ᠣᠳᠤᠭ ᠤᠨ ᠡᠮᠦᠨᠡᠳᠦ ᠬᠤᠰᠢᠭᠤ ᠱᠠᠩᠬᠠᠢ ᠶᠢᠨ ᠰᠦᠮ᠎ᠡ ᠪᠠᠯᠭᠠᠰᠣᠨ ᠤ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠨ ᠲᠦᠷᠢᠶᠡᠰᠦᠯᠡᠯ᠎ᠡ
ᠨᠡᠶᠢᠲᠡᠯᠡᠭᠰᠡᠨ ᠴᠠᠭ᠄
2022/6/24
    6 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠣᠳᠤᠭ ᠤᠨ ᠡᠮᠦᠨᠡᠳᠦ ᠬᠤᠰᠢᠭᠤᠨ ᠤ 2022 ᠣᠨ ᠤ ᠱᠠᠩᠬᠠᠢ ᠶᠢᠨ ᠰᠦᠮ᠎ᠡ ᠪᠠᠯᠭᠠᠰᠣᠨ ᠤ ᠨᠡᠶᠢᠳᠡ ᠶᠢᠨ ᠲᠦᠷᠢᠶᠡᠰᠦᠨ ᠣᠷᠣᠨ ᠰᠭᠤᠴᠠ ᠶᠢ ᠰᠦᠯᠵᠢᠶᠡᠨ ᠲᠡᠭᠡᠷ᠎ᠡ ᠬᠤᠪᠢᠶᠠᠨ ᠲᠦᠷᠢᠶᠡᠰᠦᠯᠡᠭᠦ ᠠᠵᠢᠯ ᠬᠤᠰᠢᠭᠤᠨ ᠤ ᠳ᠋ᠠᠶᠢᠲ᠋ᠠ ᠲᠦᠪ ᠲᠤ ᠶᠠᠪᠣᠭᠳᠠᠯ᠎ᠠ᠃ ᠡᠨᠡ ᠣᠳᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠷᠠᠳ ᠣᠯᠠᠨ ᠳᠤ ᠲᠦᠭᠦᠮ ᠦᠵᠡᠭᠦᠯᠵᠣ᠂ ᠢᠯᠡ ᠲᠣᠳᠦ ᠪᠠᠶᠢᠯᠭᠠᠬᠤ ᠶᠢ ᠪᠠᠷᠢᠮᠳᠠᠯᠠᠵᠣ᠂ ᠣᠯᠠᠨ ᠲᠦᠮᠡᠨ ᠭᠠᠷ ᠣᠳᠠᠰᠦ ᠪᠠᠨ ᠠᠰᠢᠭᠯᠠᠨ ᠰᠦᠯᠵᠢᠶᠡᠨ ᠲᠡᠭᠡᠷ᠎ᠡ ᠰᠢᠪᠠᠭ᠎ᠠ ᠰᠣᠭᠤᠯᠬᠤ ᠬᠡᠯᠪᠡᠷᠢ ᠪᠠᠷ ᠣᠷᠣᠨ ᠰᠠᠭᠤᠴᠠ ᠪᠠᠨ ᠬᠤᠪᠢᠶᠠᠨ ᠣᠯᠵᠣ᠂ ᠱᠠᠩᠬᠠᠢ ᠶᠢᠨ ᠰᠦᠮ᠎ᠡ ᠳᠠᠬᠢ ᠡᠵᠡᠨ ᠬᠤᠷᠤᠭ᠎ᠠ ᠰᠠᠭᠤᠭᠠᠯᠢ ᠲᠣᠭᠤᠷᠢᠭ ᠪᠣᠯᠣᠨ ᠶᠢᠨ ᠰᠢᠣ ᠬᠤᠸᠠ ᠲᠢᠩ ᠰᠠᠭᠤᠭᠠᠯᠢ ᠲᠣᠭᠤᠷᠢᠭ ᠠᠴᠠ 46 ᠣᠷᠣᠨ ᠰᠠᠭᠤᠴᠠ ᠶᠢ ᠪᠠᠳᠣᠯᠠᠭ᠎ᠠ ᠶᠢᠨ ᠣᠷᠣᠨ ᠰᠠᠭᠤᠴᠠ ᠪᠣᠯᠭᠠᠨ᠂ ᠮᠠᠯᠴᠢᠨ ᠲᠠᠷᠢᠶᠠᠴᠢᠨ᠂ ᠠᠵᠢᠯᠳᠠᠨ ᠠᠵᠢᠯᠴᠢᠨ ᠪᠠ ᠬᠦᠴᠢᠷᠳᠡᠯ ᠲᠠᠢ ᠣᠯᠠᠨ ᠲᠦᠮᠡᠨ ᠳᠤ ᠬᠤᠪᠢᠶᠠᠨ ᠲᠦᠷᠢᠶᠡᠰᠦᠯᠡᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号