ᠭᠤᠷᠪᠠᠨ ᠨᠡᠷᠡᠳᠤ ᠡᠮᠴᠢ ᠶᠢᠨ ᠠᠵᠢᠯᠯᠠᠬᠤ ᠳᠠᠰᠤᠭ ᠤᠳᠤᠭ ᠤᠨ ᠡᠮᠤᠨᠡᠳᠤ ᠬᠤᠰᠢᠭᠤᠨ ᠤ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/6/30
    6 ᠰᠠᠷ᠎ᠠ ᠶᠢᠨ 27 ᠤ ᠡᠳᠤᠷ᠂ ᠤᠳᠤᠭ ᠤᠨ ᠡᠮᠤᠨᠡᠳᠤ ᠬᠤᠰᠢᠭᠤᠨ ᠤ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ︽ᠳ᠋ᠦᠩ ᠰᠠᠨᠠᠭᠠᠪᠠᠭᠠᠳᠤᠷ᠂ ᠰᠢᠯᠢᠨᠪᠤᠯᠤᠷ᠂ ᠬᠠᠰᠬᠡᠷᠡᠯ ᠭᠤᠷᠪᠠᠨ ᠨᠡᠷᠡᠳᠤ ᠡᠮᠴᠢ ᠶᠢᠨ ᠠᠵᠢᠯᠯᠠᠬᠤ ᠳᠠᠰᠤᠭ︾ ᠤᠨ ᠫᠠᠶᠢᠰᠠ ᠡᠯᠬᠦᠬᠦ ᠶᠤᠰᠤᠯᠠᠯ ᠶᠠᠪᠤᠭᠤᠯᠪᠠ᠃ ᠬᠤᠰᠢᠭᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠯᠢ ᠵᠢᠶᠠ ᠭᠤᠸᠠᠨ ᠶᠤᠰᠤᠯᠡᠯ ᠳᠤ ᠤᠷᠤᠯᠴᠠᠵᠤ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠰᠦᠩ ᠰᠢᠶᠤᠤ ᠯᠧᠢ ᠶᠤᠰᠤᠯᠠᠯ  ᠳᠤ ᠤᠷᠤᠯᠴᠠᠵᠤ ᠪᠠᠶᠠᠷ ᠤᠨ ᠦᠬᠡ ᠬᠡᠯᠡᠵᠡᠢ᠃     ᠶᠤᠰᠤᠯᠡᠯ ᠳᠡᠬᠡᠷ᠎ᠡ᠂ ᠯᠢ ᠵᠢᠶᠠ ᠭᠤᠸᠠᠨ᠂ ᠰᠦᠩ ᠰᠢᠶᠤᠤ ᠯᠧᠢ ᠵᠡᠷᠬᠡ ᠤᠳᠤᠷᠢᠳᠤᠯᠭ᠎ᠠ ᠬᠠᠮᠳᠤ ᠪᠠᠷ ︽ᠨᠡᠷᠡᠳᠤ ᠡᠮᠴᠢ ᠶᠢᠨ ᠠᠵᠢᠯᠯᠠᠬᠤ ᠳᠠᠰᠤᠭ︾ ᠤᠨ ᠡᠷᠤᠬᠡ ᠶᠢ ᠰᠡᠬᠦᠪᠡ᠃ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶᠠᠨ ᠤ ᠳᠠᠷᠤᠭ᠎ᠠ ᠭᠤᠷᠪᠠᠨ ᠨᠡᠷᠡᠳᠤ ᠡᠮᠴᠢ ᠲᠠᠢ ᠳᠤᠰ ᠳᠤᠰ ᠨᠡᠷᠡᠳᠤ ᠡᠮᠴᠢ  ᠶᠢᠨ ᠠᠵᠢᠯᠯᠠᠬᠤ ᠳᠠᠰᠤᠭ ᠤᠨ ᠬᠠᠮᠳᠤᠷᠠᠯᠴᠠᠭᠠᠨ ᠤ ᠬᠡᠯᠡᠯᠴᠡᠬᠡᠷ ᠲᠤ ᠭᠠᠷ ᠤᠨ ᠦᠰᠦᠭ ᠵᠢᠷᠤᠪᠠ᠃     ᠰᠦᠩ ᠰᠢᠶᠤᠤ ᠯᠧᠢ ︽ᠨᠡᠷᠡᠳᠤ ᠡᠮᠴᠢ ᠶᠢᠨ ᠠᠵᠢᠯᠯᠠᠬᠤ ᠳᠠᠰᠤᠭ︾ ᠮᠠᠨ ᠤ ᠬᠤᠰᠢᠭᠤᠨ ᠳᠤ ᠰᠠᠭᠤᠷᠢᠰᠢᠬᠤ  ᠶᠢ ᠪᠠᠶᠠᠷᠯᠡᠨ ᠤᠭᠳᠤᠵᠤ ᠪᠠᠶᠢᠬᠤ ᠪᠠᠨ ᠢᠯᠡᠤᠨᠬᠡᠵᠤ᠂ ᠭᠤᠷᠪᠠᠨ ︽ᠨᠡᠷᠡᠳᠤ ᠡᠮᠴᠢ ᠶᠢᠨ ᠠᠵᠢᠯᠯᠠᠬᠤ ᠳᠠᠰᠤᠭ︾ ᠪᠠᠶᠢᠭᠤᠯᠤᠭᠳᠠᠭᠰᠡᠨ ᠨᠢ ᠮᠠᠨ ᠤ ᠬᠤᠰᠢᠭᠤᠨ ᠤ ︽ᠴᠢᠳᠠᠪᠤᠷᠢᠳᠠᠨ ᠡᠯᠰᠡᠵᠤ ᠤᠶᠤᠨ ᠤᠷᠤᠭᠤᠯᠬᠤ︾ ᠠᠵᠢᠯ ᠤᠨ ᠳᠠᠯ᠎ᠠ ᠪᠠᠷ ᠬᠢ ᠰᠢᠨ᠎ᠠ ᠭᠠᠷᠤᠭ᠎ᠠ ᠶᠢ ᠬᠠᠷᠠᠭᠤᠯᠵᠤ᠂ ᠴᠢᠳᠠᠪᠤᠷᠢᠳᠠᠨ ᠢᠶᠠᠷ ᠬᠤᠰᠢᠭᠤ ᠪᠠᠨ ᠬᠦᠴᠤᠷᠬᠡᠭᠵᠢᠬᠦᠯᠬᠦ ᠪᠠᠶᠢᠯᠳᠤᠬᠤ ᠪᠤᠳᠤᠯᠭ᠎ᠠ ᠶᠢᠨ ᠴᠢᠬᠤᠯᠠ ᠦᠷ᠎ᠠ ᠪᠦᠳᠤᠬᠡᠯ ᠢ ᠤᠯᠵᠤ᠂ ᠭᠠᠵᠠᠷ ᠤᠷᠤᠨ ᠤ ︽ᠠᠨᠠᠭᠠᠬᠤ ᠤᠬᠠᠭᠠᠨ ᠵᠢᠭᠠᠨ ᠰᠤᠷᠭᠠᠯᠳᠠ ᠰᠤᠳᠤᠯᠭᠠᠨ︾ ᠤ ᠴᠢᠨᠠᠷ ᠰᠠᠶᠢᠳᠠᠢ ᠬᠠᠮᠵᠢᠯᠴᠠᠭᠰᠡᠨ ᠬᠦᠭᠵᠢᠯᠳᠠ ᠵᠢᠴᠢ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠵᠡᠷᠬᠡ ᠳᠤ ᠯᠤᠳᠤ ᠶᠡᠭᠡ ᠠᠬᠢᠭᠤᠯᠬᠤ ᠤᠶᠢᠯᠡᠳᠤᠯ ᠦᠵᠡᠬᠦᠯᠪᠡ᠃ ᠬᠤᠰᠢᠭᠤᠨ ᠤ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠨᠢ ︽ᠨᠡᠷᠡᠳᠤ ᠡᠮᠴᠢ ᠶᠢᠨ ᠠᠵᠢᠯᠯᠠᠬᠤ ᠳᠠᠰᠤᠭ︾ ᠪᠠᠶᠢᠭᠤᠯᠬᠤ ᠪᠠᠷ ᠳᠤᠬᠢᠶᠠᠯ ᠪᠤᠯᠭᠠᠨ᠂ ᠳᠡᠪᠴᠠᠩ ᠢᠶᠠᠨ ᠨᠠᠨᠳᠢᠩᠨᠠᠨ᠂ ᠠᠰᠢᠭᠳᠠᠢ ᠪᠠᠶᠢᠳᠠᠯ ᠢ ᠡᠵᠡᠮᠳᠡᠨ ᠤᠷᠤᠭᠰᠢᠯᠡᠵᠤ᠂ ︽ᠨᠡᠷᠡᠳᠤ ᠡᠮᠴᠢ ᠨᠡᠷᠡᠳᠤ ᠰᠠᠯᠠᠭ᠎ᠠ ᠶᠢ ᠳᠠᠭᠠᠭᠤᠯᠵᠤ᠂ ᠨᠡᠷᠡᠳᠤ ᠰᠠᠯᠠᠭ᠎ᠠ ᠪᠠᠷ ᠨᠡᠷᠡᠳᠤ ᠡᠮᠨᠡᠯᠬᠡ  ᠶᠢᠨ ᠬᠤᠷᠢᠶ᠎ᠠ ᠶᠢ ᠡᠬᠦᠤᠨᠬᠦ︾ ᠬᠦᠭᠵᠢᠯᠳᠠ ᠶᠢᠨ ᠰᠡᠤᠨᠬᠢᠮᠵᠢ ᠶᠢ ᠢᠳᠡᠪᠬᠢᠳᠠᠢ ᠰᠦᠪᠡᠭᠴᠢᠯᠡᠵᠤ᠂ ᠮᠤᠩᠭᠤᠯ ᠡᠮᠨᠡᠯᠬᠡ  ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠪᠠᠨ ᠭᠤᠤᠯᠳᠠᠯᠭ᠎ᠠ ᠲᠠᠢ ᠰᠢᠨᠵᠢᠯᠡᠬᠡᠨ ᠤ ᠰᠠᠯᠠᠭ᠎ᠠ ᠶᠢᠨ ᠳᠤᠰᠬᠠᠢ ᠮᠡᠷᠬᠡᠵᠢᠯ ᠤᠨ ᠳᠠᠭᠠᠭᠤᠯᠤᠭᠴᠢ ᠪᠤᠯᠭᠠᠬᠤ ᠶᠢᠨ ᠬᠠᠮᠳᠤ ᠬᠤᠳᠠ ᠶᠢᠨ ᠳᠡᠰ᠂ ᠦᠪᠡᠷᠳᠡᠬᠡᠨ ᠵᠠᠰᠠᠬᠤ ᠤᠷᠤᠨ ᠤ ᠳᠡᠰ  ᠤᠨ ᠭᠤᠤᠯᠳᠠᠯᠭ᠎ᠠ ᠲᠠᠢ ᠳᠤᠰᠬᠠᠢ ᠮᠡᠷᠬᠡᠵᠢᠯ ᠳᠡᠰᠢ ᠳᠠᠰᠤᠷᠠᠯᠳᠠ ᠦᠬᠡᠢ ᠤᠷᠤᠭᠰᠢᠯᠠᠬᠤ ᠶᠢ ᠬᠦᠰᠡᠵᠤ ᠪᠠᠶᠢᠨ᠎ᠠ ᠬᠡᠪᠡ᠃     ᠤᠶᠢᠯᠠᠭᠠᠭᠰᠡᠨ ᠢᠶᠠᠷ᠂ ᠳ᠋ᠦᠩ ᠰᠠᠨᠠᠭᠠᠪᠠᠭᠠᠳᠤᠷ ᠡᠮᠴᠢ ᠮᠤᠩᠭᠤᠯ ᠡᠮ ᠡᠮᠨᠡᠯᠬᠡ ᠶᠢᠨ ᠮᠡᠷᠬᠡᠵᠢᠯ ᠤᠨ ᠬᠠᠷᠰᠢᠮᠠᠳᠠᠭᠠᠢ ᠴᠢᠨᠠᠷᠳᠠᠢ ᠬᠠᠮᠠᠷ ᠤᠨ ᠦᠷᠪᠢᠰᠤᠯ ᠪᠠ ᠪᠠᠮᠪᠠᠢ ᠪᠤᠯᠴᠢᠷᠬᠠᠢ ᠶᠢᠨ ᠠᠵᠢᠯᠯᠠᠭ᠎ᠠ ᠰᠠᠮᠠᠭᠤᠷᠠᠬᠤ ᠴᠢᠨᠠᠷᠳᠠᠢ ᠡᠪᠡᠤᠨᠴᠢᠨ ᠢ ᠡᠮᠨᠡᠨ ᠵᠠᠰᠠᠬᠤ ᠳᠤ ᠪᠠᠨ ᠬᠦᠨ ᠳᠤᠷᠰᠢᠯᠭ᠎ᠠ ᠲᠠᠢ᠂ ᠰᠢᠯᠢᠨᠪᠤᠯᠤᠷ ᠡᠮᠴᠢ ᠶᠠᠰᠤᠨ ᠤ ᠰᠠᠯᠠᠭᠠᠨ ᠤ ᠬᠦᠷᠢᠶᠡᠨ ᠳᠤ ᠮᠠᠰᠢ ᠶᠡᠭᠡ ᠪᠦᠳᠤᠮᠵᠢ ᠲᠠᠢ᠂ ᠬᠠᠰᠬᠡᠷᠡᠯ ᠡᠮᠴᠢ ᠡᠮᠡᠭᠳᠠᠢ ᠶᠢᠨ ᠰᠠᠯᠠᠭᠠᠨ ᠤ ᠡᠪᠡᠤᠨᠴᠢᠨ ᠳᠤ ᠳᠤᠷᠰᠢᠯᠭ᠎ᠠ ᠪᠠᠷ ᠪᠠᠶᠠᠯᠢᠭ ᠮᠦᠷᠳᠡᠬᠡᠨ ᠤᠳᠠᠭᠠᠨ ᠵᠢᠯ ᠤᠳᠤᠭ ᠤᠨ ᠡᠮᠤᠨᠡᠳᠤ ᠬᠤᠰᠢᠭᠤᠨ ᠳᠤ ᠠᠵᠢᠯᠯᠠᠭᠰᠡᠨ ᠪᠠᠶᠢᠳᠠᠭ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号