6 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 7 ᠣᠳᠠᠭᠠᠨ ᠤ ᠳᠣᠬᠢᠷᠠᠭᠤᠯᠤᠯᠲᠠ ᠶᠢᠨ ᠬᠤᠷᠠᠯ ᠢ | ᠡᠷᠬᠢᠯᠡᠨ ᠬᠤᠷᠠᠯᠳᠣᠭᠤᠯᠪᠠ᠃ | ᠬᠤᠷᠠᠯ ᠠᠴᠠ ᠲᠦᠪ᠂ ᠦᠪᠡᠷᠲᠡᠭᠡᠨ ᠵᠠᠰᠠᠬᠤ ᠤᠷᠤᠨ᠂ ᠣᠷᠳᠣᠰ ᠬᠤᠲᠠ ᠶᠢᠨ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠠᠵᠢᠯ ᠤᠨ ᠵᠢᠭᠠᠪᠤᠷᠢ ᠶᠢᠨ ᠱᠠᠭᠠᠷᠳᠠᠯᠭ᠎ᠠ ᠶᠢ ᠣᠯᠠᠮᠵᠢᠯᠠᠨ ᠰᠣᠷᠣᠯᠴᠠᠵᠤ᠂ ᠪᠦᠬᠦ ᠬᠤᠰᠢᠭᠤᠨ | ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ | ᠰᠣᠨᠣᠰᠣᠨ᠂ ᠳᠠᠷᠠᠭᠠᠴᠢ ᠶᠢᠨ ᠠᠯᠬᠤᠮ ᠤᠨ ᠠᠵᠢᠯ ᠢ ᠳᠠᠬᠢᠨᠲᠠ ᠲᠤᠬᠢᠷᠠᠭᠤᠯᠤᠨ ᠪᠠᠶᠢᠷᠢᠯᠠᠭᠤᠯᠵᠤ | ᠨᠠᠶᠢᠲᠠᠪᠤᠷᠢᠵᠢᠭᠤᠯᠪᠠ᠃ | ᠶᠠᠩ ᠶᠢᠩ ᠰᠢᠨ ᠠᠴᠠ ᠣᠯᠣᠰ ᠲᠦᠷᠦ ᠶᠢᠨ ᠵᠤᠭᠰᠣᠴᠠ ᠪᠠᠨ ᠣᠯᠠᠮ ᠨᠢᠬᠡ ᠠᠯᠬᠤᠮ ᠳᠡᠭᠡᠭᠰᠢᠯᠡᠬᠦᠯᠵᠦ᠂ | ᠳᠡᠭᠡᠳᠦ ᠬᠡᠮᠵᠢᠶᠡᠨ ᠤ ᠰᠡᠷᠡᠮᠵᠢ ᠪᠠᠨ ᠪᠠᠲᠤᠯᠠᠨ᠂ ᠶᠡᠭᠡ ᠳᠠᠩᠰᠠ᠂ ᠪᠦᠬᠦ ᠲᠠᠯ᠎ᠠ ᠶᠢᠨ ᠳᠠᠩᠰᠠ ᠶᠢ ᠢᠯᠡᠬᠦᠬᠡᠨ | ᠪᠣᠳᠣᠵᠣ᠂ ᠪᠠᠭ᠎ᠠ ᠳᠠᠩᠰᠠ᠂ ᠨᠢᠳᠦᠨ ᠡᠮᠦᠨᠡᠬᠢ ᠳᠠᠩᠰᠠ ᠪᠠᠨ ᠲᠤᠲᠠᠭᠤ ᠪᠣᠳᠣᠨ᠂ ︽ᠭᠠᠳᠠᠨ᠎ᠠ ᠠᠴᠠ | ᠬᠠᠯᠳᠠᠪᠤᠷᠢᠯᠠᠬᠤ ᠶᠢ ᠰᠡᠷᠬᠡᠶᠢᠯᠡᠨ᠂ ᠲᠤᠲᠤᠨ᠎ᠠ ᠪᠠᠨ ᠳᠠᠬᠢᠨ ᠳᠡᠯᠭᠡᠷᠡᠬᠦ ᠶᠢ ᠰᠡᠷᠬᠡᠶᠢᠯᠡᠬᠦ︾ ᠶᠡᠷᠦᠩᠬᠡᠢ ᠠᠷᠭ᠎ᠠ | ᠪᠤᠳᠤᠯᠭ᠎ᠠ ᠪᠠ ︽ᠬᠦᠳᠡᠯᠦᠩᠭᠦᠢ ᠪᠠᠶᠢᠳᠠᠯ ᠢᠶᠠᠷ ᠲᠡᠭ ᠪᠤᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠬᠡᠢ | ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠠᠶᠢᠲᠤᠷ ᠰᠡᠷᠬᠡᠶᠢᠯᠡᠵᠦ᠂ ᠠᠵᠤ ᠠᠬᠤᠢ ᠪᠠᠨ ᠲᠤᠭᠲᠠᠪᠤᠷᠢᠵᠢᠭᠤᠯᠤᠨ᠂ | ᠠᠮᠣᠷ ᠲᠤᠭᠲᠠᠭᠤᠨ ᠢᠶᠠᠷ ᠬᠦᠭᠵᠢᠬᠦ︾ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠪᠤᠭᠤᠮᠳᠠ ᠶᠢ ᠪᠠᠲᠤ ᠡᠵᠡᠮᠳᠡᠨ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠣ᠂ ᠭᠠᠳᠠᠭᠠᠲᠤ ᠳᠠᠬᠢ | ᠰᠡᠷᠬᠡᠶᠢᠯᠡᠨ ᠡᠵᠡᠮᠳᠡᠯ᠂ ᠲᠤᠲᠤᠭᠠᠲᠤ ᠳᠠᠬᠢ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠭᠤᠤᠯᠳᠠᠯᠭᠠᠲᠤ ᠭᠠᠵᠠᠷ | ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠦᠮᠦᠰ ᠢ ᠦᠳᠲᠡᠷ ᠲᠦᠷᠭᠡᠨ ᠮᠦᠷᠳᠡᠨ ᠪᠠᠶᠢᠴᠠᠭᠠᠵᠤ᠂ | ᠰᠣᠷᠭᠠᠭᠤᠯᠢ᠂ ᠡᠳ᠋ ᠪᠠᠷᠠᠭᠠᠨ ᠤ ᠬᠦᠢᠯᠭᠡᠭᠡ ᠵᠡᠷᠭᠡ ᠭᠤᠤᠯᠳᠠᠯᠭᠠᠲᠤ ᠣᠷᠣᠨ ᠪᠦᠰᠡ ᠪᠠ ᠲᠠᠯᠠᠪᠤᠷ ᠲᠤ ᠠᠩᠬᠠᠷᠤᠯ | ᠢᠶᠠᠨ ᠲᠦᠪᠯᠡᠷᠡᠬᠦᠯᠦᠨ᠂ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠯᠢᠭ ᠤᠨᠤᠪᠴᠢᠲᠠᠢ ᠪᠠᠷ | ᠨᠠᠶᠢᠲᠠᠪᠤᠷᠢᠵᠢᠭᠤᠯᠬᠤ ᠶᠢᠨ ᠬᠠᠮᠲᠤ ᠸᠠᠺᠽᠢᠨ ᠲᠠᠷᠢᠯᠲᠠ᠂ ᠳᠣᠮᠳᠠ ᠳᠡᠭᠡᠳᠦ ᠰᠣᠷᠭᠠᠭᠤᠯᠢ ᠶᠢᠨ ᠰᠢᠯᠭᠠᠯᠲᠠ ᠶᠢᠨ | ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠳᠠᠪᠤᠷᠢ ᠶᠢᠨ | ᠪᠠᠶᠢᠭᠤᠯᠤᠯᠲᠠ ᠪᠠᠨ ᠳᠠᠬᠢᠨᠲᠠ ᠳᠡᠭᠡᠭᠰᠢᠯᠡᠬᠦᠯᠵᠦ᠂ ᠣᠷᠣᠵᠣ ᠭᠠᠷᠬᠤ ᠬᠦᠮᠦᠰ ᠤᠨ ᠮᠦᠷᠳᠡᠨ ᠪᠠᠶᠢᠴᠠᠭᠠᠯᠲᠠ᠂ | ᠳᠠᠬᠤᠯ ᠡᠪᠡᠳᠴᠢᠨ ᠤ ᠰᠣᠳᠣᠯᠣᠯ ᠤᠨ ᠮᠦᠷᠳᠡᠨ ᠪᠠᠶᠢᠴᠠᠭᠠᠯᠲᠠ᠂ ᠪᠦᠬᠡᠮ ᠬᠦᠴᠢᠯ ᠤᠨ ᠪᠠᠶᠢᠴᠠᠭᠠᠯᠲᠠ᠂ | ᠲᠤᠰᠠᠭᠠᠷᠯᠠᠯᠲᠠ ᠶᠢᠨ ᠬᠢᠨᠠᠨ ᠬᠠᠮᠢᠶᠠᠷᠤᠯᠲᠠ᠂ ᠡᠳ᠋ ᠪᠠᠷᠠᠭᠠᠨ ᠤ ᠪᠠᠲᠤᠯᠠᠭ᠎ᠠ ᠵᠡᠷᠭᠡ ᠭᠤᠤᠯᠳᠠᠯᠭᠠᠲᠤ ᠲᠠᠯ᠎ᠠ ᠳᠤ | ᠠᠩᠬᠠᠷᠤᠯ ᠢᠶᠠᠨ ᠲᠦᠪᠯᠡᠷᠡᠬᠦᠯᠦᠨ᠂ ᠳᠦᠬᠦᠮ ᠳᠦᠳᠡ ᠵᠢᠯᠤᠭᠤᠳᠤᠯᠭ᠎ᠠ ᠶᠢᠨ ᠰᠢᠰᠲ᠋ᠧᠮ ᠢ ᠪᠠᠶᠢᠭᠤᠯᠤᠨ | ᠳᠡᠭᠦᠯᠳᠡᠷᠵᠢᠬᠦᠯᠵᠦ᠂ ᠬᠠᠷᠢᠭᠤᠴᠠᠯᠭ᠎ᠠ ᠶᠢᠨ ᠨᠠᠶᠢᠲᠠᠪᠤᠷᠢᠵᠢᠭᠤᠯᠤᠯᠲᠠ ᠪᠠ ᠳᠦᠷᠢᠮ ᠤᠨ ᠬᠡᠷᠡᠭᠵᠢᠬᠦᠯᠦᠯᠲᠡ ᠶᠢ | ᠴᠢᠩᠭᠠᠳᠬᠠᠨ᠂ ᠠᠵᠢᠯ ᠤᠨ ᠱᠠᠭᠠᠷᠳᠠᠨ ᠪᠠᠶᠢᠴᠠᠭᠠᠯᠲᠠ ᠬᠢᠨᠠᠨ ᠵᠢᠯᠤᠭᠤᠳᠤᠯᠭ᠎ᠠ ᠪᠠᠨ ᠦᠷᠬᠦᠯᠵᠢᠯᠡᠨ ᠴᠢᠩᠭᠠᠳᠬᠠᠬᠤ | ᠬᠡᠷᠡᠭᠲᠡᠢ᠃ ᠬᠢᠵᠢᠭ ᠤᠨ ᠪᠠᠶᠢᠳᠠᠯ ᠤᠨ ᠰᠡᠷᠬᠡᠶᠢᠯᠡᠨ ᠡᠵᠡᠮᠳᠡᠯ ᠪᠠ ᠠᠵᠤ ᠠᠬᠤᠢ ᠨᠡᠶᠢᠬᠡᠮ ᠤᠨ ᠬᠦᠭᠵᠢᠯᠲᠡ ᠶᠢ | ᠨᠢᠭᠡᠳᠦᠯᠲᠡᠢ ᠲᠦᠯᠦᠪᠵᠢᠬᠦᠯᠵᠦ᠂ ᠬᠤᠶᠠᠳᠣᠭᠠᠷ ᠣᠯᠠᠷᠢᠯ ᠳᠤ ᠪᠦᠬᠦ ᠬᠦᠴᠦᠨ ᠢᠶᠠᠷ ᠰᠢᠪᠲᠤᠯᠤᠨ᠂ ᠳᠡᠭᠡᠳᠦ ᠬᠠᠭᠠᠰ | ᠵᠢᠯ ᠳᠤ ᠰᠢᠢᠳᠪᠦᠷᠢᠲᠦ ᠢᠯᠠᠯᠲᠠ ᠣᠯᠵᠣ᠂ ᠠᠵᠤ ᠠᠬᠤᠢ ᠶᠢᠨ ᠬᠦᠢᠴᠡᠳᠬᠡᠯ ᠲᠤᠭ᠎ᠠ ᠪᠠ ᠵᠢᠯ ᠤᠨ ᠡᠬᠢᠨ ᠳᠤ | ᠲᠤᠭᠲᠠᠭᠠᠭᠰᠠᠨ ᠡᠬᠦᠷᠭᠡ ᠶᠢᠨ ︽ᠬᠤᠤᠰ ᠠᠬᠢᠴᠠ︾ ᠶᠢ ᠪᠡᠶᠡᠯᠡᠬᠦᠯᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃ | ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠬᠠᠮᠢᠶ᠎ᠠ ᠪᠦᠬᠦᠢ ᠳᠡᠳ᠋ | ᠶᠡᠷᠦᠩᠬᠡᠢ ᠵᠢᠯᠤᠭᠤᠳᠤᠭᠴᠢ᠂ ᠡᠯ᠎ᠡ ᠪᠠᠯᠭᠠᠰᠣ᠂ ᠬᠤᠰᠢᠭᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠵᠢᠯᠤᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ |