ᠦᠨᠦ ᠵᠢᠯ ᠠᠴᠠ ᠨᠠᠭᠠᠰᠢ᠂ ᠣᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠣᠨ ᠤ | ᠮᠠᠩᠬᠠᠲᠤ᠂ ᠦᠤᠲᠢ ᠬᠤᠶᠠᠷ ᠭᠠᠴᠠᠭ᠎ᠠ ︽ᠣᠯᠠᠨ ᠲᠦᠮᠡᠨ ᠳᠤ ᠪᠤᠲᠠᠲᠤ ᠠᠵᠢᠯ ᠬᠢᠬᠦ︾ ᠰᠢᠨ᠎ᠡ ᠴᠠᠭ ᠦᠶ᠎ᠡ ᠶᠢᠨ | ᠪᠣᠯᠪᠠᠰᠣᠨ ᠢ ᠦᠢᠯᠡᠳᠦᠯᠬᠡᠵᠢᠬᠦᠯᠬᠦ ᠠᠵᠢᠯᠯᠠᠭᠠᠨ ᠢ ᠦᠷᠬᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠤ | ᠰᠠᠨᠠᠭᠠᠰᠢᠷᠠᠨ ᠵᠤᠪᠠᠨᠢᠬᠤ ᠣᠴᠢᠷ ᠶᠠᠪᠤᠳᠠᠯ ᠢ ᠰᠠᠶᠢᠲᠤᠷ ᠰᠢᠢᠳᠪᠦᠷᠢᠯᠡᠪᠡ᠃ | ᠨᠢᠭᠡ ᠳᠤ᠂ ᠣᠷᠴᠢᠨ ᠲᠤᠭᠤᠷᠢᠨ ᠤ ᠴᠡᠭᠴᠡᠯᠡᠯᠲᠡ ᠶᠢ ᠢᠳᠡᠪᠬᠢᠲᠡᠢ ᠪᠠᠷ ᠣᠬᠠᠭᠤᠯᠪᠠ᠃ ᠭᠠᠴᠠᠭ᠎ᠠ | ᠲᠤᠰᠬᠤᠨ ᠤ ᠣᠷᠣᠰᠢᠨ ᠰᠠᠭᠤᠬᠤ ᠣᠷᠴᠢᠨ ᠲᠤᠭᠤᠷᠢᠨ ᠤ ᠴᠡᠭᠴᠡᠯᠡᠯᠲᠡ ᠶᠢ ᠪᠦᠬᠦ ᠲᠠᠯ᠎ᠠ ᠪᠠᠷ ᠠᠬᠢᠭᠤᠯᠬᠤ᠂ | ᠪᠦᠬᠦᠳᠡ ᠮᠠᠯᠴᠢᠨ ᠲᠠᠷᠢᠶᠠᠴᠢᠳ ᠢᠶᠠᠨ ᠣᠷᠴᠢᠨ ᠲᠤᠭᠤᠷᠢᠨ ᠤ ᠴᠡᠭᠴᠡᠯᠡᠯᠲᠡ ᠳᠤ ᠣᠷᠣᠯᠴᠠᠭᠤᠯᠬᠤ ᠶᠢᠨ ᠳᠣᠰᠠᠳᠠ᠂ | ᠣᠶᠢᠷ᠎ᠠ ᠶᠢᠨ ᠬᠤᠭᠤᠴᠠᠭᠠᠨ ᠳᠤ ᠱᠠᠩᠬᠠᠢ ᠶᠢᠨ ᠰᠦᠮ᠎ᠡ ᠪᠠᠯᠭᠠᠰᠣᠨ ᠤ ᠮᠠᠩᠬᠠᠲᠤ ᠭᠠᠴᠠᠭ᠎ᠠ ᠦᠤᠲᠢ ᠭᠠᠴᠠᠭᠠᠨ ᠤ | ᠬᠤᠶᠠᠷ ᠵᠦᠪᠯᠡᠯ ᠵᠢᠴᠢ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠡᠯ᠎ᠡ ᠮᠠᠯᠵᠢᠯ ᠤᠨ | ᠬᠤᠷᠰᠢᠶᠠᠨ ᠳᠤ ᠳᠣᠭᠤᠶᠢᠯᠠᠩ ᠬᠤᠪᠢᠶᠠᠨ ᠬᠦᠨᠵᠡᠬᠡᠶᠢᠷᠡᠵᠦ᠂ ᠣᠷᠣᠰᠢᠨ ᠰᠠᠭᠤᠬᠤ ᠣᠷᠴᠢᠨ ᠲᠤᠭᠤᠷᠢᠨ ᠤ | ᠴᠡᠭᠴᠡᠯᠡᠯᠲᠡ ᠶᠢᠨ ᠠᠵᠢᠯ ᠪᠠ ᠭᠠᠩ ᠲᠠᠢ ᠲᠠᠮᠡᠴᠡᠬᠦ ᠲᠦᠷᠦ ᠶᠢᠨ ᠪᠤᠳᠤᠯᠭ᠎ᠠ ᠶᠢᠨ ᠣᠬᠠᠭᠤᠯᠭ᠎ᠠ᠂ ᠬᠢᠵᠢᠭ ᠤᠨ | ᠪᠠᠶᠢᠳᠠᠯ ᠤᠨ ᠰᠡᠷᠬᠡᠶᠢᠯᠡᠨ ᠡᠵᠡᠮᠳᠡᠯ᠂ ᠵᠣᠨ ᠤ ᠣᠯᠠᠷᠢᠯ ᠤᠨ ᠨᠡᠶᠢᠲᠡᠮ ᠪᠠᠶᠢᠴᠠᠭᠠᠯᠲᠠ ᠵᠡᠷᠭᠡ ᠠᠵᠢᠯ ᠢ | ᠨᠢᠭᠡᠳᠦᠬᠦᠯᠦᠨ ᠡᠷᠦᠬᠡ ᠳᠤ ᠬᠦᠨᠵᠡᠬᠡᠶᠢᠷᠡᠨ ᠣᠬᠠᠭᠤᠯᠬᠤ ᠠᠵᠢᠯᠯᠠᠭᠠᠨ ᠢ ᠨᠢᠭᠡᠳᠦᠯᠲᠡᠢ ᠲᠦᠯᠦᠪᠵᠢᠬᠦᠯᠵᠦ | ᠶᠠᠪᠤᠭᠳᠠᠭᠤᠯᠤᠨ᠂ ᠭᠠᠴᠠᠭ᠎ᠠ ᠲᠤᠰᠬᠤᠨ ᠤ ᠮᠠᠯᠴᠢᠨ ᠲᠠᠷᠢᠶᠠᠴᠢᠨ ᠤ ᠬᠡᠷ ᠪᠠᠶᠢᠰᠢᠩ ᠤᠨ ᠡᠷᠬᠢᠨ ᠲᠤᠭᠤᠷᠢᠨ ᠤ | ᠠᠷᠢᠭᠤᠨ ᠴᠡᠪᠡᠷ᠂ ᠡᠳ᠋ᠯᠡᠯ ᠬᠡᠷᠡᠭᠰᠡᠯ ᠤᠨ ᠪᠠᠶᠢᠷᠢᠯᠠᠭᠤᠯᠤᠯᠲᠠ ᠡᠮᠬᠢ ᠲᠢᠭᠯᠢᠮ ᠲᠠᠢ ᠪᠠᠶᠢᠬᠤ ᠶᠢ ᠱᠠᠭᠠᠷᠳᠠᠪᠠ᠃ | ᠬᠤᠶᠠᠷ ᠭᠠᠴᠠᠭᠠᠨ ᠤ ᠬᠢᠨ ᠨᠡᠶᠢᠲᠡ 240 ᠭᠠᠷᠤᠢ ᠡᠷᠦᠬᠡ ᠳᠤ ᠬᠦᠨᠵᠡᠬᠡᠶᠢᠷᠡᠪᠡ᠃ | ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠨᠠᠷᠢᠯᠢᠭ ᠣᠨᠣᠪᠴᠢᠲᠠᠢ ᠦᠢᠯᠡᠴᠢᠯᠡᠭᠡ ᠬᠠᠩᠭᠠᠪᠠ᠃ ᠲᠤᠮᠢᠯᠠᠨ | ᠰᠠᠭᠤᠭ᠎ᠠ ᠠᠵᠢᠯᠯᠠᠬᠤ ᠠᠩᠬᠢ ᠶᠢᠨ ᠬᠢᠨ ᠣᠯᠠᠨ ᠲᠦᠮᠡᠨ ᠳᠤ ᠪᠤᠲᠠᠲᠤ ᠠᠵᠢᠯ ᠬᠢᠬᠦ ᠶᠢ ᠢᠮᠠᠭᠲᠠ ᠲᠦᠷᠦᠬᠦᠯᠡᠨ | ᠦᠢᠯᠡᠴᠢᠯᠡᠬᠦ ᠴᠢᠬᠤᠯᠠ ᠭᠠᠷᠳᠠᠴᠠ ᠪᠤᠯᠭᠠᠪᠠ᠃ 5 ᠰᠠᠷ᠎ᠠ ᠠᠴᠠ ᠨᠠᠭᠠᠰᠢ᠂ 60 ᠨᠠᠰᠣᠨ ᠠᠴᠠ ᠳᠡᠭᠡᠭᠰᠢᠬᠢ ᠶᠠᠪᠤᠵᠤ | ᠰᠠᠭᠤᠬᠤ ᠳᠤ ᠳᠦᠬᠦᠮ ᠦᠬᠡᠢ ᠨᠠᠰᠣᠲᠠᠶᠢᠴᠣᠳ ᠲᠤ ᠴᠢᠭᠯᠡᠬᠦᠯᠵᠦ ᠡᠷᠦᠬᠡ ᠳᠤ ᠬᠦᠨᠵᠡᠬᠡᠶᠢᠷᠡᠨ ᠦᠢᠯᠡᠴᠢᠯᠡᠬᠦ᠂ | ᠰᠢᠨ᠎ᠡ ᠴᠠᠭ ᠦᠶ᠎ᠡ ᠶᠢᠨ ᠪᠤᠯᠪᠠᠰᠣᠨ ᠢ ᠦᠢᠯᠡᠳᠦᠯᠬᠡᠵᠢᠬᠦᠯᠦᠨ ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ 80 ᠭᠠᠷᠣᠢ ᠨᠠᠰᠣᠲᠠᠶᠢᠴᠣᠳ ᠲᠤ ᠲᠦᠯᠦᠪᠦᠷᠢ ᠦᠬᠡᠢ ᠪᠡᠶ᠎ᠡ ᠶᠢᠨ ᠪᠠᠶᠢᠴᠠᠭᠠᠯᠲᠠ ᠬᠢᠵᠦ᠂ 10 | ᠡᠷᠦᠬᠡ ᠨᠠᠰᠣᠲᠠᠶᠢᠴᠣᠳ ᠤᠨ ᠬᠡᠷ ᠪᠠᠶᠢᠰᠢᠩ ᠤᠨ ᠡᠷᠬᠢᠨ ᠲᠤᠭᠤᠷᠢᠨ ᠢ ᠴᠡᠪᠡᠷᠯᠡᠨ ᠴᠡᠭᠴᠡᠯᠡᠭᠡᠳ᠂ ᠮᠠᠯᠴᠢᠨ | ᠲᠠᠷᠢᠶᠠᠴᠢᠳ ᠤᠨ ᠰᠠᠶᠢᠰᠢᠶᠠᠯ ᠢ ᠣᠯᠪᠠ᠃ | ᠭᠤᠷᠪᠠ ᠳᠤ᠂ ᠣᠷᠣᠰᠢᠨ ᠰᠠᠭᠤᠬᠤ ᠣᠷᠴᠢᠨ ᠲᠤᠭᠤᠷᠢᠨ ᠤ ᠴᠡᠭᠴᠡᠯᠡᠯᠲᠡ ᠶᠢ ᠴᠢᠩᠭᠠᠳᠬᠠᠪᠠ᠃ ᠦᠨᠦ ᠵᠢᠯ | ᠠᠴᠠ ᠨᠠᠭᠠᠰᠢ᠂ ᠬᠤᠶᠠᠷ ᠭᠠᠴᠠᠭᠠᠨ ᠤ ᠬᠢᠨ ᠭᠠᠴᠠᠭ᠎ᠠ ᠲᠤᠰᠬᠤᠨ ᠤ ᠬᠤᠶᠠᠷ ᠵᠦᠪᠯᠡᠯ᠂ ᠨᠡᠶᠢᠲᠡ ᠶᠢᠨ ᠠᠰᠠᠷᠠᠮᠵᠢ | ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠳ ᠢ ᠵᠤᠬᠢᠶᠠᠨ ᠪᠠᠶᠢᠭᠤᠯᠤᠨ ᠲᠠᠷᠢᠶᠠᠨ ᠭᠠᠵᠠᠷ᠂ ᠴᠠᠷᠳᠠᠮᠠᠯ ᠵᠠᠮ | ᠤᠨ ᠬᠤᠶᠠᠷ ᠬᠠᠪᠢ ᠶᠢᠨ ᠠᠮᠢᠳᠣᠷᠠᠯ ᠤᠨ ᠬᠤᠭ ᠨᠣᠪᠰᠢ᠂ ᠭᠠᠴᠠᠭ᠎ᠠ ᠲᠤᠰᠬᠤᠨ ᠤ ᠰᠠᠭᠤᠷᠢᠨ ᠭᠠᠵᠠᠷ ᠲᠤ ᠳᠣᠷ᠎ᠠ | ᠪᠠᠷ ᠣᠪᠣᠭᠠᠯᠠᠵᠤ ᠵᠠᠮᠪᠠᠷᠠᠭ᠎ᠠ ᠦᠬᠡᠢ ᠲᠠᠯᠪᠢᠭᠰᠠᠨ ᠡᠳ᠋ ᠪᠤᠳᠠᠰ ᠵᠢᠴᠢ ᠬᠤᠭ ᠡᠪᠡᠰᠦ ᠶᠢ ᠴᠡᠪᠡᠷᠯᠡᠵᠦ᠂ ᠬᠠᠮᠲᠤ ᠶᠢᠨ | ᠴᠢᠨᠠᠷᠲᠠᠢ ᠣᠷᠴᠢᠨ ᠲᠤᠭᠤᠷᠢᠨ ᠤ ᠴᠡᠭᠴᠡᠯᠡᠯᠲᠡ ᠶᠢᠨ ᠠᠵᠢᠯ ᠢ ᠨᠠᠶᠢᠲᠠ 15 ᠣᠳᠠᠭ᠎ᠠ ᠶᠠᠪᠤᠭᠳᠠᠭᠤᠯᠪᠠ᠃ | ᠳᠦᠷᠪᠡ ᠳᠤ᠂ ᠨᠡᠶᠢᠬᠡᠮ ᠤᠨ ᠬᠦᠴᠦᠨ ᠢ ᠳᠠᠶᠢᠴᠢᠯᠠᠨ ᠣᠷᠣᠯᠴᠠᠭᠤᠯᠪᠠ᠃ ︽ᠣᠯᠠᠨ ᠲᠦᠮᠡᠨ ᠳᠤ ᠪᠤᠲᠠᠲᠤ | ᠠᠵᠢᠯ ᠬᠢᠵᠦ︾ ᠭᠠᠩ ᠲᠠᠢ ᠲᠡᠮᠡᠴᠡᠨ ᠠᠪᠤᠷᠠᠨ ᠲᠤᠰᠠᠯᠠᠬᠤ ᠠᠵᠢᠯᠯᠠᠭᠠᠨ ᠢ ᠶᠠᠪᠤᠭᠳᠠᠭᠤᠯᠵᠤ᠂ ᠮᠠᠩᠬᠠᠲᠤ ᠭᠠᠴᠠᠭ᠎ᠠ | 2 ᠠᠵᠤ ᠠᠬᠤᠶᠢᠯᠠᠯ ᠪᠠ 60 ᠺᠠᠳ᠋ᠷ ᠠᠵᠢᠯᠲᠠᠳ ᠢ ᠳᠠᠶᠢᠴᠢᠯᠠᠨ ᠰᠠᠶᠢᠨ ᠳᠣᠷ᠎ᠠ ᠶᠢᠨ ᠬᠠᠨᠳᠢᠪᠯᠠᠬᠤ ᠠᠵᠢᠯᠯᠠᠭᠠᠨ ᠳᠤ | ᠣᠷᠣᠯᠴᠠᠭᠤᠯᠤᠨ᠂ ᠨᠠᠶᠢᠲᠠ 21.75 ᠲᠦᠮᠡᠨ ᠲᠦᠬᠦᠷᠢᠭ ᠭᠠᠩ ᠲᠠᠢ ᠲᠡᠮᠡᠴᠡᠬᠦ ᠲᠤᠰᠠᠯᠠᠮᠵᠢ ᠶᠢᠨ ᠮᠦᠩᠭᠦ᠂ 20 | ᠳᠣᠨ ᠡᠪᠡᠰᠦ ᠪᠤᠷᠳᠤᠭ᠎ᠠ ᠣᠯᠪᠠ︔ ᠦᠤᠲᠢ ᠭᠠᠴᠠᠭᠠᠨ ᠤ ᠬᠢᠨ ᠡᠩ ᠲᠡᠷᠢᠬᠦᠨ ᠳᠤ ︽ᠲᠦᠮᠡᠨ ᠠᠵᠤ ᠠᠬᠤᠶᠢᠯᠠᠯ | ᠲᠦᠮᠡᠨ ᠲᠤᠰᠬᠤᠨ ᠢ ᠬᠦᠭᠵᠢᠬᠦᠯᠬᠦ︾ ᠬᠠᠮᠲᠤᠷᠠᠨ ᠪᠠᠶᠢᠭᠤᠯᠬᠤ ᠠᠵᠤ ᠠᠬᠤᠶᠢᠯᠠᠯ ᠲᠠᠢ ᠬᠠᠷᠢᠯᠴᠠᠨ | ᠵᠤᠬᠢᠴᠠᠭᠤᠯᠤᠭᠠᠳ 12.6 ᠲᠦᠮᠡᠨ ᠲᠦᠬᠦᠷᠢᠭ ᠤᠨ ᠭᠠᠩ ᠲᠠᠢ ᠲᠡᠮᠡᠴᠡᠬᠦ ᠡᠪᠡᠰᠦ ᠪᠣᠷᠳᠤᠭ᠎ᠠ ᠪᠠ. ᠪᠡᠯᠡ ᠮᠦᠩᠭᠦ | ᠣᠯᠵᠣ᠂ ᠪᠦᠬᠦᠨ ᠢ ᠭᠠᠩ ᠲᠠᠢ ᠲᠡᠮᠡᠴᠡᠬᠦ ᠳᠤ ᠬᠡᠷᠡᠭᠯᠡᠪᠡ᠃ |