ᠣᠲᠤᠭ ᠤᠨ ᠡᠮᠦᠨᠡᠲᠦ ᠬᠤᠰᠢᠭᠤ ᠣᠯᠣᠰ ᠤᠨ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠪᠠᠷᠠᠭᠤᠨ ᠬᠤᠶᠢᠲᠤ ᠣᠷᠣᠨ ᠣᠮᠠᠷᠠᠲᠤ ᠣᠷᠣᠨ ᠵᠡᠬᠦᠨ ᠬᠤᠶᠢᠲᠤ ᠣᠷᠣᠨ ᠤ ᠬᠠᠮᠠᠭᠠᠯᠠᠯᠲᠠ ᠶᠢᠨ ᠣᠢ ᠶᠢᠨ ᠪᠠᠶᠢᠭᠤᠯᠤᠯᠲᠠ ᠶᠢᠨ ᠳᠣᠪᠴᠢᠶ᠎ᠠ ᠯᠤᠭ᠎ᠠ ᠠᠵᠢᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/7/25
     7 ᠰᠠᠷ᠎ᠠ ᠶᠢᠨ 21 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠣᠯᠣᠰ  ᠤᠨ ᠣᠢ ᠰᠢᠭᠤᠢ ᠨᠣᠲᠤᠭ ᠪᠡᠯᠴᠢᠭᠡᠷ ᠤᠨ ᠳᠣᠪᠴᠢᠶᠠᠨ ᠤ ᠪᠠᠷᠠᠭᠤᠨ ᠬᠤᠶᠢᠲᠤ ᠣᠷᠣᠨ ᠣᠮᠠᠷᠠᠲᠤ ᠣᠷᠣᠨ ᠵᠡᠬᠦᠨ ᠬᠤᠶᠢᠲᠤ ᠣᠷᠣᠨ ᠤ ᠬᠠᠮᠠᠭᠠᠯᠠᠯᠲᠠ ᠶᠢᠨ ᠣᠢ ᠶᠢᠨ ᠪᠠᠶᠢᠭᠤᠯᠤᠯᠲᠠ ᠶᠢᠨ ᠲᠤᠪᠴᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ ᠹᠧᠩ ᠳ᠋ᠧ ᠴᠢᠶᠡᠨ ᠨᠠᠷ ᠲᠠᠢ ᠠᠵᠢᠯ ᠤᠨ ᠰᠠᠭᠤᠳᠠᠯ ᠤᠨ ᠬᠤᠷᠠᠯ ᠬᠢᠵᠦ᠂ ᠣᠢ ᠰᠢᠭᠤᠢ ᠨᠤᠲᠤᠭ ᠪᠡᠯᠴᠢᠭᠡᠷ ᠮᠠᠯ ᠠᠵᠤ ᠠᠬᠤᠢ ᠶᠢᠨ ᠡᠷᠬᠢᠯᠲᠡᠲᠤ ᠠᠵᠤ ᠠᠬᠤᠢ ᠶᠢᠨ ᠲᠦᠷᠦᠯ ᠵᠦᠢᠯ ᠤᠨ ᠣᠴᠢᠷ ᠶᠠᠪᠤᠳᠠᠯ  ᠤᠨ ᠲᠤᠬᠠᠢ ᠶᠠᠷᠢᠯᠴᠠᠪᠠ᠃      ᠸᠠᠩ ᠢᠦᠢ ᠴᠢᠶᠠᠩ ᠠᠴᠠ ᠹᠧᠩ ᠳ᠋ᠧ ᠴᠢᠶᠡᠨ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠣᠭᠲᠣᠵᠣ ᠪᠠᠶᠢᠬᠤ ᠰᠡᠳᠬᠢᠯ ᠢᠶᠠᠨ ᠢᠯᠡᠳᠬᠡᠵᠦ᠂ ᠣᠯᠣᠰ ᠤᠨ ᠣᠢ ᠰᠢᠭᠤᠢ ᠨᠣᠲᠤᠭ ᠪᠡᠯᠴᠢᠭᠡᠷ ᠤᠨ ᠳᠣᠪᠴᠢᠶᠠᠨ ᠤ ᠪᠠᠷᠠᠭᠤᠨ ᠬᠤᠶᠢᠲᠤ ᠣᠷᠣᠨ ᠣᠮᠠᠷᠠᠲᠤ ᠣᠷᠣᠨ ᠵᠡᠬᠦᠨ ᠬᠤᠶᠢᠲᠤ ᠣᠷᠣᠨ ᠤ ᠬᠠᠮᠠᠭᠠᠯᠠᠯᠲᠠ ᠶᠢᠨ ᠣᠢ ᠶᠢᠨ ᠪᠠᠶᠢᠭᠤᠯᠤᠯᠲᠠ  ᠶᠢᠨ ᠳᠣᠪᠴᠢᠶ᠎ᠠ ᠶᠢᠨ ᠣᠲᠤᠭ ᠤᠨ ᠡᠮᠦᠨᠡᠲᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠳᠠᠬᠢ ᠳᠡᠮᠵᠢᠯᠬᠡ ᠳᠤ ᠲᠠᠯᠠᠷᠬᠠᠯ ᠢᠶᠠᠨ ᠳᠡᠪᠰᠢᠬᠦᠯᠪᠡ᠃ ᠲᠡᠷᠡ᠂ ᠣᠲᠤᠭ ᠤᠨ ᠡᠮᠦᠨᠡᠲᠦ ᠬᠤᠰᠢᠭᠤ ᠳᠠᠪᠠᠭᠤᠯᠢᠭ ᠪᠠᠶᠢᠭᠠᠯᠢ  ᠶᠢᠨ ᠨᠦᠬᠦᠴᠡᠯ᠂ ᠪᠠᠲᠤ ᠪᠠᠬᠢ ᠮᠠᠯ ᠲᠠᠷᠢᠶᠠᠯᠠᠩ ᠤᠨ ᠠᠵᠤ ᠦᠢᠯᠡᠰ ᠤᠨ ᠰᠠᠭᠤᠷᠢ ᠲᠠᠢ ᠪᠤᠯᠬᠤᠷ ᠣᠢ ᠰᠢᠭᠤᠢ ᠨᠣᠲᠤᠭ ᠪᠡᠯᠴᠢᠭᠡᠷ ᠮᠠᠯ ᠠᠵᠤ ᠠᠬᠤᠢ ᠶᠢᠨ ᠡᠷᠬᠢᠳᠡᠯᠲᠤ ᠠᠵᠤ ᠠᠬᠤᠢ ᠶᠢ ᠬᠦᠭᠵᠢᠬᠦᠯᠬᠦ ᠳᠤ ᠯᠣᠳᠣ ᠶᠡᠭᠡ ᠳᠠᠯᠳᠠ ᠬᠦᠴᠦᠨ ᠲᠠᠢ᠃ ᠣᠯᠣᠰ ᠤᠨ ᠣᠢ ᠰᠢᠭᠤᠢ ᠨᠣᠲᠤᠭ ᠪᠡᠯᠴᠢᠭᠡᠷ ᠤᠨ ᠳᠣᠪᠴᠢᠶᠠᠨ ᠤ ᠪᠠᠷᠠᠭᠤᠨ ᠬᠤᠶᠢᠲᠤ ᠣᠷᠣᠨ ᠣᠮᠠᠷᠠᠲᠤ ᠣᠷᠣᠨ ᠵᠡᠬᠦᠨ ᠬᠤᠶᠢᠲᠤ ᠣᠷᠣᠨ ᠤ ᠬᠠᠮᠠᠭᠠᠯᠠᠯᠲᠠ ᠶᠢᠨ ᠣᠢ ᠶᠢᠨ ᠪᠠᠶᠢᠭᠤᠯᠤᠯᠲᠠ ᠶᠢᠨ ᠳᠣᠪᠴᠢᠶᠠᠨ  ᠠᠴᠠ ᠣᠲᠤᠭ ᠤᠨ ᠡᠮᠦᠨᠡᠲᠦ ᠬᠤᠰᠢᠭᠤᠨ ᠤ ᠬᠦᠭᠵᠢᠯᠲᠡ ᠶᠢ ᠦᠷᠬᠦᠯᠵᠢᠯᠡᠨ ᠳᠡᠮᠵᠢᠵᠦ᠂ ᠠᠵᠤ ᠠᠬᠤᠢ ᠶᠢᠨ ᠣᠢ  ᠶᠢᠨ ᠪᠤᠶᠢᠵᠢᠭᠤᠯᠤᠯᠲᠠ᠂ ᠬᠢᠲᠡᠳ ᠡᠪᠡᠰᠦᠨ ᠡᠮ ᠤᠨ ᠲᠠᠷᠢᠯᠲᠠ᠂ ᠲᠠᠷᠢᠶᠠᠯᠠᠩ ᠨᠠᠷᠠᠨ ᠡᠨᠧᠷᠬᠢ ᠶᠢᠨ ᠬᠠᠷᠢᠯᠴᠠᠨ ᠨᠦᠬᠦᠪᠦᠷᠢᠯᠡᠯᠲᠡ ᠵᠡᠷᠭᠡ ᠠᠵᠤ ᠦᠢᠯᠡᠰ ᠤᠨ ᠬᠦᠭᠵᠢᠯᠲᠡ ᠶᠢ ᠠᠬᠢᠭᠤᠯᠤᠨ᠂ ᠠᠮᠢ ᠠᠬᠤᠢ ᠶᠢᠨ ᠦᠷ᠎ᠡ ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠤᠰ ᠢᠯᠠᠯᠲᠠ ᠶᠢ ᠪᠡᠶᠡᠯᠡᠬᠦᠯᠬᠦ ᠶᠢ ᠬᠦᠰᠡᠵᠦ ᠪᠠᠶᠢᠨ᠎ᠠ᠃ ᠣᠲᠤᠭ ᠤᠨ ᠡᠮᠦᠨᠡᠲᠦ ᠬᠤᠰᠢᠭᠤ ᠠᠵᠢᠯ ᠤᠨ ᠲᠤᠰᠬᠠᠢ ᠪᠠᠭ ᠢ ᠪᠠᠶᠢᠭᠤᠯᠤᠨ᠂ ᠣᠯᠣᠰ ᠤᠨ ᠣᠢ ᠰᠢᠭᠤᠢ ᠨᠣᠲᠤᠭ ᠪᠡᠯᠴᠢᠭᠡᠷ ᠤᠨ ᠳᠣᠪᠴᠢᠶᠠᠨ ᠤ ᠪᠠᠷᠠᠭᠤᠨ ᠬᠤᠶᠢᠲᠤ ᠣᠷᠣᠨ ᠣᠮᠠᠷᠠᠲᠤ ᠣᠷᠣᠨ ᠵᠡᠬᠦᠨ ᠬᠤᠶᠢᠲᠤ ᠣᠷᠣᠨ ᠤ ᠬᠠᠮᠠᠭᠠᠯᠠᠯᠲᠠ ᠶᠢᠨ ᠣᠢ ᠶᠢᠨ ᠪᠠᠶᠢᠭᠤᠯᠤᠯᠲᠠ ᠶᠢᠨ ᠳᠣᠪᠴᠢᠶ᠎ᠠ ᠯᠤᠭ᠎ᠠ ᠢᠳᠡᠪᠬᠢᠲᠡᠢ ᠪᠠᠷ ᠬᠠᠷᠢᠯᠴᠠᠵᠤ᠂ ᠬᠠᠮᠢᠶ᠎ᠠ ᠪᠦᠬᠦᠢ ᠠᠵᠢᠯ ᠤᠨ ᠣᠷᠣᠨᠵᠢᠯᠲᠠ ᠨᠠᠶᠢᠲᠠᠪᠤᠷᠢᠵᠢᠭᠤᠯᠤᠯᠲᠠ ᠶᠢ ᠠᠬᠢᠭᠤᠯᠤᠨ᠎ᠠ ᠬᠡᠵᠦ ᠬᠡᠯᠡᠭᠰᠡᠨ ᠪᠠᠶᠢᠨ᠎ᠠ᠃      ᠹᠧᠩ ᠳ᠋ᠧ ᠴᠢᠶᠡᠨ ᠠᠴᠠ ᠣᠲᠤᠭ ᠤᠨ ᠡᠮᠦᠨᠡᠲᠦ ᠬᠤᠰᠢᠭᠤ ᠣᠢ ᠰᠢᠭᠤᠢ ᠨᠣᠲᠤᠭ ᠪᠡᠯᠴᠢᠭᠡᠷ ᠮᠠᠯ ᠠᠵᠤ ᠠᠬᠤᠢ ᠶᠢᠨ ᠡᠷᠬᠢᠳᠡᠯᠲᠦ ᠠᠵᠤ ᠠᠬᠤᠢ ᠶᠢ ᠬᠦᠭᠵᠢᠬᠦᠯᠬᠦ ᠦᠪᠡᠷᠮᠢᠴᠡ ᠳᠠᠪᠠᠭᠤᠯᠢᠭ ᠲᠠᠢ ᠪᠤᠯᠬᠤᠷ ᠳᠣᠪᠴᠢᠶᠠᠨ  ᠠᠴᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠭᠤᠤᠯ ᠱᠣᠭᠤᠮ ᠤᠨ ᠳᠣᠭᠤᠷᠢᠨ ᠳᠤ᠂ ᠠᠮᠢ ᠠᠬᠤᠢ  ᠶᠢᠨ ᠴᠤᠭᠴᠠᠯᠠᠯᠲᠠ ᠪᠠ ᠠᠵᠤ ᠦᠢᠯᠡᠰ ᠤᠨ ᠬᠦᠭᠵᠢᠯᠲᠡ ᠶᠢ ᠬᠠᠷᠢᠯᠴᠠᠨ ᠣᠶᠠᠯᠳᠣᠭᠤᠯᠬᠤ ᠶᠢ ᠪᠠᠷᠢᠮᠲᠠᠯᠠᠵᠣ᠂ ᠣᠲᠤᠭ ᠤᠨ ᠡᠮᠦᠨᠡᠲᠦ ᠬᠤᠰᠢᠭᠤᠨ ᠤ ᠣᠢ ᠶᠢᠨ ᠠᠵᠤ ᠠᠬᠤᠢ᠂ ᠲᠠᠯ᠎ᠠ ᠨᠤᠲᠤᠭ ᠤᠨ ᠠᠮᠢ ᠠᠬᠤᠢ ᠶᠢᠨ ᠰᠡᠷᠬᠦᠬᠡᠯᠲᠡ᠂ ᠮᠠᠯ ᠠᠵᠤ ᠠᠬᠤᠢ ᠶᠢᠨ ᠡᠬᠦᠯᠳᠡᠷ ᠤᠨ ᠰᠣᠷᠪᠣᠯᠵᠢ ᠶᠢᠨ ᠪᠤᠶᠢᠵᠢᠭᠤᠯᠤᠯᠲᠠ ᠵᠡᠷᠭᠡ ᠲᠠᠯ᠎ᠠ ᠪᠠᠷ ᠲᠦᠷᠭᠡᠨ ᠬᠦᠭᠵᠢᠬᠦ ᠶᠢ ᠬᠠᠪᠰᠣᠷᠴᠣ ᠳᠡᠮᠵᠢᠨ᠂ ᠨᠢᠬᠡ᠂ ᠬᠤᠶᠠᠷ᠂ ᠭᠤᠷᠪᠠᠳᠣᠭᠠᠷ ᠠᠵᠤ ᠦᠢᠯᠡᠰ ᠤᠨ ᠠᠭᠤᠰᠣᠯᠴᠠᠯ ᠢ ᠬᠦᠨᠵᠡᠬᠡᠢ ᠠᠬᠢᠭᠤᠯᠵᠤ᠂ ᠣᠷᠣᠨ ᠨᠣᠲᠤᠭ ᠤᠨ ᠠᠵᠤ ᠠᠬᠤᠢ ᠶᠢᠨ ᠪᠤᠬᠢᠷᠳᠣᠯ ᠦᠬᠡᠢ ᠦᠷᠬᠦᠯᠵᠢᠬᠦᠶᠢᠴᠡ ᠬᠦᠭᠵᠢᠯᠲᠡ ᠶᠢ ᠪᠡᠶᠡᠯᠡᠬᠦᠯᠦᠨ᠎ᠡ ᠬᠡᠵᠦ ᠢᠯᠡᠷᠬᠡᠶᠢᠯᠡᠭᠰᠡᠨ ᠪᠠᠶᠢᠨ᠎ᠠ᠃      ᠣᠯᠣᠰ ᠤᠨ ᠣᠢ ᠰᠢᠭᠤᠢ ᠨᠣᠲᠤᠭ ᠪᠡᠯᠴᠢᠭᠡᠷ ᠤᠨ ᠳᠣᠪᠴᠢᠶᠠᠨ ᠤ ᠪᠠᠷᠠᠭᠤᠨ ᠬᠤᠶᠢᠲᠤ ᠣᠷᠣᠨ ᠣᠮᠠᠷᠠᠲᠤ ᠣᠷᠣᠨ ᠵᠡᠬᠦᠨ ᠬᠤᠶᠢᠲᠤ ᠣᠷᠣᠨ ᠤ ᠬᠠᠮᠠᠭᠠᠯᠠᠯᠲᠠ ᠶᠢᠨ ᠣᠢ ᠶᠢᠨ ᠪᠠᠶᠢᠭᠤᠯᠤᠯᠲᠠ ᠶᠢᠨ ᠳᠣᠪᠴᠢᠶᠠᠨ ᠤ ᠠᠯᠪᠠᠨ ᠭᠡᠷ ᠤᠨ ᠡᠷᠬᠢᠯᠡᠭᠴᠢ ᠰᠦᠨ ᠪᠠᠢ ᠬᠤᠩ᠂ ᠨᠣᠲᠤᠭ ᠪᠡᠯᠴᠢᠭᠡᠷ ᠤᠨ ᠭᠠᠵᠠᠷ ᠤᠨ ᠳᠠᠷᠤᠭ᠎ᠠ ᠰᠦᠨ ᠴᠦᠢ ᠡᠾᠧ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠬᠦᠭᠵᠢᠯᠲᠡ ᠶᠢᠨ ᠰᠣᠳᠣᠯᠭᠠᠨ ᠤ ᠬᠦᠷᠢᠶᠡᠯᠡᠩ ᠤᠨ ᠳᠠᠷᠤᠭ᠎ᠠ ᠯᠢ ᠪᠦ᠋᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠬᠦᠭᠵᠢᠯᠲᠡ ᠶᠢᠨ ᠲᠤᠭᠠᠴᠠᠯᠠᠭᠰᠠᠨ ᠠᠵᠤ ᠠᠬᠤᠢ ᠶᠢᠨ ᠰᠣᠳᠣᠯᠭᠠᠨ ᠤ ᠬᠦᠷᠢᠶᠡᠯᠡᠩ ᠤᠨ ᠳᠠᠷᠤᠭ᠎ᠠ ᠯᠢ ᠵᠢᠶᠠ᠂ ᠭᠤᠷᠪᠠᠨ ᠣᠷᠣᠨ ᠤ ᠳᠣᠪᠴᠢᠶᠠᠨ ᠤ ᠠᠵᠤ ᠦᠢᠯᠡᠰ ᠤᠨ ᠬᠤᠪᠢᠶᠠᠷᠢ ᠨᠡᠶᠢᠬᠡᠮᠯᠢᠭ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠬᠦ᠋ ᠶᠦᠨ ᠹᠸᠢ᠂ ᠬᠤᠰᠢᠭᠤ ᠣᠳᠣᠷᠢᠳᠣᠯᠭ᠎ᠠ ᠵᠤᠤ ᠱᠣᠸᠡᠨ᠂ ᠹᠦ᠋ ᠺᠧ᠂ ᠶᠢᠦ ᠵᠢᠶᠡᠨ ᠴᠢᠩ ᠵᠢᠴᠢ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠳ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号