ᠱᠠᠩᠬᠠᠢ ᠶᠢᠨ ᠰᠦᠮ᠎ᠠ ᠪᠠᠯᠭᠠᠰᠤ ᠰᠢᠯᠢᠳᠡᠭ ᠡᠬᠦᠯᠳᠡᠷ ᠢ ᠦᠷᠡᠵᠢᠬᠦᠯᠤᠨ ᠪᠤᠶᠢᠵᠢᠭᠤᠯᠬᠤ ᠪᠠ ᠡᠬᠦᠯᠳᠡᠷ ᠰᠠᠶᠢᠵᠢᠷᠠᠭᠤᠯᠬᠤ ᠮᠡᠷᠬᠡᠵᠢᠯ ᠤᠨ ᠪᠤᠯᠪᠠᠰᠤᠷᠠᠯ ᠬᠢᠯ᠎ᠠ
ᠨᠡᠶᠢᠲᠡᠯᠡᠭᠰᠡᠨ ᠴᠠᠭ᠄
2022/7/20
      7 ᠰᠠᠷ᠎ᠠ ᠶᠢᠨ 15 ᠠᠴᠠ 17 ᠤ ᠡᠳᠤᠷ᠂ ᠤᠳᠤᠭ ᠤᠨ ᠡᠮᠤᠨᠡᠳᠤ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠤ ᠭᠤᠷᠪᠠᠨ ᠡᠳᠤᠷ ᠤᠨ ᠬᠤᠭᠤᠴᠠᠭ᠎ᠠ ᠲᠠᠢ ᠪᠠᠷᠠᠭᠤᠨ ᠤᠷᠤᠨ ᠤ ᠤᠨᠴᠠ ᠨᠠᠷᠢᠨ ᠨᠤᠤᠯᠤᠭᠤᠷ ᠤᠨ ᠢᠮᠠᠭᠠᠨ  ᠤ ᠰᠠᠶᠢᠨ ᠡᠬᠦᠯᠳᠡᠷ ᠢ ᠦᠷᠡᠵᠢᠬᠦᠯᠤᠨ ᠪᠤᠶᠢᠵᠢᠭᠤᠯᠬᠤ ᠪᠠ ᠡᠬᠦᠯᠳᠡᠷ ᠰᠠᠶᠢᠵᠢᠷᠠᠭᠤᠯᠬᠤ ᠮᠡᠷᠬᠡᠵᠢᠯ ᠤᠨ ᠪᠤᠯᠪᠠᠰᠤᠷᠠᠯ ᠬᠢᠯ᠎ᠠ᠃       ᠳᠤᠰ ᠤᠳᠠᠭᠠᠨ ᠤ ᠪᠤᠯᠪᠠᠰᠤᠷᠠᠯ ᠳᠤ ᠦᠪᠤᠷ ᠮᠤᠩᠭᠤᠯ ᠤᠨ ᠳᠠᠷᠢᠶᠠᠯᠠᠩ ᠤᠨ ᠶᠡᠭᠡ ᠰᠤᠷᠭᠠᠭᠤᠯᠢ ᠶᠢᠨ ᠭᠤᠷᠪᠠᠨ ᠳᠤᠰᠬᠠᠢ ᠮᠡᠷᠬᠡᠵᠢᠯᠳᠠᠨ ᠠᠴᠠ ︽ᠤᠨᠤᠯ ᠢᠶᠠᠷ ᠬᠢᠴᠢᠶᠡᠯᠯᠡᠬᠦ + ᠤᠶᠢᠯᠡᠳᠤᠯᠬᠡ ᠪᠠᠷ ᠠᠵᠢᠯᠯᠠᠭᠤᠯᠬᠤ︾ ᠵᠢᠭᠠᠨ ᠰᠤᠷᠭᠠᠯᠳᠠ ᠶᠢᠨ ᠵᠠᠭᠪᠤᠷ ᠢᠶᠠᠷ ᠬᠢᠴᠢᠶᠡᠯᠯᠡᠪᠡ᠃ ᠤᠨᠤᠯ ᠤᠨ ᠬᠢᠴᠢᠶᠡᠯᠯᠡᠭᠡ ᠳᠤ ᠸᠢᠳᠢᠤ᠋ ᠪᠠ ᠶᠡᠭᠡ ᠬᠡᠮᠵᠢᠶᠡᠨ  ᠤ ᠬᠡᠷᠡᠯ ᠵᠢᠷᠤᠭ ᠢᠶᠠᠷ ᠭᠠᠷ ᠬᠡᠬᠡᠯᠳᠤᠬᠦᠯᠬᠡ ᠶᠢᠨ ᠦᠨᠳᠤᠰᠤᠨ ᠤᠨᠤᠯ᠂ ᠬᠦᠪᠤᠷᠠᠯ ᠰᠢᠯᠵᠢᠬᠦᠯᠬᠦ ᠮᠡᠷᠬᠡᠵᠢᠯ᠂ ᠳᠡᠵᠢᠬᠡᠯ ᠪᠤᠷᠳᠤᠭ᠎ᠠ ᠨᠠᠶᠢᠷᠠᠭᠤᠯᠬᠤ ᠮᠡᠷᠬᠡᠵᠢᠯ᠂ ᠠᠮᠢᠳᠠᠨ ᠤ ᠬᠢᠵᠢᠭ ᠢ ᠰᠡᠷᠬᠡᠶᠢᠯᠡᠬᠦ ᠵᠡᠷᠬᠡ ᠶᠢ ᠨᠠᠷᠢᠨ ᠳᠠᠶᠢᠯᠪᠤᠷᠢᠯᠠᠵᠤ᠂ ᠤᠶᠢᠯᠡᠳᠤᠯᠬᠡ ᠶᠢᠨ ᠬᠢᠴᠢᠶᠡᠯ ᠳᠤ ᠬᠦᠮᠤᠨ ᠤ ᠬᠦᠴᠤ ᠪᠠᠷ ᠦᠷ᠎ᠠ ᠠᠪᠬᠤ᠂ ᠳᠤᠳᠤᠤᠨᠬᠠᠭᠴᠢ ᠰᠢᠯ ᠢᠶᠠᠷ ᠦᠷ᠎ᠠ ᠶᠢᠨ ᠴᠢᠨᠠᠷ ᠢ ᠪᠠᠶᠢᠴᠠᠭᠠᠬᠤ᠂ ᠭᠠᠷ ᠬᠡᠬᠡᠯᠳᠤᠬᠦᠯᠬᠡ ᠬᠢᠬᠦ ᠵᠡᠷᠬᠡ ᠠᠭᠤᠯᠭ᠎ᠠ ᠪᠠᠷ ᠪᠤᠳᠠᠳᠠᠢ ᠪᠤᠯᠪᠠᠰᠤᠷᠠᠯ ᠬᠢᠵᠠᠢ᠃       ᠤᠶᠢᠷ᠎ᠠ ᠬᠠᠪᠢ ᠶᠢᠨ ᠭᠠᠴᠠᠭ᠎ᠠ ᠳᠤᠰᠬᠤᠨ ᠤ 70 ᠭᠠᠷᠤᠢ ᠮᠠᠯᠴᠢᠨ ᠳᠠᠷᠢᠶᠠᠴᠢᠨ ᠳᠤᠰ ᠤᠳᠠᠭᠠᠨ ᠤ ᠪᠤᠯᠪᠠᠰᠤᠷᠠᠯ ᠳᠤ ᠤᠷᠤᠯᠴᠠᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号