5 ᠰᠠᠷ᠎ᠠ ᠶᠢᠨ 30 ᠤ ᠡᠳᠦᠷ ᠠᠴᠠ 6 ᠰᠠᠷ᠎ᠠ ᠶᠢᠨ 2 ᠤᠨ ᠡᠳᠦᠷ ᠪᠤᠯᠲᠠᠯ᠎ᠠ᠂ ᠬᠤᠰᠢᠭᠤ ᠨᠠᠮ ᠤᠨ | ᠬᠤᠷᠢᠶᠠᠨ ᠤ ᠱᠦᠵᠢ ᠸᠠᠩ ᠢᠦᠢ ᠴᠢᠶᠠᠩ ᠪᠠᠶᠢᠴᠠᠭᠠᠯᠲᠠ ᠶᠢᠨ ᠪᠦᠯᠬᠦᠮ ᠳᠠᠭᠠᠭᠤᠯᠵᠤ ᠭᠤᠸᠠᠩᠵᠸᠤ ᠶᠢᠨ ᠭᠦᠸᠧ | ᠬᠤᠩ ᠪᠦᠯᠦᠭᠯᠡᠯ ᠤᠨ ᠹᠦᠸᠧ ᠱᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠱᠧᠨᠵᠧᠨ ᠤ ᠡᠨᠧᠷᠬᠢ ᠶᠢᠨ | ᠪᠦᠯᠦᠭᠯᠡᠯ ᠤᠨ ᠬᠢᠵᠠᠭᠠᠷᠲᠤ ᠺᠤᠮᠫᠠᠨᠢ᠂ ᠳᠣᠮᠳᠠᠳᠣ ᠣᠯᠣᠰ ᠤᠨ ᠰᠢᠲᠠᠮᠠᠬᠠᠢ ᠬᠡᠢ ᠶᠢᠨ ᠪᠦᠯᠦᠭᠯᠡᠯ᠂ ᠳ᠋ᠦᠩ ᠹᠧᠩ | ᠯᠢᠦᠵᠸᠤ ᠮᠠᠰᠢᠨ ᠲᠡᠷᠬᠡᠨ ᠤ ᠬᠤᠪᠢ ᠣᠷᠣᠭᠤᠯᠣᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠳᠤ ᠬᠦᠷᠴᠦ | ᠰᠢᠨ᠎ᠡ ᠡᠨᠧᠷᠬᠢ ᠶᠢᠨ ᠠᠵᠤ ᠦᠢᠯᠡᠰ ᠤᠨ ᠲᠦᠷᠦᠯ ᠵᠦᠢᠯ ᠢ ᠪᠠᠶᠢᠴᠠᠭᠠᠨ ᠬᠠᠷᠢᠯᠴᠠᠵᠤ᠂ ᠬᠠᠷᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠬᠤ᠂ ᠲᠦᠷᠦᠯ ᠵᠦᠢᠯ ᠤᠨ ᠣᠷᠣᠨᠵᠢᠯᠲᠠ ᠶᠢ ᠠᠬᠢᠭᠤᠯᠬᠤ᠂ ᠬᠠᠮᠲᠤᠪᠡᠷ ᠠᠰᠢᠭ | ᠬᠦᠷᠲᠡᠬᠦ ᠶᠢ ᠪᠡᠶᠡᠯᠡᠬᠦᠯᠬᠦ ᠲᠤᠬᠠᠢ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠬᠦᠨᠵᠡᠬᠡᠢ ᠵᠦᠪᠳᠡᠯᠴᠡᠪᠡ᠃ | ᠸᠠᠩ ᠢᠦᠢ ᠴᠢᠶᠠᠩ ᠬᠦᠷᠦᠭᠰᠡᠨ ᠭᠠᠵᠠᠷ ᠪᠤᠯᠭᠠᠨ ᠳᠤ ᠦᠢᠯᠡᠳᠪᠦᠷᠢᠯᠡᠯ ᠤᠨ ᠡᠮᠦᠨ᠎ᠡ ᠹᠷᠤᠨᠲ ᠲᠤ | ᠬᠦᠨᠵᠡᠬᠡᠶᠢᠷᠡᠵᠦ᠂ ᠠᠮᠵᠢᠯᠲᠠ ᠪᠦᠲᠦᠮᠵᠢ ᠶᠢ ᠨᠢ ᠠᠩᠬᠠᠷᠤᠨ᠂ ᠠᠷᠭ᠎ᠠ ᠲᠤᠷᠰᠢᠯᠭ᠎ᠠ ᠶᠢ ᠨᠢ ᠰᠣᠨᠣᠰᠴᠣ᠂ ᠡᠯ᠎ᠡ | ᠠᠵᠤ ᠠᠬᠤᠶᠢᠯᠠᠯ ᠤᠨ ᠪᠦᠲᠦᠬᠡᠭᠳᠡᠬᠦᠨ ᠤ ᠲᠦᠷᠦᠯ ᠵᠦᠢᠯ᠂ ᠠᠵᠤ ᠦᠢᠯᠡᠰ ᠤᠨ ᠪᠠᠶᠢᠷᠢᠯᠠᠭᠤᠯᠤᠯᠲᠠ᠂ ᠬᠡᠷᠡᠭᠯᠡᠬᠡᠨ | ᠤ ᠲᠠᠯᠠᠪᠤᠷ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠯ᠎ᠡ ᠠᠵᠤ ᠠᠬᠤᠶᠢᠯᠠᠯ ᠯᠤᠭ᠎ᠠ ᠰᠠᠭᠤᠳᠠᠯ ᠤᠨ | ᠬᠤᠷᠠᠯ ᠬᠤᠷᠠᠯᠳᠣᠪᠠ᠃ | ᠸᠠᠩ ᠢᠦᠢ ᠴᠢᠶᠠᠩ ᠠᠴᠠ ᠮᠠᠨ ᠤ ᠬᠤᠰᠢᠭᠤᠨ ᠤ ᠰᠢᠨ᠎ᠡ ᠡᠨᠧᠷᠬᠢ ᠶᠢᠨ ᠠᠵᠤ ᠦᠢᠯᠡᠰ ᠤᠨ ᠬᠦᠭᠵᠢᠯ ᠤᠨ | ᠶᠡᠷᠦᠩᠬᠡᠢ ᠰᠡᠳᠬᠢᠮᠵᠢ᠂ ᠠᠵᠤ ᠦᠢᠯᠡᠰ ᠤᠨ ᠪᠠᠶᠢᠷᠢᠯᠠᠭᠤᠯᠤᠯᠲᠠ᠂ ᠳᠡᠮᠵᠢᠯᠬᠡ ᠶᠢᠨ ᠲᠦᠷᠦ ᠶᠢᠨ ᠪᠤᠳᠤᠯᠭ᠎ᠠ ᠪᠠ | ᠳᠠᠪᠠᠭᠤᠯᠢᠭ ᠤᠨ ᠬᠠᠷᠢᠴᠠᠭᠤᠯᠤᠯ ᠢ ᠨᠠᠷᠢᠯᠢᠭ ᠲᠠᠨᠢᠯᠴᠠᠭᠤᠯᠪᠠ᠃ ᠲᠡᠷᠡ᠂ ᠣᠷᠣᠨ ᠨᠣᠲᠤᠭ ᠪᠠ ᠠᠵᠤ ᠠᠬᠤᠶᠢᠯᠠᠯ | ᠤᠨ ᠬᠢᠨ ᠲᠤᠰ ᠣᠳᠠᠭᠠᠨ ᠤ ᠵᠦᠪᠳᠡᠯᠴᠡᠭᠡ ᠪᠠᠷ ᠲᠤᠬᠢᠶᠠᠯ ᠪᠤᠯᠭᠠᠵᠤ᠂ ᠬᠦᠭᠵᠢᠯᠲᠡ ᠶᠢᠨ ᠵᠠᠪᠰᠢᠶᠠᠨ ᠢ ᠬᠠᠮᠲᠤᠪᠡᠷ | ᠡᠵᠡᠮᠳᠡᠨ᠂ ᠬᠠᠮᠤᠭ ᠤᠨ ᠦᠨᠡᠨᠴᠢ ᠰᠡᠳᠬᠢᠯ᠂ ᠬᠠᠮᠤᠭ ᠤᠨ ᠪᠠᠲᠤ ᠪᠠᠬᠢ ᠲᠡᠰᠪᠦᠷᠢ ᠵᠤᠷᠢᠭ᠂ ᠬᠠᠮᠤᠭ ᠤᠨ ᠶᠡᠭᠡ | ᠡᠷᠴᠢᠮ ᠢᠶᠠᠷ ᠬᠠᠮᠲᠤᠷᠠᠯᠴᠠᠭᠠᠨ ᠤ ᠲᠦᠷᠦᠯ ᠵᠦᠢᠯ ᠤᠨ ᠠᠵᠤ ᠦᠢᠯᠡᠰ ᠤᠨ ᠬᠡᠯᠬᠢᠶᠡᠵᠢᠯ ᠢ ᠨᠠᠷᠢᠯᠢᠭ ᠤᠨᠤᠪᠴᠢᠲᠠᠢ | ᠪᠠᠷ ᠬᠠᠷᠢᠯᠴᠠᠵᠤ᠂ ᠬᠠᠮᠢᠶ᠎ᠠ ᠪᠦᠬᠦᠢ ᠣᠷᠣᠨ ᠪᠦᠰᠡ ᠶᠢᠨ ᠬᠠᠮᠲᠤᠷᠠᠯᠴᠠᠭᠠᠨ ᠤ ᠰᠠᠨᠠᠮᠵᠢ ᠪᠠᠨ ᠦᠳᠲᠡᠷ ᠲᠦᠷᠬᠡᠨ | ᠲᠤᠭᠲᠠᠭᠠᠨ᠂ ᠬᠠᠮᠲᠤᠷᠠᠯᠴᠠᠭᠠᠨ ᠤ ᠲᠦᠷᠦᠯ ᠵᠦᠢᠯ ᠣᠷᠣᠨᠵᠢᠬᠤ ᠶᠢ ᠬᠠᠮᠲᠤᠪᠡᠷ ᠠᠬᠢᠭᠤᠯᠵᠦ᠂ ᠬᠤᠶᠠᠷ ᠲᠠᠯ᠎ᠠ ᠶᠢᠨ | ᠬᠠᠮᠲᠤ ᠶᠢᠨ ᠬᠦᠭᠵᠢᠯᠲᠡ ᠶᠢ ᠪᠡᠶᠡᠯᠡᠬᠦᠯᠦᠨ᠎ᠡ᠃ ᠣᠲᠤᠭ ᠤᠨ ᠡᠮᠦᠨᠡᠲᠦ ᠬᠤᠰᠢᠭᠤ ᠠᠵᠤ ᠠᠬᠤᠶᠢᠯᠠᠯ ᠳᠤ ᠴᠢᠨᠠᠷᠯᠢᠭ | ᠪᠦᠲᠦᠮᠵᠢᠲᠡᠢ ᠦᠢᠯᠡᠴᠢᠯᠡᠭᠡ ᠶᠢ ᠦᠷᠬᠦᠯᠵᠢᠯᠡᠨ ᠬᠠᠩᠭᠠᠬᠤ ᠶᠢᠨ ᠬᠠᠮᠲᠤ ᠡᠯ᠎ᠡ ᠠᠵᠤ ᠠᠬᠤᠶᠢᠯᠠᠯ ᠣᠲᠤᠭ ᠤᠨ | ᠡᠮᠦᠨᠡᠲᠦ ᠬᠤᠰᠢᠭᠤᠨ ᠳᠤ ᠬᠦᠨᠵᠡᠬᠡᠶᠢᠷᠡᠵᠦ ᠪᠠᠶᠢᠴᠠᠭᠠᠨ ᠰᠣᠳᠣᠯᠣᠯᠲᠠ ᠬᠢᠬᠦ ᠶᠢ ᠴᠢᠩ ᠰᠡᠳᠬᠢᠯ ᠠᠴᠠ ᠪᠠᠨ | ᠪᠠᠶᠠᠷᠯᠠᠨ ᠣᠭᠲᠣᠵᠣ ᠪᠠᠶᠢᠨ᠎ᠠ ᠭᠡᠵᠦ ᠬᠡᠯᠡᠭᠰᠡᠨ ᠪᠠᠶᠢᠨ᠎ᠠ᠃ | ᠬᠤᠰᠢᠭᠤ ᠣᠳᠣᠷᠢᠳᠣᠯᠭ᠎ᠠ ᠰᠦᠨ ᠶᠢᠦ ᠵᠢᠶᠦ᠋ᠨ᠂ ᠹᠦ᠋ ᠺᠧ᠂ ᠶᠠᠩ ᠵᠢᠢ ᠴᠢᠶᠠᠩ ᠵᠢᠴᠢ ᠬᠤᠰᠢᠭᠤ ᠠᠵᠤ | ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ᠂ ᠡᠨᠧᠷᠬᠢ ᠶᠢᠨ ᠲᠤᠪᠴᠢᠶᠠᠨ ᠤ ᠭᠤᠤᠯ | ᠬᠠᠷᠢᠭᠤᠴᠠᠯᠭᠠᠲᠠᠳ ᠬᠠᠮᠲᠤ ᠪᠠᠶᠢᠴᠠᠭᠠᠯᠲᠠ ᠬᠢᠪᠡ᠃ |