬᠢᠵᠢᠭ ᠡᠪᠡᠳᠴᠢᠨ ᠡᠭᠦᠰᠬᠦ ᠦᠭᠡᠢ ᠶᠢ ᠪᠠᠳᠣᠯᠠᠬᠤ ᠬᠡᠷᠡᠭᠳᠡᠢ᠃ ᠭᠠᠩ ᠲᠠᠢ ᠲᠡᠮᠡᠴᠡᠨ ᠭᠠᠮᠰᠢᠭ ᠢ ᠪᠠᠭᠠᠰᠬᠠᠬᠤ ᠡᠯ᠎ᠡ ᠪᠣᠳᠣᠯᠭ᠎ᠠ ᠪᠣᠯᠣᠨ ᠠᠷᠭ᠎ᠠ ᠠᠪᠴᠠᠯ ᠢ ᠵᠦᠪ ᠢᠶᠠᠷ ᠬᠡᠷᠡᠭᠵᠢᠭᠦᠯᠦᠨ᠂ ᠪᠣᠳᠠᠳᠠᠢ ᠠᠰᠠᠭᠤᠳᠠᠯ ᠢ ᠰᠢᠢᠳᠪᠦᠷᠢᠯᠡᠭᠦ ᠪᠠᠷ ᠣᠳᠣᠷᠢᠳᠣᠮᠵᠢ ᠪᠣᠯᠭᠠᠵᠣ᠂ ᠠᠮᠢᠳᠣᠯᠢᠭ  ᠢᠶᠠᠷ ᠰᠢᠢᠳᠪᠦᠷᠢᠯᠡᠨ᠂ ᠢᠯᠡ ᠲᠣᠳᠦ᠂ ᠡᠷᠭᠡ ᠲᠡᠭᠰᠢ ᠶᠢ ᠪᠠᠷᠢᠮᠳᠠᠯᠠᠵᠣ᠂ ᠮᠠᠯᠴᠢᠨ ᠲᠠᠷᠢᠶᠠᠴᠢᠨ ᠡᠷᠦᠭᠡ ᠶᠢᠨ ᠪᠣᠳᠠᠳᠦ ᠬᠦᠴᠢᠷᠳᠡᠯ ᠢ ᠦᠨᠡᠨ ᠬᠦ ᠰᠢᠢᠳᠪᠦᠷᠢᠯᠡᠭᠦ ᠶᠢ ᠪᠠᠳᠣᠯᠠᠬᠤ ᠬᠡᠷᠡᠭᠳᠡᠢ ᠭᠡᠵᠣ ᠬᠡᠯᠡᠭᠰᠡᠨ ᠪᠠᠶᠢᠨ᠎ᠠ᠃     ᠸᠠᠩ ᠢᠦᠢ ᠴᠢᠶᠠᠩ᠂ ᠦᠷᠭᠦᠯᠵᠢᠬᠦᠶᠢᠴᠡ ᠬᠦᠭᠵᠢᠯᠳᠡ ᠶᠢᠨ ᠲᠠᠯ᠎ᠠ ᠠᠴᠠ ᠦᠵᠡᠪᠡᠯ᠂ ᠡᠯ᠎ᠡ ᠪᠠᠯᠭᠠᠰᠦ᠂ ᠡᠯ᠎ᠡ ᠰᠠᠯᠠᠭ᠎ᠠ ᠮᠦᠴᠢᠷ ᠲᠦᠷᠦᠯ ᠵᠣᠶᠢᠯ ᠤᠨ ᠲᠣᠬᠢᠷᠠᠭᠤᠯᠣᠯᠳᠠ᠂ ᠠᠵᠣ ᠣᠶᠢᠯᠠᠰ ᠤᠨ ᠪᠠᠶᠢᠷᠢᠯᠠᠭᠤᠯᠣᠯᠳᠠ᠂ ᠣᠶᠢᠯᠠᠳᠪᠦᠷᠢᠯᠠᠯ ᠤᠨ ᠵᠢᠯᠣᠭᠤᠳᠣᠯᠭ᠎ᠠ ᠶᠢᠨ ᠶᠠᠪᠣᠴᠠ ᠳᠤ ᠮᠠᠯᠴᠢᠨ ᠲᠠᠷᠢᠶᠠᠴᠢᠳ ᠤᠨ ᠬᠡᠯᠪᠡᠷᠢ ᠪᠠᠨ ᠬᠤᠪᠢᠷᠠᠭᠤᠯᠣᠨ ᠬᠦᠭᠵᠢᠭᠦᠯᠬᠦ ᠣᠶᠢᠯᠠᠭᠠᠭᠳᠠᠬᠤᠨ ᠢ ᠢᠳᠡᠪᠬᠢᠳᠡᠢ ᠵᠢᠯᠣᠭᠤᠳᠣᠨ᠂ ᠠᠵᠣ ᠣᠶᠢᠯᠠᠰ ᠤᠨ ᠪᠦᠳᠦᠴᠡ ᠶᠢ ᠣᠯᠠᠮ ᠰᠢᠯᠢᠳᠡᠭᠵᠢᠭᠦᠯᠵᠣ᠂ ᠦᠩᠭᠡᠷᠡᠭᠰᠡᠨ ᠤ ᠳ᠋ᠠᠩ ᠭᠠᠭᠴᠠ ᠲᠠᠷᠢᠮᠠᠯ ᠲᠡᠵᠢᠭᠡᠯᠭᠡ ᠶᠢᠨ ᠵᠠᠭᠪᠣᠷ ᠢ ᠦᠭᠡᠷᠡᠴᠢᠯᠡᠨ᠂ ᠭᠠᠴᠠᠭ᠎ᠠ ᠲᠣᠰᠬᠤᠨ ᠤ ᠬᠠᠮᠳᠦ ᠶᠢᠨ ᠠᠵᠣ ᠠᠬᠤᠢ᠂ ᠠᠵᠣ ᠠᠬᠤᠶᠢᠯᠠᠯ ᠣᠷᠢᠬᠤ᠂ ᠬᠤᠷᠰᠢᠶᠠᠵᠢᠯ ᠪᠠᠶᠢᠭᠤᠯᠬᠤ ᠵᠡᠷᠭᠡ ᠠᠷᠭ᠎ᠠ ᠪᠠᠷ ︽ᠣᠷᠣᠨ ᠠᠯᠣᠰᠯᠠᠭᠰᠠᠨ ᠠᠵᠣ ᠠᠬᠤᠢ︾ ᠶᠢ ᠬᠦᠭᠵᠢᠭᠦᠯᠵᠣ᠂ ᠭᠠᠴᠠᠭ᠎ᠠ ᠲᠣᠰᠬᠤᠨ ᠤ ᠬᠠᠮᠳᠦ  ᠶᠢᠨ ᠠᠵᠣ ᠠᠬᠤᠢ ᠶᠢ ᠪᠦᠬᠦ ᠲᠠᠯ᠎ᠠ ᠪᠠᠷ ᠬᠦᠭᠵᠢᠭᠦᠯᠦᠨ ᠪᠣᠵᠠᠭᠠᠶᠢᠷᠠᠭᠤᠯᠬᠤ ᠬᠡᠷᠡᠭᠳᠡᠢ᠃ ᠲᠦᠪᠯᠡᠷᠡᠩᠭᠦᠢ ᠬᠡᠪᠴᠢᠶᠡᠵᠢᠯ ᠲᠠᠢ᠂ ᠵᠢᠵᠢᠭ ᠰᠠᠵᠢᠭ ᠠᠰᠢᠭᠯᠠᠭᠠᠳᠦᠢ ᠭᠠᠵᠠᠷ ᠰᠢᠷᠣᠢ ᠶᠢᠨ ᠣᠶᠢᠯᠠᠳᠣᠯ ᠢ ᠭᠦᠴᠢᠡᠳ ᠠᠰᠢᠭᠯᠠᠵᠣ᠂ ᠨᠠᠷᠠᠨ ᠴᠠᠬᠢᠯᠭᠠᠨ ᠤ ᠰᠢᠨ᠎ᠡ ᠡᠨᠧᠷᠬᠢ ᠶᠢᠨ ᠠᠵᠣ ᠣᠶᠢᠯᠠᠰ ᠢ ᠶᠡᠬᠡᠪᠡᠷ ᠬᠦᠭᠵᠢᠭᠦᠯᠦᠨ᠂ ᠣᠶᠢᠵᠢᠭᠤᠯᠣᠨ ᠨᠣᠭᠤᠭᠠᠵᠢᠭᠤᠯᠵᠣ᠂ ᠪᠠᠭᠤᠷᠢ ᠶᠢ ᠲᠠᠪᠠᠭᠤᠯᠢᠭ ᠪᠣᠯᠭᠠᠨ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠣ ᠠᠬᠤᠢ  ᠶᠢᠨ ᠦᠷ᠎ᠡ ᠠᠰᠢᠭ ᠬᠤᠣᠰ ᠤᠨ ᠢᠯᠠᠯᠳᠠ ᠶᠢ ᠪᠡᠶᠡᠯᠡᠭᠦᠯᠬᠦ ᠬᠡᠷᠡᠭᠳᠡᠢ ᠭᠡᠵᠣ ᠬᠡᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠵᠣᠣ ᠱᠤᠸᠠᠨ᠂ ᠹᠦ᠋ ᠺᠧ᠂ ᠣᠯᠵᠠᠴᠢ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号