ᠱᠠᠩᠬᠠᠢ ᠶᠢᠨ ᠰᠦᠮ᠎ᠡ ᠪᠠᠯᠭᠠᠰᠣᠨ ᠤ ᠮᠠᠩᠬᠠᠲᠤ ᠭᠠᠴᠠᠭ᠎ᠠ ᠣᠯᠠᠨ ᠠᠷᠭ᠎ᠠ ᠠᠪᠴᠠᠯ ᠢᠶᠠᠷ ᠭᠠᠩ ᠤᠨ ᠪᠠᠶᠢᠳᠠᠯ ᠢ ᠠᠷᠭᠠᠴᠠᠵᠤ᠂ ᠮᠠᠯᠴᠢᠨ ᠲᠠᠷᠢᠶᠠᠴᠢᠳ ᠢ ᠬᠠᠪᠰᠣᠷᠣᠨ ᠬᠦᠴᠢᠷ ᠪᠡᠷᠭᠡ ᠶᠢ ᠢᠯᠠᠨ ᠳᠠᠪᠠᠵᠤ ᠪᠤᠢ
ᠨᠡᠶᠢᠲᠡᠯᠡᠭᠰᠡᠨ ᠴᠠᠭ᠄
2022/6/29
    ᠲᠤᠤᠷᠵᠢᠯ ᠬᠡᠯᠪᠡᠷᠢ ᠪᠠᠷ ᠨᠡᠶᠢᠲᠡᠮ ᠪᠠᠶᠢᠴᠠᠭᠠᠵᠤ᠂ ᠭᠠᠩ ᠤᠨ ᠪᠠᠶᠢᠳᠠᠯ ᠤᠨ ᠳᠠᠩᠰᠠ ᠪᠠᠶᠢᠭᠤᠯᠪᠠ᠃ ᠭᠠᠩ  ᠲᠠᠢ ᠲᠡᠮᠡᠴᠡᠬᠦ ᠬᠦᠨᠳᠦ ᠨᠣᠴᠢᠲᠠᠢ ᠪᠠᠶᠢᠳᠠᠯ ᠳᠤ ᠴᠢᠭᠯᠡᠬᠦᠯᠦᠨ ᠮᠠᠩᠬᠠᠲᠤ ᠭᠠᠴᠠᠭ᠎ᠠ ᠶᠢ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠪᠠᠶᠢᠭᠤᠯᠭ᠎ᠠ ᠨᠢᠭᠡᠴᠡ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠢᠨ ᠭᠠᠴᠠᠭᠠᠨ ᠤ ᠬᠤᠶᠠᠷ ᠵᠦᠪᠯᠡᠯ ᠤᠨ ᠣᠳᠣᠷᠢᠳᠬᠤ ᠪᠠᠭ ᠪᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢ ᠵᠤᠬᠢᠶᠠᠨ ᠪᠠᠶᠢᠭᠤᠯᠵᠤ᠂ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠳᠠᠶᠢᠴᠢᠯᠠᠯᠲᠠ ᠠᠬᠢᠭᠤᠯᠤᠯᠲᠠ ᠶᠢᠨ ᠬᠤᠷᠠᠯ ᠬᠤᠷᠠᠯᠳᠣᠭᠤᠯᠣᠨ᠂ ᠭᠠᠴᠠᠭᠠᠨ ᠤ ᠬᠤᠶᠠᠷ ᠵᠦᠪᠯᠡᠯ ᠵᠢᠴᠢ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠪᠠᠷ ᠲᠤᠯᠤᠭᠠᠶᠢᠯᠠᠭᠰᠠᠨ᠂ ᠡᠯ᠎ᠡ ᠮᠠᠯᠵᠢᠯ ᠤᠨ ᠬᠤᠷᠰᠢᠶᠠᠨ ᠤ ᠲᠤᠤᠷᠵᠢᠯ ᠬᠠᠮᠢᠶᠠᠷᠤᠯᠲᠠ ᠶᠢᠨ ᠬᠡᠰᠢᠬᠦᠳ ᠢᠶᠠᠷ ᠪᠦᠷᠢᠯᠳᠦᠬᠦᠨ ᠪᠣᠯᠭᠠᠭᠰᠠᠨ ᠭᠠᠩ ᠤᠨ ᠪᠠᠶᠢᠳᠠᠯ ᠢ ᠨᠡᠶᠢᠲᠡᠮ ᠪᠠᠶᠢᠴᠠᠭᠠᠬᠤ ᠠᠵᠢᠯ ᠤᠨ ᠣᠳᠣᠷᠢᠳᠬᠤ ᠳᠣᠭᠤᠶᠢᠯᠠᠩ ᠢ ᠪᠠᠶᠢᠭᠤᠯᠵᠤ᠂ ᠳᠠᠷᠤᠢ ᠲᠦᠷᠬᠡᠨ ᠡᠷᠦᠬᠡ ᠳᠤ ᠬᠦᠨᠵᠡᠬᠡᠶᠢᠷᠡᠨ ᠭᠠᠩ ᠤᠨ ᠪᠠᠶᠢᠳᠠᠯ ᠢ ᠣᠶᠢᠯᠠᠭᠠᠨ᠂ ᠳᠠᠩᠰᠠ ᠡᠪᠬᠡᠮᠡᠯ  ᠢ ᠪᠠᠶᠢᠭᠤᠯᠤᠨ ᠳᠡᠬᠦᠯᠳᠡᠷᠵᠢᠬᠦᠯᠵᠦ᠂ ᠲᠤᠭ᠎ᠠ ᠪᠠᠷᠢᠮᠲᠠ ᠲᠤᠲᠤᠷᠬᠠᠢ᠂ ᠪᠠᠶᠢᠳᠠᠯ ᠢᠯᠡ ᠲᠤᠲᠤ ᠪᠠᠶᠢᠬᠤ ᠶᠢ ᠪᠡᠶᠡᠯᠡᠬᠦᠯᠪᠡ᠃     ᠣᠯᠠᠨ ᠠᠷᠭ᠎ᠠ ᠵᠠᠮ ᠢᠶᠠᠷ ᠪᠡᠯᠡ ᠮᠦᠩᠭᠦ ᠬᠤᠷᠠᠮᠳᠣᠭᠤᠯᠵᠣ᠂ ᠮᠠᠯᠴᠢᠨ ᠲᠠᠷᠢᠶᠠᠴᠢᠳ ᠤᠨ ᠪᠠᠴᠢᠮ ᠠᠰᠠᠭᠤᠳᠠᠯ  ᠢ ᠰᠢᠢᠳᠪᠦᠷᠢᠯᠡᠪᠡ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠢᠨ ᠺᠠᠳ᠋ᠷ ᠠᠵᠢᠯᠲᠠᠳ  ᠠᠴᠠ ᠬᠠᠨᠳᠢᠪ ᠡᠷᠬᠦᠬᠦ᠂ ᠠᠵᠤ ᠠᠬᠤᠶᠢᠯᠠᠯ ᠲᠠᠢ ᠬᠠᠷᠢᠯᠴᠠᠵᠤ ᠵᠤᠬᠢᠴᠠᠭᠤᠯᠤᠭᠠᠳ ᠳᠡᠮᠵᠢᠯᠬᠡ ᠣᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠴᠢᠨ ᠲᠠᠷᠢᠶᠠᠴᠢᠳ ᠢ ᠪᠦᠬᠦ ᠬᠦᠴᠦᠨ ᠢᠶᠠᠷ ᠬᠠᠪᠰᠣᠷᠴᠣ ᠬᠦᠴᠢᠷ ᠪᠡᠷᠭᠡ ᠶᠢ ᠢᠯᠠᠨ ᠳᠠᠪᠠᠵᠤ᠂ ︽ᠣᠯᠠᠨ ᠲᠦᠮᠡᠨ ᠳᠤ ᠪᠤᠲᠠᠲᠤ ᠠᠵᠢᠯ ᠬᠢᠬᠦ︾ ᠶᠢ ᠪᠤᠲᠠᠲᠤ ᠦᠢᠯᠡ ᠠᠵᠢᠯᠯᠠᠭ᠎ᠠ ᠪᠠᠷ  ᠢᠶᠠᠨ ᠦᠢᠯᠡᠳᠦᠯᠬᠡᠵᠢᠬᠦᠯᠪᠡ᠃ ᠨᠢᠭᠡ ᠳᠤ᠂ ᠪᠦᠬᠦ ᠺᠠᠳ᠋ᠷ ᠠᠵᠢᠯᠲᠠᠳ ᠢᠶᠠᠨ ᠵᠤᠬᠢᠶᠠᠨ ᠪᠠᠶᠢᠭᠤᠯᠤᠨ ᠮᠠᠩᠬᠠᠲᠤ ᠭᠠᠴᠠᠭᠠᠨ ᠤ ᠮᠠᠯᠴᠢᠨ ᠲᠠᠷᠢᠶᠠᠴᠢᠳ ᠲᠤ 17500 ᠳᠦᠬᠦᠷᠢᠭ ᠤᠨ ᠪᠡᠯᠡ ᠮᠦᠩᠭᠦ ᠬᠠᠨᠳᠢᠪᠯᠠᠪᠠ᠃ ᠬᠤᠶᠠᠷ ᠲᠤ᠂ ᠦᠪᠦᠷ ᠮᠣᠩᠭᠤᠯ ᠤᠨ ᠳ᠋ᠢᠩ ᠬᠠᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠬᠦᠯᠦᠯᠲᠡ ᠶᠢᠨ ᠬᠢᠵᠠᠭᠠᠷᠲᠤ ᠺᠣᠮᠫᠠᠨᠢ ᠲᠠᠢ ᠬᠠᠷᠢᠯᠴᠠᠨ ᠮᠠᠩᠬᠠᠲᠤ ᠭᠠᠴᠠᠭᠠᠨ ᠳᠤ 20 ᠳᠣᠨ ᠡᠷᠳᠡᠨᠢ ᠰᠢᠰᠢ ᠶᠢᠨ ᠡᠰᠢ ᠰᠦᠷᠡᠯ ᠳᠡᠮᠵᠢᠪᠡ᠃ ᠭᠤᠷᠪᠠ ᠳᠤ᠂ ᠬᠤᠰᠢᠭᠤ ᠠᠵᠢᠯᠴᠢᠨ ᠤ ᠶᠡᠷᠦᠩᠬᠡᠢ ᠵᠦᠪᠯᠡᠯ ᠲᠠᠢ ᠬᠠᠷᠢᠯᠴᠠᠨ ᠮᠠᠩᠬᠠᠲᠤ ᠭᠠᠴᠠᠭᠠᠨ ᠤ ᠮᠠᠯᠴᠢᠨ ᠲᠠᠷᠢᠶᠠᠴᠢᠳ ᠲᠤ 25 ᠤᠭᠤᠲᠠ ᠭᠤᠯᠢᠷ ᠲᠤᠲᠤᠷᠭ᠎ᠠ ᠢᠳᠡᠰᠢᠨ ᠲᠤᠰᠤ ᠲᠤᠰᠠᠯᠠᠪᠠ᠃ ᠪᠦᠬᠦ ᠭᠠᠴᠠᠭᠠᠨ  ᠤ 60 ᠭᠠᠷᠤᠢ ᠡᠷᠦᠬᠡ ᠮᠠᠯᠴᠢᠨ ᠲᠠᠷᠢᠶᠠᠴᠢᠳ ᠲᠤ ᠭᠠᠩ ᠲᠠᠢ ᠲᠡᠮᠡᠴᠡᠬᠦ ᠪᠡᠯᠡ ᠮᠦᠩᠭᠦ ᠵᠢᠴᠢ ᠠᠮᠢᠳᠣᠷᠠᠯ ᠤᠨ ᠡᠳ᠋ ᠪᠠᠷᠠᠭ᠎ᠠ ᠲᠤᠰᠠᠯᠠᠵᠤ᠂ ᠲᠡᠳᠡᠨ ᠤ ᠦᠢᠯᠡᠳᠪᠦᠷᠢᠯᠡᠯ ᠠᠮᠢᠳᠣᠷᠠᠯ ᠢ ᠪᠠᠲᠤᠯᠠᠪᠠ᠃     ᠨᠡᠶᠢᠲᠡᠮ ᠪᠠᠶᠢᠴᠠᠭᠠᠯᠲᠠ ᠬᠢᠨᠠᠨ ᠬᠡᠮᠵᠢᠯᠲᠡ ᠪᠠᠨ ᠴᠢᠩᠭᠠᠳᠬᠠᠵᠤ᠂ ᠭᠠᠩ ᠲᠠᠢ ᠲᠡᠮᠡᠴᠡᠬᠦ ᠠᠵᠢᠯ ᠢ ᠦᠷᠬᠦᠯᠵᠢᠯᠡᠨ ᠰᠠᠶᠢᠲᠤᠷ ᠬᠢᠪᠡ᠃ ᠮᠠᠩᠬᠠᠲᠤ ᠭᠠᠴᠠᠭᠠᠨ ᠤ ᠭᠠᠩ ᠲᠠᠢ ᠲᠡᠮᠡᠴᠡᠬᠦ ᠠᠵᠢᠯ ᠢᠶᠠᠨ ᠪᠦᠬᠦ ᠬᠦᠴᠦᠨ ᠢᠶᠠᠷ ᠰᠠᠶᠢᠲᠤᠷ ᠬᠢᠬᠦ ᠶᠢᠨ ᠲᠤᠰᠠᠳᠠ ᠭᠠᠴᠠᠭᠠᠨ ᠤ ᠬᠤᠶᠠᠷ ᠵᠦᠪᠯᠡᠯ ᠵᠢᠴᠢ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ  ᠶᠢᠨ ᠬᠢᠨ ᠭᠠᠩ ᠤᠨ ᠪᠠᠶᠢᠳᠠᠯ ᠢ ᠨᠡᠶᠢᠲᠡᠮ ᠳᠤᠨᠢ ᠪᠠᠶᠢᠴᠠᠭᠠᠬᠤ ᠠᠵᠢᠯ ᠢ ᠦᠷᠬᠦᠯᠵᠢᠯᠡᠨ ᠰᠠᠶᠢᠲᠤᠷ ᠬᠢᠵᠦ᠂ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠡᠵᠡᠮᠰᠢᠬᠦ ᠶᠢᠨ ᠬᠠᠮᠲᠤ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠮᠢᠶ᠎ᠠ ᠪᠦᠬᠦᠢ ᠠᠵᠤ ᠠᠬᠤᠶᠢᠯᠠᠯ ᠲᠠᠢ ᠢᠳᠡᠪᠬᠢᠲᠡᠢ ᠪᠠᠷ ᠬᠠᠷᠢᠯᠴᠠᠨ᠂ ᠭᠠᠴᠠᠭᠠᠨ ᠳᠤ ᠡᠪᠡᠰᠦ ᠪᠤᠷᠳᠣᠭᠠᠨ ᠤ ᠲᠤᠰᠠᠯᠠᠮᠵᠢ ᠦᠭᠴᠦ᠂ ᠬᠤᠯᠪᠤᠭᠠᠯᠠᠨ ᠳᠠᠭᠠᠭᠠᠴᠢᠯᠠᠬᠤ ᠪᠠᠶᠢᠭᠤᠯᠭ᠎ᠠ ᠨᠢᠭᠡᠴᠡ ᠶᠢᠨ ᠡᠬᠦᠷᠭᠡ ᠬᠠᠷᠢᠭᠤᠴᠠᠯᠭ᠎ᠠ ᠪᠠᠨ ᠦᠨᠡᠨ ᠬᠦ ᠪᠠᠳᠠᠷᠠᠭᠤᠯᠤᠨ᠂ ᠭᠠᠩ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠢ ᠢᠳᠡᠪᠬᠢᠲᠡᠢ ᠶᠠᠪᠣᠭᠳᠠᠭᠤᠯᠵᠤ᠂ ᠠᠵᠤ ᠠᠬᠤᠶᠢᠯᠠᠯ ᠣᠷᠣᠨ ᠨᠣᠲᠤᠭ ᠬᠠᠮᠲᠤᠷᠠᠨ ᠭᠠᠩ ᠲᠠᠢ ᠲᠡᠮᠡᠴᠡᠬᠦ ᠶᠢ ᠦᠨᠡᠨ ᠬᠦ ᠪᠡᠶᠡᠯᠡᠬᠦᠯᠦᠨ᠂ ᠮᠠᠯᠴᠢᠨ ᠲᠠᠷᠢᠶᠠᠴᠢᠨ ᠤ ᠠᠵᠤ ᠠᠬᠤᠢ ᠶᠢᠨ ᠳᠠᠷᠣᠭᠠᠰᠣ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠩᠭᠡᠷᠡᠬᠦᠯᠵᠦ᠂ ᠭᠠᠩ ᠲᠠᠢ ᠲᠡᠮᠡᠴᠡᠵᠦ ᠭᠠᠮᠰᠢᠭ ᠠᠴᠠ ᠠᠪᠤᠷᠠᠨ ᠠᠷᠠᠳ ᠤᠨ ᠠᠮᠢᠳᠣᠷᠠᠯ ᠢ ᠪᠠᠲᠤᠯᠠᠬᠤ ᠰᠢᠪᠲᠤᠯᠤᠯᠲᠠ ᠶᠢᠨ ᠠᠵᠢᠯᠯᠠᠭᠠᠨ ᠤ ᠢᠯᠠᠯᠲᠠ ᠶᠢ ᠣᠯᠬᠤ ᠪᠠᠷ ᠴᠢᠷᠮᠠᠶᠢᠵᠦ ᠪᠤᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号