6 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠲᠢᠶᠡᠨᠵᠢᠨ ᠤ | ᠵᠦᠩ ᠴᠧ ᠰᠠᠯᠬᠢᠨ ᠡᠨᠧᠷᠬᠢ ᠶᠢᠨ ᠲᠤᠨᠤᠭᠯᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠷᠳᠣᠰ | ᠬᠤᠲᠠ ᠶᠢᠨ ᠬᠤᠪᠢᠶᠠᠷᠢ ᠺᠤᠮᠫᠠᠨᠢ ᠶᠢᠨ ᠶᠡᠷᠦᠩᠬᠡᠢ ᠳᠠᠭᠠᠭᠠᠮᠠᠯ ᠯᠢ ᡁᠢ ᠶᠦᠩ ᠨᠠᠷ ᠲᠠᠢ ᠰᠠᠭᠤᠳᠠᠯ ᠤᠨ ᠬᠤᠷᠠᠯ | ᠬᠢᠪᠡ᠃ | ᠸᠠᠩ ᠢᠦᠢ ᠴᠢᠶᠠᠩ ᠠᠴᠠ ᠯᠢ ᡁᠢ ᠶᠦᠩ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠣᠭᠲᠣᠵᠣ | ᠪᠠᠶᠢᠬᠤ ᠰᠡᠳᠬᠢᠯ ᠢᠶᠠᠨ ᠢᠯᠡᠳᠬᠡᠪᠡ᠃ ᠲᠡᠷᠡ᠂ ᠣᠲᠤᠭ ᠤᠨ ᠡᠮᠦᠨᠡᠲᠦ ᠬᠤᠰᠢᠭᠤ ᠡᠯᠪᠡᠭ ᠲᠡᠯᠪᠡᠭ ᠰᠠᠯᠬᠢᠨ ᠤ | ᠬᠦᠴᠦ ᠨᠠᠷᠠᠨ ᠤ ᠡᠨᠧᠷᠬᠢ ᠶᠢᠨ ᠡᠬᠢ ᠰᠣᠷᠪᠣᠯᠵᠢ ᠲᠠᠢ᠂ ᠳᠣᠪᠣᠶᠢᠮ᠎ᠠ ᠣᠷᠣᠨ ᠪᠠᠶᠢᠷᠢ ᠶᠢᠨ ᠳᠠᠪᠠᠭᠤᠯᠢᠭ ᠲᠠᠢ᠂ | ᠰᠢᠨ᠎ᠡ ᠡᠨᠧᠷᠬᠢ ᠶᠢᠨ ᠠᠵᠤ ᠦᠢᠯᠡᠰ ᠢ ᠬᠦᠭᠵᠢᠬᠦᠯᠬᠦ ᠪᠠᠲᠤ ᠪᠠᠬᠢ ᠰᠠᠭᠤᠷᠢ᠂ ᠯᠣᠳᠣ ᠶᠡᠭᠡ ᠳᠠᠯᠳᠠ ᠬᠦᠴᠦᠨ᠂ | ᠣᠬᠢ ᠰᠠᠶᠢᠨ ᠬᠦᠭᠵᠢᠯᠲᠡ ᠶᠢᠨ ᠰᠠᠷᠠᠭᠤᠯ ᠢᠷᠡᠭᠡᠳᠦᠢ ᠲᠠᠢ ᠪᠤᠯᠬᠤᠷ ᠣᠷᠣᠨ ᠨᠣᠲᠤᠭ ᠠᠵᠤ ᠠᠬᠤᠶᠢᠯᠠᠯ ᠬᠤᠶᠠᠷ | ᠲᠠᠯ᠎ᠠ ᠠᠴᠠ ᠬᠠᠷᠢᠴᠠᠭ᠎ᠠ ᠬᠤᠯᠪᠤᠭ᠎ᠠ ᠪᠠᠨ ᠣᠯᠠᠮ ᠨᠢᠬᠡ ᠠᠯᠬᠤᠮ ᠴᠢᠩᠭᠠᠳᠬᠠᠵᠤ᠂ ᠪᠤᠲᠠᠲᠠᠢ ᠬᠠᠮᠲᠤᠷᠠᠯᠴᠠᠭ᠎ᠠ ᠪᠠᠨ | ᠬᠦᠨᠵᠡᠬᠡᠶᠢᠷᠡᠬᠦᠯᠦᠨ᠂ ᠬᠠᠮᠲᠤᠪᠡᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠬᠦᠯᠬᠦ ᠶᠢ ᠬᠦᠰᠡᠵᠦ ᠪᠠᠶᠢᠨ᠎ᠠ᠃ ᠣᠲᠤᠭ | ᠤᠨ ᠡᠮᠦᠨᠡᠲᠦ ᠬᠤᠰᠢᠭᠤ ᠰᠢᠨᠵᠢᠯᠡᠭᠡ ᠮᠡᠷᠭᠡᠵᠢᠯ᠂ ᠴᠢᠳᠠᠪᠤᠷᠢᠲᠠᠨ ᠵᠡᠷᠭᠡ ᠲᠠᠯ᠎ᠠ ᠶᠢᠨ ᠪᠠᠲᠤᠯᠠᠭ᠎ᠠ ᠪᠠᠨ | ᠴᠢᠩᠭᠠᠳᠬᠠᠵᠤ᠂ ᠠᠵᠤ ᠠᠬᠤᠶᠢᠯᠠᠯ ᠠᠴᠠ ᠣᠷᠣᠨ ᠨᠣᠲᠤᠭ ᠲᠤ ᠪᠡᠯᠡ ᠣᠷᠣᠭᠤᠯᠣᠨ ᠦᠢᠯᠡᠰ ᠪᠦᠲᠦᠬᠡᠬᠦ ᠳᠤ ᠣᠬᠢ | ᠰᠠᠶᠢᠨ ᠣᠷᠴᠢᠨ ᠠᠬᠤᠢ ᠶᠢ ᠪᠤᠢ ᠪᠤᠯᠭᠠᠵᠤ᠂ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ ᠬᠡᠵᠦ ᠬᠡᠯᠡᠭᠰᠡᠨ ᠪᠠᠶᠢᠨ᠎ᠠ᠃ | | ᠯᠢ ᡁᠢ ᠶᠦᠩ ᠠᠴᠠ ᠣᠲᠤᠭ ᠤᠨ ᠡᠮᠦᠨᠡᠲᠦ ᠬᠤᠰᠢᠭᠤᠨ ᠤ ᠳᠡᠮᠵᠢᠯᠭᠡ ᠳᠤ ᠲᠠᠯᠠᠷᠬᠠᠯ ᠢᠶᠠᠨ ᠳᠡᠪᠰᠢᠬᠦᠯᠵᠦ᠂ | ᠠᠵᠤ ᠠᠬᠤᠶᠢᠯᠠᠯ ᠤᠷᠤᠨ ᠨᠤᠲᠤᠭ ᠬᠤᠶᠠᠷ ᠲᠠᠯ᠎ᠠ ᠠᠴᠠ ᠰᠠᠯᠬᠢᠨ ᠤ ᠬᠦᠴᠦᠨ ᠤ ᠴᠠᠬᠢᠯᠭᠠᠨ᠂ ᠨᠠᠷᠠᠨ ᠤ ᠡᠨᠧᠷᠬᠢ | ᠶᠢᠨ ᠠᠵᠤ ᠦᠢᠯᠡᠰ ᠵᠡᠷᠭᠡ ᠲᠠᠯ᠎ᠠ ᠶᠢᠨ ᠬᠠᠷᠢᠯᠴᠠᠭ᠎ᠠ ᠬᠠᠮᠲᠤᠷᠠᠯᠴᠠᠭ᠎ᠠ ᠪᠠᠨ ᠣᠯᠠᠮ ᠨᠢᠬᠡ ᠠᠯᠬᠤᠮ ᠴᠢᠩᠭᠠᠳᠬᠠᠨ᠂ | ᠬᠠᠮᠲᠤᠪᠡᠷ ᠠᠰᠢᠭ ᠬᠦᠷᠲᠡᠬᠦ ᠶᠢ ᠦᠨᠡᠨ ᠬᠦ ᠪᠡᠶᠡᠯᠡᠬᠦᠯᠬᠦ ᠶᠢ ᠬᠦᠰᠡᠵᠦ ᠪᠠᠶᠢᠨ᠎ᠠ ᠬᠡᠵᠦ ᠢᠯᠡᠷᠬᠡᠶᠢᠯᠡᠭᠰᠡᠨ ᠪᠠᠶᠢᠨ᠎ᠠ᠃ | ᠬᠤᠰᠢᠭᠤ ᠣᠳᠣᠷᠢᠳᠣᠯᠭ᠎ᠠ ᠹᠦ᠋ ᠺᠧ᠂ ᠶᠠᠩ ᠵᠢᠢ ᠴᠢᠶᠠᠩ᠂ ᠱᠢ ᠵᠢᠶᠦ᠋ᠨ ᠵᠢᠴᠢ ᠬᠤᠰᠢᠭᠤ ᠰᠢᠭᠤᠳ ᠬᠠᠷᠢᠶ᠎ᠠ | ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠣᠷᠣᠯᠴᠠᠪᠠ᠃ |