ᠶᠠᠩ ᠶᠢᠩ ᠰᠢᠨ ᠪᠦᠬᠦ ᠬᠤᠰᠢᠭᠤᠨ ᠤ ᠦᠶᠡᠷ ᠰᠡᠷᠬᠡᠶᠢᠯᠡᠯᠲᠡ ᠶᠢᠨ ᠪᠡᠯᠡᠳᠬᠡᠯ ᠠᠵᠢᠯ ᠢ ᠬᠢᠨᠠᠨ ᠪᠠᠶᠢᠴᠠᠭᠠᠵᠤ ᠦᠶᠡᠷ ᠢ ᠰᠡᠷᠬᠡᠶᠢᠯᠡᠬᠦ ᠠᠷᠭ᠎ᠠ ᠠᠪᠴᠠᠯ ᠢᠶᠠᠨ ᠦᠳᠲᠡᠷ ᠨᠠᠶᠢᠲᠠᠪᠤᠷᠢᠵᠢᠭᠤᠯᠪᠠ
ᠨᠡᠶᠢᠲᠡᠯᠡᠭᠰᠡᠨ ᠴᠠᠭ᠄
2022/7/12
    7 ᠰᠠᠷ᠎ᠠ ᠶᠢᠨ 10 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠦᠶᠡᠷ ᠰᠡᠷᠬᠡᠶᠢᠯᠡᠯᠲᠡ ᠶᠢᠨ ᠪᠡᠯᠡᠳᠬᠡᠯ ᠠᠵᠢᠯ ᠤᠨ ᠪᠠᠴᠢᠮ ᠸᠢᠳᠢᠤ᠋ ᠬᠤᠷᠠᠯ ᠤᠨ ᠳᠠᠷᠠᠭ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠬᠤᠰᠢᠭᠤ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠤᠭᠴᠢ ᠶᠠᠩ ᠶᠢᠩ ᠰᠢᠨ ᠬᠠᠮᠢᠶ᠎ᠠ ᠪᠦᠬᠦᠢ ᠰᠠᠯᠠᠭ᠎ᠠ ᠮᠦᠴᠢᠷ ᠢᠶᠠᠨ ᠵᠤᠬᠢᠶᠠᠨ ᠪᠠᠶᠢᠭᠤᠯᠵᠤ᠂ ᠪᠦᠬᠦ ᠬᠤᠰᠢᠭᠤᠨ ᠤ ᠦᠶᠡᠷ ᠢ ᠰᠡᠷᠬᠡᠶᠢᠯᠡᠬᠦ ᠭᠤᠤᠯᠳᠠᠯᠭᠠᠲᠤ ᠠᠵᠢᠯ ᠢ ᠳᠠᠬᠢᠨᠲᠠ ᠪᠠᠶᠢᠴᠠᠭᠠᠨ᠂ ᠳᠠᠬᠢᠨᠲᠠ ᠪᠠᠶᠢᠷᠢᠯᠠᠭᠤᠯᠤᠨ ᠨᠠᠶᠢᠲᠠᠪᠤᠷᠢᠵᠢᠭᠤᠯᠪᠠ᠃     ᠶᠠᠩ ᠶᠢᠩ ᠰᠢᠨ ᠣᠷᠢᠳ ᠬᠤᠵᠢᠳ ᠬᠤᠰᠢᠭᠤ ᠳ᠋ᠠᠶᠢᠲ᠋ᠠ ᠲᠦᠪ᠂ ᠣᠰᠣᠨ ᠠᠰᠢᠭᠯᠠᠯᠲᠠ ᠶᠢᠨ ᠲᠤᠪᠴᠢᠶ᠎ᠠ᠂ ᠬᠤᠲᠠ ᠪᠠᠯᠭᠠᠰᠣᠨ ᠤ ᠬᠤᠲᠤᠭᠤᠷ ᠵᠠᠮ ᠤᠨ ᠠᠬᠤᠢ ᠲᠠᠯᠠᠪᠠᠢ ᠳᠤ ᠬᠦᠷᠴᠦ ᠪᠦᠬᠦ ᠬᠤᠰᠢᠭᠤᠨ ᠤ ᠦᠶᠡᠷ ᠰᠡᠷᠬᠡᠶᠢᠯᠡᠯᠲᠡ ᠶᠢᠨ ᠪᠡᠯᠡᠳᠬᠡᠯ ᠠᠵᠢᠯ ᠢ ᠵᠢᠯᠤᠭᠤᠳᠤᠨ ᠲᠤᠬᠢᠷᠠᠭᠤᠯᠪᠠ᠃     ᠬᠤᠰᠢᠭᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠤᠯᠭ᠎ᠠ ᠲᠤᠬᠢᠷᠠᠭᠤᠯᠤᠯᠲᠠ ᠶᠢᠨ ᠲᠦᠪ᠂ ᠣᠶᠣᠨᠴᠢ ᠣᠰᠣᠨ ᠠᠰᠢᠭᠯᠠᠯᠲᠠ ᠶᠢᠨ ᠲᠣᠬᠢᠷᠠᠭᠤᠯᠤᠯᠲᠠ ᠶᠢᠨ ᠲᠦᠪ ᠲᠤ᠂ ᠶᠠᠩ ᠶᠢᠩ ᠰᠢᠨ ᠠᠴᠠ ᠪᠦᠬᠦ ᠬᠤᠰᠢᠭᠤᠨ ᠤ ᠴᠠᠭ ᠠᠭᠤᠷ ᠤᠨ ᠡᠬᠦᠯᠡᠨ ᠵᠢᠷᠤᠭ᠂ ᠣᠰᠣᠨ ᠠᠰᠢᠭᠯᠠᠯᠲᠠ ᠶᠢᠨ ᠦᠶᠡᠷ ᠰᠡᠷᠬᠡᠶᠢᠯᠡᠯᠲᠡ ᠶᠢᠨ ᠳᠦᠬᠦᠬᠡᠷᠦᠮᠵᠢ ᠶᠢᠨ ᠡᠵᠡᠩᠨᠡᠯᠲᠡ᠂ ᠬᠤᠲᠠ ᠪᠠᠯᠭᠠᠰᠣᠨ ᠤ ᠦᠶᠡᠷ ᠣᠰᠣᠳᠣᠯ ᠤᠨ ᠪᠤᠲᠠᠲᠠᠢ ᠪᠠᠶᠢᠳᠠᠯ ᠢ ᠪᠠᠶᠢᠴᠠᠭᠠᠨ ᠦᠵᠡᠵᠦ᠂ 24 ᠴᠠᠭ ᠵᠢᠵᠢᠬᠦᠷᠯᠡᠨ ᠰᠠᠬᠢᠬᠤ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠵᠢᠴᠢ ᠦᠶᠡᠷᠯᠡᠬᠦ ᠬᠤᠭᠤᠴᠠᠭ᠎ᠠ ᠶᠢ ᠲᠤᠭᠤᠯᠬᠤ ᠠᠷᠭ᠎ᠠ ᠠᠪᠴᠠᠯ ᠤᠨ ᠨᠠᠶᠢᠲᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠡᠯ᠎ᠡ ᠪᠠᠯᠭᠠᠰᠣᠨ  ᠤ ᠦᠶᠡᠷ ᠢ ᠰᠡᠷᠬᠡᠶᠢᠯᠡᠬᠦ ᠵᠢᠯᠤᠭᠤᠳᠬᠤ ᠭᠠᠵᠠᠷ ᠯᠤᠭ᠎ᠠ ᠸᠢᠳᠢᠣ᠋ ᠪᠠᠷ ᠬᠠᠷᠢᠯᠴᠠᠪᠠ᠃     ᠶᠠᠩ ᠶᠢᠩ ᠰᠢᠨ ᠠᠴᠠ ᠦᠶᠡᠷ ᠣᠰᠣᠳᠣᠯ ᠤᠨ ᠪᠠᠶᠢᠳᠠᠯ ᠪᠤᠯ ᠵᠠᠷᠯᠢᠭ᠂ ᠦᠶᠡᠷ ᠣᠰᠣᠳᠣᠯ ᠢ ᠰᠡᠷᠬᠡᠶᠢᠯᠡᠬᠦ ᠪᠤᠯ ᠡᠬᠦᠷᠭᠡ ᠬᠠᠷᠢᠭᠤᠴᠠᠯᠭ᠎ᠠ ᠪᠤᠯᠤᠨ᠎ᠠ᠂ ᠦᠶᠡᠷ ᠣᠰᠣᠳᠣᠯ ᠢ ᠰᠡᠷᠬᠡᠶᠢᠯᠡᠬᠦ ᠠᠵᠢᠯ ᠠᠷᠠᠳ ᠣᠯᠠᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ᠂ ᠨᠠᠶᠢᠬᠡᠮ ᠤᠨ ᠠᠮᠣᠷ ᠲᠤᠭᠲᠠᠭᠤᠨ ᠲᠠᠢ ᠬᠤᠯᠪᠤᠭᠳᠠᠬᠤ ᠪᠤᠯᠬᠤᠷ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠬᠤᠲᠠ ᠶᠢᠨ ᠵᠠᠰᠠᠭ ᠤᠨ ᠣᠷᠳᠣᠨ ᠤ ᠦᠶᠡᠷ ᠰᠡᠷᠬᠡᠶᠢᠯᠡᠯᠲᠡ ᠶᠢᠨ ᠪᠡᠯᠡᠳᠬᠡᠯ ᠠᠵᠢᠯ ᠤᠨ ᠪᠠᠴᠢᠮ ᠸᠢᠳᠢᠤ᠋ ᠬᠤᠷᠠᠯ ᠤᠨ ᠪᠠᠶᠢᠷᠢᠯᠠᠭᠤᠯᠤᠯᠲᠠ ᠶᠢᠨ ᠴᠢᠩᠭ᠎ᠠ ᠱᠠᠭᠠᠷᠳᠠᠯᠭ᠎ᠠ ᠶᠤᠰᠤᠭᠠᠷ᠂ ᠦᠵᠡᠯᠲᠡ ᠲᠠᠨᠢᠯᠲᠠ ᠪᠠᠨ ᠣᠯᠠᠮ ᠳᠡᠭᠡᠭᠰᠢᠯᠡᠬᠦᠯᠵᠦ᠂ ᠬᠤᠷᠢᠭ᠎ᠠ ᠱᠣᠭᠤᠮ ᠤᠨ ᠰᠡᠳᠬᠢᠬᠦᠢ ᠪᠠᠨ ᠪᠠᠷᠢᠮᠲᠠᠯᠠᠨ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠡᠷᠡᠰ ᠴᠢᠩᠭ᠎ᠠ ᠪᠠᠷ ᠵᠢᠵᠢᠬᠦᠷᠯᠡᠵᠦ ᠰᠠᠬᠢᠨ᠂ ᠦᠶᠡᠷ ᠰᠡᠷᠬᠡᠶᠢᠯᠡᠯᠲᠡ ᠶᠢᠨ ᠳᠠᠯᠳᠠ ᠬᠡᠮ ᠤᠨ ᠪᠠᠶᠢᠴᠠᠭᠠᠯᠲᠠ ᠴᠡᠭᠴᠡᠯᠡᠯᠲᠡ ᠶᠢ ᠦᠷᠬᠦᠯᠵᠢᠯᠡᠨ ᠶᠠᠪᠤᠭᠳᠠᠭᠤᠯᠵᠤ᠂ ᠦᠶᠡᠷ ᠢ ᠰᠡᠷᠬᠡᠶᠢᠯᠡᠬᠦ ᠠᠵᠢᠯ ᠤᠨ ᠡᠬᠦᠷᠭᠡ ᠬᠠᠷᠢᠭᠤᠴᠠᠯᠭ᠎ᠠ ᠶᠢ ᠪᠤᠲᠠᠲᠠᠶᠢᠵᠢᠭᠤᠯᠬᠤ ᠬᠡᠷᠡᠭᠲᠡᠢ︔ ᠪᠤᠷᠤᠭᠠᠨ᠂ ᠦᠶᠡᠷ ᠤᠨ ᠪᠠᠶᠢᠳᠠᠯ ᠢ ᠨᠢᠭᠲᠠ ᠠᠩᠬᠠᠷᠣᠨ᠂ ᠬᠤᠷᠠᠯ ᠤᠨ ᠱᠠᠭᠠᠷᠳᠠᠯᠭ᠎ᠠ ᠶᠤᠰᠤᠭᠠᠷ᠂ ᠦᠶᠡᠷ ᠢ ᠰᠡᠷᠬᠡᠶᠢᠯᠡᠨ ᠠᠶᠤᠯ ᠠᠴᠠ ᠠᠪᠤᠷᠠᠬᠤ ᠡᠩᠨᠡᠭᠡ ᠪᠠ ᠡᠳ᠋ ᠪᠠᠷᠠᠭ᠎ᠠ ᠪᠠᠨ ᠬᠦᠢᠴᠡᠳ ᠪᠡᠯᠡᠳᠬᠡᠵᠦ᠂ ᠣᠷᠢᠳᠴᠢᠯᠠᠨ ᠲᠤᠬᠢᠷᠠᠭᠤᠯᠵᠦ ᠦᠳᠲᠡᠷ ᠬᠦᠳᠡᠯᠦᠯᠴᠡᠬᠦ ᠬᠡᠷᠡᠭᠲᠡᠢ︔ ᠲᠤᠭᠠᠴᠠᠯᠠᠭᠰᠠᠨ ᠴᠢᠳᠠᠪᠬᠢ ᠪᠠᠨ ᠴᠢᠩᠭᠠᠳᠬᠠᠨ᠂ ᠦᠶᠡᠷ ᠢ ᠰᠡᠷᠬᠡᠶᠢᠯᠡᠬᠦ ᠣᠶᠣᠨᠴᠢ ᠵᠢᠯᠤᠭᠤᠳᠤᠯᠭ᠎ᠠ ᠶᠢᠨ ᠰᠢᠰᠲ᠋ᠧᠮ ᠤᠨ ᠠᠯᠣᠰ ᠡᠵᠡᠮᠳᠡᠯ ᠤᠨ ᠬᠡᠷᠡᠭᠯᠡᠯᠲᠡ ᠶᠢ ᠲᠦᠷᠬᠡᠳᠬᠡᠵᠦ᠂ ᠦᠶᠡᠷ ᠢ ᠰᠡᠷᠬᠡᠶᠢᠯᠡᠬᠦ ᠰᠢᠢᠳᠪᠦᠷᠢᠲᠦ ᠪᠤᠳᠤᠯᠭ᠎ᠠ᠂ ᠵᠢᠯᠤᠭᠤᠳᠣᠯᠭ᠎ᠠ᠂ ᠲᠤᠬᠢᠷᠠᠭᠤᠯᠤᠯᠲᠠ ᠶᠢ ᠨᠡᠩ ᠣᠶᠣᠨᠴᠢ᠂ ᠰᠢᠭᠤᠳ᠂ ᠪᠦᠬᠦ ᠲᠠᠯ᠎ᠠ  ᠶᠢᠨ ᠪᠤᠯᠭᠠᠬᠤ ᠶᠢ ᠪᠠᠲᠤᠯᠠᠬᠤ ᠬᠡᠷᠡᠭᠲᠡᠢ︔ ᠺᠠᠳ᠋ᠷᠴᠣᠳ ᠠᠴᠠ ᠲᠦᠷᠦᠬᠦᠯᠡᠨ ᠵᠢᠯᠤᠭᠤᠳᠴᠤ᠂ ᠠᠮᠣᠷ ᠳᠦᠪᠰᠢᠨ ᠢ ᠪᠠᠲᠤᠯᠠᠬᠤ ᠵᠠᠷᠴᠢᠮ ᠢᠶᠠᠨ ᠪᠠᠷᠢᠮᠲᠠᠯᠠᠨ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠬᠡ᠂ ᠲᠤᠯᠭᠠᠮ ᠴᠢᠨᠠᠷ  ᠢᠶᠠᠷ ᠦᠶᠡᠷ ᠢ ᠰᠡᠷᠬᠡᠶᠢᠯᠡᠬᠦ ᠡᠯ᠎ᠡ ᠲᠦᠷᠦᠯ ᠤᠨ ᠠᠷᠭ᠎ᠠ ᠠᠪᠴᠠᠯ ᠢᠶᠠᠨ ᠴᠢᠩᠭ᠎ᠠ ᠮᠦᠷᠲᠡᠭᠡᠨ ᠪᠤᠲᠠᠲᠠᠢ ᠠᠳᠬᠤᠵᠤ᠂ ᠠᠷᠠᠳ ᠣᠯᠠᠨ ᠤ ᠠᠮᠢ ᠨᠠᠰᠣ ᠡᠳ᠋ ᠬᠦᠷᠦᠩᠭᠡ ᠬᠤᠬᠢᠷᠠᠯ ᠳᠤ ᠣᠴᠠᠷᠠᠭᠤᠯᠬᠤ ᠦᠬᠡᠢ᠂ ᠠᠮᠣᠷ ᠳᠦᠪᠰᠢᠨ ᠢᠶᠠᠷ ᠦᠶᠡᠷᠯᠡᠬᠦ ᠬᠤᠭᠤᠴᠠᠭ᠎ᠠ ᠶᠢ ᠲᠤᠭᠤᠯᠬᠤ ᠶᠢ ᠪᠠᠲᠤᠯᠠᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠴᠢᠦ ᠯᠢᠨ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠤ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号