ᠣᠷᠳᠣᠰ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠲᠡᠷᠢᠬᠦᠯᠡᠭᠴᠢ ᠭᠤᠤ ᠵᠡᠨ ᠱᠧᠩ ᠮᠠᠨ ᠤ ᠬᠤᠰᠢᠭᠤᠨ ᠳᠤ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2022/6/9
    6 ᠰᠠᠷ᠎ᠠ ᠶᠢᠨ 6 ᠤ ᠡᠳᠦᠷ ᠠᠴᠠ 7 ᠤ ᠡᠳᠦᠷ ᠪᠤᠯᠲᠠᠯ᠎ᠠ᠂ ᠣᠷᠳᠣᠰ ᠬᠤᠲᠠ ᠶᠢᠨ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠲᠡᠷᠢᠬᠦᠯᠡᠭᠴᠢ ᠭᠤᠤ ᠵᠡᠨ ᠱᠧᠩ ᠨᠠᠷ ᠮᠠᠨ ᠤ ᠬᠤᠰᠢᠭᠤᠨ ᠳᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠵᠦᠪᠯᠡᠬᠦ ᠠᠵᠢᠯ ᠢ ᠦᠨᠳᠦᠰᠦᠨ ᠱᠠᠲᠣᠨ ᠳᠤ ᠬᠦᠨᠵᠡᠬᠡᠶᠢᠷᠡᠬᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠣᠳᠣᠯᠣᠯᠲᠠ ᠬᠢᠪᠡ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠲᠡᠷᠢᠬᠦᠯᠡᠭᠴᠢ ᠲᠤᠳᠢ ᠵᠡᠷᠭᠡ ᠬᠤᠰᠢᠭᠤ ᠣᠳᠣᠷᠢᠳᠣᠯᠭ᠎ᠠ ᠬᠠᠮᠲᠤ ᠪᠠᠶᠢᠴᠠᠭᠠᠨ ᠰᠣᠳᠣᠯᠪᠠ᠃     ᠭᠤᠤ ᠵᠠᠨ ᠱᠧᠩ ᠨᠠᠷ ᠣᠷᠢᠳ ᠬᠤᠵᠢᠳ ᠣᠯᠵᠠᠴᠢ ᠪᠠᠯᠭᠠᠰᠣᠨ ᠤ ᠰᠠᠶᠢᠬᠠᠨ ᠨᠡᠶᠢᠬᠡᠮ ᠲᠤᠭᠤᠷᠢᠭ᠂ ᠡᠾᠧᠩ ᠰᠢᠨ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠡ ᠦᠵᠡᠬᠦᠯᠬᠦ ᠠᠵᠤ ᠦᠢᠯᠡᠰ ᠤᠨ  ᠬᠦᠷᠢᠶᠡᠯᠡᠩ᠂ ᠶᠡᠭᠡ ᠲᠤᠯᠤᠨ ᠲᠤᠰᠬᠤᠨ ᠤ ᠬᠠᠮᠲᠤ ᠶᠢᠨ ᠠᠵᠤ ᠠᠬᠤᠢ ᠶᠢᠨ ᠰᠠᠭᠤᠷᠢᠨ ᠭᠠᠵᠠᠷ᠂ ᠳᠠᠬᠢᠯᠲᠤ ᠨᠡᠶᠢᠬᠡᠮ ᠲᠤᠭᠤᠷᠢᠭ ᠪᠠ ᠨᠠᠩᠰᠣ ᠪᠠᠯᠭᠠᠰᠣᠨ ᠤ ᠬᠠᠷᠭᠠᠨᠠᠲᠤ ᠭᠠᠴᠠᠭᠠᠨ ᠤ ᠰᠠᠭᠤᠷᠢᠨ ᠭᠠᠵᠠᠷ᠂ ᠦᠨᠳᠦᠷ ᠪᠠᠷᠢᠮᠵᠢᠶᠠᠲᠤ ᠠᠯᠠᠰᠢᠨ ᠮᠠᠯ ᠤᠨ ᠲᠡᠵᠢᠬᠡᠪᠦᠷᠢ ᠶᠢᠨ ᠬᠦᠷᠢᠶᠡᠯᠡᠩ ᠲᠤᠭᠤᠷᠢᠭ᠂ ᠵᠢᠶᠠ ᠡᠾᠧ ᠲᠢᠶᠡᠨ ᠬᠤᠸᠠ ᠣᠷᠴᠢᠨ ᠬᠠᠮᠠᠭᠠᠯᠠᠯᠲᠠ ᠶᠢᠨ ᠲᠤᠭᠤᠰᠬ᠎ᠠ ᠦᠢᠯᠡᠳᠬᠦ ᠦᠢᠯᠡᠳᠪᠦᠷᠢ ᠵᠢᠴᠢ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠤᠨ ᠪᠠᠶᠢᠭᠤᠯᠤᠯᠲᠠ ᠶᠢᠨ ᠭᠠᠵᠠᠷ ᠲᠤ ᠬᠦᠷᠴᠦ᠂ ᠮᠠᠨ ᠤ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠵᠦᠪᠯᠡᠬᠦ ᠠᠵᠢᠯ ᠢ ᠦᠨᠳᠦᠰᠦᠨ ᠱᠠᠲᠣᠨ ᠳᠤ ᠬᠦᠨᠵᠡᠬᠡᠶᠢᠷᠡᠬᠦᠯᠦᠭᠰᠡᠨ ᠪᠠᠶᠢᠳᠠᠯ ᠢ ᠣᠶᠢᠯᠠᠭᠠᠪᠠ᠃     ᠭᠤᠤ ᠵᠠᠨ ᠱᠧᠩ ᠠᠴᠠ ᠮᠠᠨ ᠤ ᠬᠤᠰᠢᠭᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠵᠦᠪᠯᠡᠬᠦ ᠠᠵᠢᠯ ᠢ ᠦᠨᠳᠦᠰᠦᠨ ᠱᠠᠲᠣᠨ ᠳᠤ ᠬᠦᠨᠵᠡᠬᠡᠶᠢᠷᠡᠬᠦᠯᠦᠭᠰᠡᠨ ᠪᠠᠶᠢᠳᠠᠯ ᠢ ᠬᠦᠢᠴᠡᠳ ᠨᠣᠲᠠᠯᠠᠪᠠ᠃ ᠲᠡᠷᠡ᠂ ᠣᠲᠤᠭ ᠤᠨ ᠡᠮᠦᠨᠡᠲᠦ ᠬᠤᠰᠢᠭᠤ ᠦᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠪᠠ ᠪᠠᠲᠤ ᠪᠠᠬᠢ ᠠᠵᠤ ᠦᠢᠯᠡᠰ ᠤᠨ ᠰᠠᠭᠤᠷᠢ ᠲᠠᠢ ᠪᠤᠯᠬᠤᠷ ᠣᠯᠣᠰ ᠤᠨ       ︽ᠬᠤᠰᠢᠭᠤ ᠰᠢᠶᠡᠨ ᠤ ᠴᠢᠨᠡᠭᠡᠯᠢᠭᠵᠢᠯ ᠤᠨ ᠠᠵᠤ ᠦᠢᠯᠡᠰ ᠢ ᠶᠡᠬᠡᠪᠡᠷ ᠬᠦᠭᠵᠢᠬᠦᠯᠬᠦ︾ ᠠᠵᠠ ᠲᠤᠬᠢᠶᠠᠯ ᠢ ᠴᠢᠩᠭ᠎ᠠ ᠡᠵᠡᠮᠳᠡᠵᠦ᠂ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠢ ᠲᠤᠬᠠᠢ ᠶᠢᠨ ᠭᠠᠵᠠᠷ ᠲᠤᠨᠢ ᠲᠤᠬᠢᠷᠠᠭᠤᠯᠵᠤ ᠬᠦᠭᠵᠢᠬᠦᠯᠦᠨ᠂ ᠣᠳᠣ ᠪᠠᠶᠢᠭ᠎ᠠ ᠠᠵᠤ ᠦᠢᠯᠡᠰ ᠤᠨ ᠬᠡᠯᠬᠢᠶᠡᠵᠢᠯ ᠪᠠ ᠦᠷᠲᠡᠭ ᠤᠨ ᠬᠡᠯᠬᠢᠶᠡᠵᠢᠯ ᠢ  ᠣᠷᠲᠣᠳᠬᠠᠵᠤ᠂ ᠬᠤᠰᠢᠭᠤᠨ ᠤ ᠣᠷᠣᠨ ᠪᠦᠰᠡ ᠳᠤ ᠪᠠᠨ ᠣᠷᠣᠯᠴᠠᠬᠤ ᠨᠣᠷᠮ᠎ᠠ ᠪᠠᠷ ᠦᠨᠳᠦᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠬᠤᠲᠠ ᠬᠦᠳᠡᠭᠡ ᠪᠠ ᠨᠢᠬᠡ᠂ ᠬᠤᠶᠠᠷ᠂ ᠭᠤᠷᠪᠠᠳᠣᠭᠠᠷ ᠠᠵᠤ ᠦᠢᠯᠡᠰ ᠢ ᠠᠭᠤᠰᠤᠯᠴᠠᠭᠤᠯᠤᠭᠰᠠᠨ ᠠᠵᠤ ᠦᠢᠯᠡᠰ ᠤᠨ ᠰᠢᠰᠲ᠋ᠧᠮ ᠢ ᠪᠦᠷᠢᠯᠳᠦᠬᠦᠯᠦᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠪᠡᠷᠮᠢᠴᠡ ᠤᠨᠴᠠᠯᠢᠭᠲᠤ ᠬᠦᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠵᠦᠪᠯᠡᠬᠦ ᠠᠵᠢᠯ ᠢ ᠦᠨᠳᠦᠰᠦᠨ ᠱᠠᠲᠣᠨ ᠳᠤ ᠬᠦᠨᠵᠡᠬᠡᠶᠢᠷᠡᠬᠦᠯᠬᠦ ᠳᠣᠮᠳᠠ ᠳᠠᠬᠢᠨᠲᠠ ᠰᠢᠨᠡᠴᠢᠯᠡᠵᠦ ᠳᠠᠬᠢᠨᠲᠠ  ᠦᠢᠯᠡᠳᠦᠯᠬᠡᠵᠢᠬᠦᠯᠦᠨ᠂ ᠳᠠᠬᠢᠨᠲᠠ ᠳᠡᠬᠦᠯᠳᠡᠷᠵᠢᠬᠦᠯᠵᠦ ᠳᠠᠬᠢᠨᠲᠠ ᠳᠡᠭᠡᠭᠰᠢᠯᠡᠬᠦᠯᠦᠨ᠂ ᠰᠠᠶᠢᠨ ᠲᠤᠷᠰᠢᠯᠭ᠎ᠠ᠂ ᠠᠷᠭ᠎ᠠ᠂ ᠲᠤᠭᠲᠠᠴᠠ ᠶᠢ ᠴᠠᠭ ᠲᠤᠬᠠᠢ ᠳᠤᠨᠢ ᠳ᠋ᠦᠩᠨᠡᠨ ᠪᠤᠯᠪᠠᠰᠣᠷᠠᠭᠤᠯᠵᠤ᠂ ᠮᠦᠷᠳᠡᠵᠦ ᠳᠡᠭᠦᠯᠳᠡᠷᠵᠢᠬᠦᠯᠦᠨ᠂ ᠳᠣᠭᠢᠷᠠᠮᠵᠢᠲᠠᠢ ᠬᠤᠭᠤᠴᠠᠭᠠᠨ ᠳᠤ ᠲᠦᠬᠡᠮᠡᠯᠵᠢᠬᠦᠯᠵᠦ᠂ ᠨᠡᠩ ᠢᠯᠡ ᠲᠤᠲᠤ ᠦᠪᠡᠷᠮᠢᠴᠡ ᠣᠨᠴᠠᠯᠢᠭ ᠪᠠ ᠠᠮᠵᠢᠯᠲᠠ ᠪᠦᠲᠦᠮᠵᠢ ᠶᠢ ᠪᠤᠢ ᠪᠤᠯᠭᠠᠵᠤ᠂ ᠨᠡᠩ ᠢᠳᠡᠪᠬᠢ ᠠᠬᠢᠴᠠ ᠪᠠ ᠦᠷ᠎ᠡ ᠪᠦᠲᠦᠮᠵᠢ ᠶᠢ ᠣᠯᠣᠨ᠂ ᠣᠯᠣᠰ ᠲᠦᠷᠦ ᠶᠢᠨ ᠵᠦᠪᠯᠡᠯᠭᠡᠨ ᠤ ᠳᠦᠷᠢᠮ ᠤᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠪᠤᠲᠠᠲᠤ ᠪᠦᠲᠦᠮᠵᠢ ᠪᠤᠯᠭᠠᠨ ᠬᠤᠪᠢᠷᠠᠭᠤᠯᠬᠤ ᠶᠢ ᠦᠨᠡᠨ ᠬᠦ ᠪᠡᠶᠡᠯᠡᠬᠦᠯᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号