ᠣᠲᠤᠭ ᠤᠨ ᠡᠮᠦᠨᠡᠲᠦ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠣ ᠦᠶᠡᠷ ᠢ ᠰᠡᠷᠬᠡᠶᠢᠯᠡᠬᠦ ᠠᠵᠢᠯ ᠢ ᠲᠠᠷᠢᠬᠦᠨ ᠳᠤ ᠲᠠᠯᠪᠢᠵᠦ᠂ ᠦᠶᠡᠷᠯᠡᠬᠦ ᠬᠤᠭᠤᠴᠠᠭᠠᠨ ᠤ ᠠᠶᠤᠯᠬᠦᠢ ᠵᠠᠷᠴᠢᠮ ᠢ ᠪᠠᠷᠢᠮᠲᠠᠯᠠᠵᠤ ᠪᠤᠢ
ᠨᠡᠶᠢᠲᠡᠯᠡᠭᠰᠡᠨ ᠴᠠᠭ᠄
2022/7/20
    ᠣᠶᠢᠷ᠎ᠠ ᠶᠢᠨ ᠬᠤᠭᠤᠴᠠᠭᠠᠨ ᠳᠤ ᠰᠢᠷᠤᠬᠦᠨ ᠪᠤᠷᠤᠭᠠᠨ ᠣᠯᠠᠳᠣᠭᠰᠠᠨ ᠠᠴᠠ ᠱᠠᠩᠬᠠᠢ ᠶᠢᠨ ᠰᠦᠮ᠎ᠡ ᠪᠠᠯᠭᠠᠰᠣᠨ ᠤ ᠪᠦᠬᠦ ᠨᠠᠮ ᠤᠨ ᠬᠡᠰᠢᠬᠦᠳ ᠡᠷᠴᠢᠮᠲᠡᠢ ᠠᠷᠭ᠎ᠠ ᠠᠪᠴᠠᠯ ᠢᠶᠠᠷ ᠪᠦᠬᠦ ᠪᠠᠯᠭᠠᠰᠣᠨ ᠤ ᠦᠶᠡᠷ ᠢ ᠰᠡᠷᠬᠡᠶᠢᠯᠡᠬᠦ ᠠᠵᠢᠯ ᠢ ᠪᠤᠲᠠᠲᠠᠢ ᠠᠳᠬᠤᠵᠤ᠂ ᠠᠵᠢᠯ ᠢᠶᠠᠨ ᠡᠷᠲᠡ ᠪᠠᠶᠢᠷᠢᠯᠠᠭᠤᠯᠤᠨ᠂ ᠡᠬᠦᠷᠭᠡ ᠬᠠᠷᠢᠭᠤᠴᠠᠯᠭ᠎ᠠ ᠪᠠᠨ ᠳᠠᠬᠢᠨᠲᠠ ᠪᠤᠲᠠᠲᠠᠶᠢᠵᠢᠭᠤᠯᠵᠤ᠂ ᠠᠷᠭ᠎ᠠ ᠠᠪᠴᠠᠯ ᠢᠶᠠᠨ ᠨᠡᠩ ᠨᠠᠷᠢᠯᠢᠭᠵᠢᠭᠤᠯᠤᠨ᠂ ᠠᠷᠠᠳ ᠣᠯᠠᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ ᠢ ᠬᠠᠮᠠᠭᠠᠯᠠᠵᠤ ᠪᠤᠢ᠃     ᠦᠳᠲᠡᠷ ᠲᠦᠯᠦᠪᠵᠢᠬᠦᠯᠵᠦ᠂ ᠦᠶᠡᠷ ᠢ ᠰᠡᠷᠬᠡᠶᠢᠯᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠪᠠ᠃ ᠣᠲᠤᠭ ᠤᠨ ᠡᠮᠦᠨᠡᠲᠦ ᠬᠤᠰᠢᠭᠤᠨ ᠤ ᠴᠠᠭ ᠠᠭᠤᠷ ᠤᠨ ᠲᠤᠪᠴᠢᠶᠠᠨ ᠤ ᠪᠦᠷᠢᠳᠬᠡᠯ ᠢ ᠦᠨᠳᠦᠰᠦᠯᠡᠪᠡᠯ᠂ 7 ᠰᠠᠷ᠎ᠠ ᠶᠢᠨ 10 ᠤ ᠡᠳᠦᠷ ᠤᠨ 19 ᠴᠠᠭ ᠲᠤ᠂ ᠱᠠᠩᠬᠠᠢ ᠶᠢᠨ ᠰᠦᠮ᠎ᠡ ᠪᠠᠯᠭᠠᠰᠣᠨ ᠤ ᠶᠡᠬᠡᠩᠭᠢ ᠭᠠᠵᠠᠷ ᠶᠡᠭᠡ ᠬᠡᠪᠴᠢᠶᠡᠨ ᠤ ᠪᠤᠷᠤᠭᠠᠨ ᠣᠷᠣᠬᠤ ᠴᠠᠭ ᠠᠭᠤᠷ ᠢᠯᠡᠷᠡᠵᠦ᠂ ᠱᠠᠭᠠᠵᠠᠩᠲᠤ ᠲᠤᠰᠬᠤᠨ᠂ ᠬᠠᠰᠢᠶᠠᠲᠤ ᠭᠠᠴᠠᠭ᠎ᠠ᠂ ᠲᠤᠯᠢ ᠭᠠᠴᠠᠭ᠎ᠠ ᠳᠤ ᠶᠡᠭᠡ ᠪᠤᠷᠤᠭᠠᠨ ᠣᠷᠣᠨ᠂ ᠱᠠᠭᠠᠵᠠᠩᠲᠤ ᠲᠤᠰᠬᠤᠨ ᠳᠤ 7 ᠰᠠᠷ᠎ᠠ ᠶᠢᠨ 10 ᠤ ᠡᠳᠦᠷ ᠤᠨ 19 ᠴᠠᠭ ᠠᠴᠠ 11 ᠤ ᠡᠳᠦᠷ ᠤᠨ 06 ᠴᠠᠭ ᠪᠤᠯᠲᠠᠯ᠎ᠠ ᠬᠤᠷ᠎ᠠ ᠲᠤᠨᠳᠠᠰᠣᠨ ᠤ ᠬᠡᠮᠵᠢᠶ᠎ᠡ 41.2 ᠮᠢᠯᠢᠮᠧᠲᠷ ᠲᠤ ᠬᠦᠷᠪᠡ᠃ ᠪᠠᠯᠭᠠᠰᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠦᠶᠡᠷ ᠢ ᠰᠡᠷᠬᠡᠶᠢᠯᠡᠬᠦ ᠠᠵᠢᠯ ᠤᠨ ᠲᠤᠰᠬᠠᠢ ᠰᠡᠳᠦᠪᠲᠤ ᠬᠤᠷᠠᠯ ᠢ ᠡᠩ ᠲᠡᠷᠢᠬᠦᠨ ᠳᠤ ᠬᠤᠷᠠᠯᠳᠣᠭᠤᠯᠵᠦ᠂ ᠦᠶᠡᠷ ᠣᠰᠣᠳᠣᠯ ᠤᠨ ᠪᠤᠯᠤᠮᠵᠢ ᠶᠢ ᠵᠠᠳᠠᠯᠵᠤ ᠨᠠᠷᠢᠯᠢᠭ ᠲᠤᠬᠢᠷᠠᠭᠤᠯᠵᠤ ᠪᠠᠶᠢᠷᠢᠯᠠᠭᠤᠯᠤᠨ᠂ ᠦᠶᠡᠷ ᠢ ᠰᠡᠷᠬᠡᠶᠢᠯᠡᠬᠦ ᠲᠤᠰᠬᠠᠢ ᠠᠵᠢᠯ ᠤᠨ ᠳᠣᠭᠤᠶᠢᠯᠠᠩ ᠢ ᠪᠠᠶᠢᠭᠤᠯᠵᠤ᠂ ᠦᠶᠡᠷ ᠢ ᠰᠡᠷᠬᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠣᠳᠣᠬᠠᠨ ᠤ ᠠᠵᠢᠯ ᠤᠨ ᠭᠤᠤᠯᠳᠠᠯᠭ᠎ᠠ ᠪᠤᠯᠭᠠᠨ᠂ ᠮᠢᠨᠴᠦᠬᠦᠷᠡᠬᠦ ᠦᠵᠡᠯ ᠰᠠᠨᠠᠭ᠎ᠠ ᠪᠠ ᠲᠠᠶᠢᠪᠤᠰᠢᠷᠠᠬᠤ ᠰᠡᠳᠬᠢᠬᠦᠢ ᠶᠢ ᠡᠷᠡᠰ ᠳᠡᠪᠴᠢᠬᠦ ᠶᠢ ᠱᠠᠭᠠᠷᠳᠠᠪᠠ᠃ ᠪᠠᠯᠭᠠᠰᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠭᠠᠴᠠᠭ᠎ᠠ ᠲᠤᠰᠬᠤᠨ ᠨᠡᠶᠢᠬᠡᠮ ᠲᠤᠭᠤᠷᠢᠭ ᠠᠴᠠ ᠵᠢᠵᠢᠬᠦᠷᠯᠡᠯᠲᠡ ᠶᠢᠨ ᠳᠦᠷᠢᠮ ᠪᠠ ᠪᠠᠴᠢᠮ ᠪᠠᠶᠢᠳᠠᠯ ᠢ ᠠᠷᠭᠠᠴᠠᠬᠤ ᠵᠢᠵᠢᠬᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠬᠦᠯᠵᠦ᠂ ᠪᠦᠬᠦ ᠠᠵᠢᠯᠲᠠᠳ ᠤᠨ 24 ᠴᠠᠭ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠪᠠᠲᠤᠯᠠᠨ᠂ ᠪᠠᠴᠢᠮ ᠮᠦᠷᠲᠡᠭᠡᠨ ᠬᠡᠨᠡᠳᠲᠡ ᠶᠢᠨ ᠪᠠᠶᠢᠳᠠᠯ ᠲᠤᠯᠭᠠᠷᠠᠬᠤ ᠦᠶᠡᠰ ᠲᠦᠷᠭᠡᠨ ᠬᠦᠳᠡᠯᠦᠯᠴᠡᠬᠦ ᠶᠢ ᠪᠠᠲᠤᠯᠠᠪᠠ᠃     ᠦᠷᠭᠡᠨ ᠢᠶᠠᠷ ᠣᠬᠠᠭᠤᠯᠤᠨ᠂ ᠦᠶᠡᠷ ᠢ ᠰᠡᠷᠬᠡᠶᠢᠯᠡᠬᠦ ᠣᠬᠠᠮᠰᠠᠷ ᠤᠨ ᠰᠡᠷᠬᠡᠶᠢᠯᠡᠯᠲᠡ ᠶᠢᠨ ᠱᠣᠭᠤᠮ ᠢ ᠪᠠᠬᠢᠵᠢᠬᠦᠯᠪᠡ᠃     ᠪᠤᠷᠤᠭᠠᠨ ᠬᠤᠷ᠎ᠠ ᠶᠢᠨ ᠪᠠᠶᠢᠳᠠᠯ ᠢ ᠨᠢᠭᠲᠠ ᠠᠩᠬᠠᠷᠴᠣ᠂ ᠪᠦᠬᠦ ᠪᠠᠯᠭᠠᠰᠣᠨ ᠤ ᠨᠠᠮ ᠤᠨ ᠬᠡᠰᠢᠬᠦᠨ ᠺᠠᠳ᠋ᠷᠴᠣᠳ ᠤᠨ ᠠᠵᠢᠯ ᠤᠨ ᠸᠢᠴᠠᠲ ᠬᠤᠯᠪᠤᠭ᠎ᠠ᠂ ︽ᠱᠠᠩᠬᠠᠢ ᠶᠢᠨ ᠰᠦᠮ᠎ᠡ ᠪᠠᠯᠭᠠᠰᠣ ᠶᠢᠨ ᠨᠠᠶᠢᠲᠠᠯᠠᠯ︾ ᠸᠢᠴᠠᠲ ᠳᠠᠪᠴᠠᠩ᠂ ︽ᠦᠵᠡᠰᠬᠦᠯᠡᠭᠲᠦ ᠰᠠᠶᠢᠬᠠᠨ ᠱᠠᠩᠬᠠᠢ ᠶᠢᠨ ᠰᠦᠮ᠎ᠡ︾ ᠠᠯᠪᠠᠨ ᠤ ᠪᠢᠴᠢᠯ ᠪᠦᠷᠭᠡ ᠵᠡᠷᠭᠡ ᠰᠦᠯᠵᠢᠶᠡᠨ  ᠤ ᠳᠠᠪᠴᠠᠩ ᠢᠶᠠᠷ ᠴᠠᠭ ᠠᠭᠤᠷ ᠤᠨ ᠰᠡᠷᠡᠮᠵᠢᠯᠡᠬᠦᠯᠦᠯ   ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠨ᠂ ᠪᠦᠬᠦ ᠪᠠᠯᠭᠠᠰᠣᠨ ᠤ ᠣᠯᠠᠨ ᠲᠦᠮᠡᠨ ᠳᠤ ᠠᠶᠤᠯ ᠠᠴᠠ ᠵᠠᠶᠢᠯᠠᠬᠤ ᠡᠯ᠎ᠡ ᠲᠦᠷᠦᠯ ᠤᠨ ᠰᠢᠯᠵᠢᠬᠦᠯᠦᠯᠲᠡ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢ ᠰᠠᠨᠠᠭᠤᠯᠵᠤ᠂ ᠵᠠᠩᠭᠢᠯᠠᠭ᠎ᠠ ᠶᠢᠨ ᠮᠦᠴᠡ ᠳᠤ ᠬᠡᠷᠡᠭᠯᠡᠭᠳᠡᠬᠦ ᠶᠢ  ᠪᠡᠶᠡᠯᠡᠬᠦᠯᠦᠨ᠂ ᠣᠷᠢᠳᠴᠢᠯᠠᠨ ᠰᠡᠷᠬᠡᠶᠢᠯᠡᠪᠡ᠃ ᠡᠬᠦᠨ ᠤ ᠬᠠᠮᠲᠤ ᠦᠶᠡᠷᠯᠡᠬᠦ ᠬᠤᠭᠤᠴᠠᠭᠠᠨ ᠤ ᠠᠮᠣᠷ ᠳᠦᠪᠰᠢᠨ ᠤ ᠮᠡᠳᠡᠯᠭᠡ ᠶᠢᠨ ᠣᠬᠠᠭᠤᠯᠭ᠎ᠠ ᠶᠢ ᠢᠳᠡᠪᠬᠢᠲᠡᠢ ᠪᠠᠷ ᠦᠷᠨᠢᠬᠦᠯᠵᠦ᠂ ᠦᠶᠡᠷ ᠢ ᠰᠡᠷᠬᠡᠶᠢᠯᠡᠬᠦ ᠶᠡᠷᠦ ᠶᠢᠨ ᠮᠡᠳᠡᠯᠭᠡ ᠶᠢᠨ ᠣᠬᠠᠭᠤᠯᠭ᠎ᠠ ᠶᠢ ᠣᠯᠠᠨ ᠲᠦᠮᠡᠨ ᠣᠶᠢᠯᠠᠭᠠᠵᠤ ᠮᠡᠳᠡᠬᠦ ᠶᠢ ᠪᠠᠲᠤᠯᠠᠨ᠂ ᠣᠯᠠᠨ ᠲᠦᠮᠡᠨ ᠤ ᠦᠶᠡᠷ ᠢ ᠰᠡᠷᠬᠡᠶᠢᠯᠡᠬᠦ ᠣᠬᠠᠮᠰᠠᠷ ᠤᠨ ᠰᠡᠷᠬᠡᠶᠢᠯᠡᠯᠲᠡ ᠶᠢᠨ ᠱᠣᠭᠤᠮ ᠢ ᠪᠦᠬᠦ ᠲᠠᠯ᠎ᠠ ᠪᠠᠷ ᠪᠠᠬᠢᠵᠢᠬᠦᠯᠪᠡ᠃ ᠪᠠᠶᠢᠴᠠᠭᠠᠯᠲᠠ ᠰᠣᠷᠪᠣᠯᠵᠢᠯᠠᠭ᠎ᠠ  ᠪᠠᠷ ᠳᠣᠬᠢᠶᠠᠯ ᠪᠤᠯᠭᠠᠵᠤ᠂ ᠸᠢᠴᠠᠲ ᠳᠠᠪᠴᠠᠩ᠂ ᠸᠢᠴᠠᠲ ᠬᠤᠯᠪᠤᠭ᠎ᠠ᠂ ᠷᠠᠳᠢᠤ᠋ ᠨᠡᠪᠲᠡᠷᠡᠬᠦᠯᠬᠡ ᠵᠡᠷᠭᠡ ᠵᠠᠭᠤᠴᠢᠯᠠᠭᠤᠷ  ᠲᠠᠢ ᠣᠶᠠᠯᠳᠣᠭᠤᠯᠵᠣ ᠬᠠᠮᠤᠭ ᠤᠨ ᠰᠢᠨ᠎ᠡ ᠴᠠᠭ ᠠᠭᠤᠷ ᠤᠨ ᠮᠡᠳᠡᠭᠡ ᠵᠠᠩᠭᠢ ᠪᠠ ᠦᠶᠡᠷᠯᠡᠬᠦ ᠬᠤᠭᠤᠴᠠᠭᠠᠨ ᠤ ᠰᠡᠷᠬᠡᠶᠢᠯᠡᠯᠲᠡ ᠶᠢᠨ ᠠᠷᠭ᠎ᠠ ᠠᠪᠴᠠᠯ ᠢᠶᠠᠨ ᠴᠠᠭ ᠲᠤᠬᠠᠢ ᠳᠤᠨᠢ ᠣᠯᠠᠨ ᠲᠦᠮᠡᠨ ᠳᠤ ᠣᠯᠠᠮᠵᠢᠯᠠᠨ᠂ ᠪᠦᠬᠦ ᠪᠠᠯᠭᠠᠰᠣᠨ ᠤ ᠣᠯᠠᠨ ᠲᠦᠮᠡᠨ ᠤ ᠦᠶᠡᠷ ᠢ ᠰᠡᠷᠬᠡᠶᠢᠯᠡᠬᠦ ᠣᠬᠠᠮᠰᠠᠷ ᠪᠠ ᠭᠠᠮᠰᠢᠭ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠬᠦᠯᠪᠡ᠃     ᠪᠦᠬᠦ ᠲᠠᠯ᠎ᠠ ᠪᠠᠷ ᠨᠠᠶᠢᠲᠠᠮ ᠪᠠᠶᠢᠴᠠᠭᠠᠵᠤ᠂ ᠳᠦᠭᠰᠢᠬᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠰᠢᠢᠳᠪᠦᠷᠢᠯᠡᠪᠡ᠃ ᠨᠠᠮ ᠵᠠᠰᠠᠭ ᠤᠨ ᠣᠳᠣᠷᠢᠳᠣᠯᠭ᠎ᠠ᠂ ᠨᠠᠮ ᠤᠨ ᠬᠡᠰᠢᠬᠦᠨ ᠺᠠᠳ᠋ᠷ᠂ ᠭᠠᠴᠠᠭᠠᠨ ᠳᠤ ᠰᠠᠭᠤᠭ᠎ᠠ ᠺᠠᠳ᠋ᠷᠴᠣᠳ ᠢᠶᠠᠷ ᠪᠦᠷᠢᠯᠳᠦᠭᠰᠡᠨ ᠨᠠᠮ ᠤᠨ ᠬᠡᠰᠢᠬᠦᠨ ᠤ ᠰᠠᠶᠢᠨ ᠳᠣᠷᠠᠴᠣᠣᠯ ᠤᠨ ᠠᠩᠬᠢ ᠪᠠᠶᠢᠭᠤᠯᠵᠤ᠂ ᠡᠯ᠎ᠡ ᠭᠠᠴᠠᠭ᠎ᠠ ᠲᠤᠰᠬᠤᠨ ᠨᠡᠶᠢᠬᠡᠮ ᠲᠤᠭᠤᠷᠢᠭ ᠲᠤ ᠡᠩ ᠲᠡᠷᠢᠬᠦᠨ ᠳᠤ ᠬᠦᠨᠵᠡᠬᠡᠶᠢᠷᠡᠨ᠂ ᠴᠦᠮᠦᠷᠦᠭᠰᠡᠨ ᠣᠷᠣᠨ᠂ ᠭᠠᠵᠠᠷ ᠤᠨ ᠪᠠᠶᠢᠴᠠ ᠳᠣᠣᠷ᠎ᠠ ᠭᠠᠵᠠᠷ᠂ ᠠᠮᠠᠷᠬᠠᠨ ᠣᠰᠣ ᠲᠤᠭᠲᠠᠬᠤ ᠵᠠᠮ ᠢᠶᠠᠷ ᠨᠠᠶᠢᠲᠠᠮ ᠪᠠᠶᠢᠴᠠᠭᠠᠯᠲᠠ ᠦᠷᠨᠢᠬᠦᠯᠵᠦ᠂ ᠭᠤᠤᠯᠳᠠᠯᠭᠠᠲᠤ ᠣᠷᠣᠨ ᠪᠦᠰᠡ ᠳᠤ ᠬᠦᠴᠦᠨ ᠢᠶᠠᠨ ᠲᠦᠪᠯᠡᠷᠡᠬᠦᠯᠦᠨ ᠴᠡᠭᠴᠡᠯᠡᠯᠲᠡ ᠬᠢᠨ᠂ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠵᠠᠰᠠᠵᠤ᠂ ᠠᠮᠣᠷ ᠳᠦᠪᠰᠢᠨ ᠢᠶᠠᠷ ᠦᠶᠡᠷ ᠢ ᠲᠤᠭᠤᠯᠬᠤ ᠶᠢ ᠪᠦᠬᠦ ᠬᠦᠴᠦᠨ ᠢᠶᠠᠷ ᠪᠠᠲᠤᠯᠠᠬᠤ ᠶᠢᠨ ᠬᠠᠮᠲᠤ ᠲᠤᠰᠬᠠᠢ ᠬᠦᠴᠦᠨ ᠢᠶᠠᠨ ᠲᠦᠪᠯᠡᠷᠡᠬᠦᠯᠵᠦ ᠦᠶᠡᠷ ᠲᠤ ᠭᠠᠮᠰᠢᠭᠳᠠᠭᠰᠠᠨ ᠣᠯᠠᠨ ᠲᠦᠮᠡᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ ᠢ ᠪᠠᠲᠤᠯᠠᠨ᠂ ᠪᠠᠯᠭᠠᠰᠣᠨ ᠤ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠲᠡ ᠶᠢᠨ ᠳᠣᠪᠴᠢᠶ᠎ᠠ ᠠᠴᠠ ᠲᠤᠮᠢᠯᠠᠭᠰᠠᠨ ᠰᠠᠯᠪᠤᠷᠢ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠠᠵᠢᠯᠲᠠᠳ ᠪᠠ ᠲᠤᠤᠷᠵᠢᠯ ᠬᠠᠮᠢᠶᠠᠷᠤᠯᠲᠠ ᠶᠢᠨ ᠬᠡᠰᠢᠬᠦᠳ ᠲᠠᠢ ᠬᠠᠮᠲᠤᠷᠠᠭᠰᠠᠨ ᠲᠦᠷ ᠠᠵᠢᠯᠯᠠᠬᠤ ᠠᠩᠬᠢ ᠪᠠᠶᠢᠭᠤᠯᠵᠤ᠂ ᠭᠠᠮᠰᠢᠭᠳᠠᠭᠰᠠᠨ ᠭᠤᠤᠯᠳᠠᠯᠭᠠᠲᠤ ᠡᠷᠦᠬᠡ ᠶᠢ ᠬᠠᠪᠰᠣᠷᠴᠣ ᠣᠰᠣ ᠶᠢ ᠨᠢ ᠭᠠᠳᠠᠭᠰᠢᠯᠠᠭᠤᠯᠬᠤ᠂ ᠲᠡᠵᠢᠬᠡᠯ ᠡᠪᠡᠰᠦ ᠪᠤᠷᠳᠤᠭ᠎ᠠ ᠶᠢ ᠨᠢ ᠰᠢᠯᠵᠢᠬᠦᠯᠬᠦ ᠵᠡᠷᠭᠡ ᠲᠤᠰᠠᠯᠠᠮᠵᠢ ᠶᠢᠨ ᠠᠵᠢᠯ ᠬᠢᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号