ᠶᠠᠩ ᠶᠢᠩ ᠰᠢᠨ ᠪᠠᠶᠢᠴᠠᠭᠠᠯᠲᠠ ᠶᠢᠨ ᠳᠣᠭᠤᠶᠢᠯᠠᠩ ᠳᠠᠭᠠᠭᠤᠯᠤᠨ ᠬᠦᠬᠡᠨᠠᠭᠤᠷ᠂ ᠲᠢᠶᠡᠨᠵᠢᠨ᠂ ᠱᠠᠨᠳᠦ᠋ᠩ ᠳᠤ ᠬᠦᠷᠴᠦ ᠰᠢᠨᠵᠢᠯᠡᠨ ᠪᠠᠶᠢᠴᠠᠭᠠᠬᠤ ᠶᠢᠨ ᠬᠠᠮᠲᠤ ᠬᠤᠳᠠᠯᠳᠣᠭᠠᠴᠢᠨ ᠣᠷᠢᠵᠦ ᠪᠡᠯᠡ ᠲᠠᠲᠠᠪᠠ
ᠨᠡᠶᠢᠲᠡᠯᠡᠭᠰᠡᠨ ᠴᠠᠭ᠄
2022/7/26
    7 ᠰᠠᠷ᠎ᠠ ᠶᠢᠨ 18 ᠤ ᠡᠳᠦᠷ ᠠᠴᠠ 22 ᠤᠨ ᠡᠳᠦᠷ ᠪᠤᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ  ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠪᠠᠶᠢᠴᠠᠭᠠᠯᠲᠠ ᠶᠢᠨ ᠳᠣᠭᠤᠶᠢᠯᠠᠩ ᠳᠠᠭᠠᠭᠤᠯᠵᠤ᠂ ᠣᠷᠢᠳ ᠬᠤᠵᠢᠳ ᠬᠦᠬᠡᠨᠠᠭᠤᠷ ᠮᠣᠵᠢ ᠶᠢᠨ ᠬᠠᠶᠢᠨᠠᠨ  ᠤ ᠲᠦᠪᠡᠳ ᠦᠨᠳᠦᠰᠦᠲᠡᠨ ᠤ ᠦᠪᠡᠷᠲᠡᠭᠡᠨ ᠵᠠᠰᠠᠬᠤ ᠵᠸᠣ ᠶᠢᠨ ᠬᠦᠩ ᠡᠾᠧ ᠰᠢᠶᠡᠨ᠂ ᠲᠢᠶᠡᠨᠵᠢᠨ ᠬᠤᠲᠠ᠂ ᠱᠠᠨᠳᠦ᠋ᠩ ᠤᠨ ᠴᠢᠩᠳᠣᠣ ᠬᠤᠲᠠ᠂ ᠲᠠᠢ ᠠᠨ ᠬᠤᠲᠠ ᠵᠡᠷᠭᠡ ᠭᠠᠵᠠᠷ ᠢᠶᠠᠷ ᠰᠢᠨ᠎ᠡ ᠡᠨᠧᠷᠬᠢ ᠶᠢᠨ ᠰᠠᠭᠤᠷᠢᠨ ᠭᠠᠵᠠᠷ  ᠤᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠬᠤ ᠶᠢᠨ ᠬᠠᠮᠲᠤ ᠬᠤᠳᠠᠯᠳᠣᠭᠠᠴᠢᠨ ᠣᠷᠢᠵᠦ ᠪᠡᠯᠡ ᠲᠠᠲᠠᠪᠠ᠃ ᠬᠤᠲᠠ ᠶᠢᠨ ᠡᠨᠧᠷᠬᠢ ᠶᠢᠨ ᠲᠤᠪᠴᠢᠶᠠᠨ ᠤ ᠳᠡᠳ᠋ ᠳᠠᠷᠤᠭ᠎ᠠ ᠯᠢᠦ ᠴᠧᠩ ᠭᠠᠩ ᠬᠠᠮᠲᠤ ᠪᠠᠶᠢᠴᠠᠭᠠᠨ ᠰᠣᠳᠣᠯᠪᠠ᠃     ᠬᠦᠬᠡᠨᠡᠭᠤᠷ ᠮᠣᠵᠢ ᠶᠢᠨ ᠬᠦᠬᠡᠨᠠᠭᠤᠷ ᠠᠴᠠ ᠡᠾᠧᠨᠠᠨ ᠬᠦᠷᠬᠦ ᠬᠤᠶᠠᠳᠣᠭᠠᠷ ᠬᠤᠭᠤᠴᠠᠭᠠᠨ ᠤ ᠬᠡᠲᠦ ᠦᠨᠳᠦᠷ ᠬᠦᠴᠦᠳᠡᠯᠲᠦ ᠴᠠᠬᠢᠯᠭᠠᠨ ᠬᠦᠷᠬᠡᠬᠦ ᠱᠣᠭᠤᠮ ᠤᠨ ᠬᠦᠩ ᠡᠾᠧ 90 ᠲᠦᠮᠡᠨ ᠺᠢᠯᠣᠸᠠᠲ ᠨᠠᠷᠠᠨ ᠡᠨᠧᠷᠬᠢ ᠶᠢᠨ ᠲᠦᠷᠦᠯ ᠵᠦᠢᠯ ᠤᠨ ᠠᠬᠤᠢ ᠲᠠᠯᠠᠪᠠᠢ ᠳᠤ᠂ ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠬᠠᠶᠢᠨᠠᠨ ᠤ ᠲᠦᠪᠡᠳ ᠦᠨᠳᠦᠰᠦᠲᠡᠨ ᠤ ᠦᠪᠡᠷᠲᠡᠭᠡᠨ ᠵᠠᠰᠠᠬᠤ ᠵᠸᠣ ᠶᠢᠨ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ᠂ ᠡᠨᠧᠷᠬᠢ ᠶᠢᠨ ᠲᠤᠪᠴᠢᠶᠠᠨ ᠤ ᠳᠠᠷᠤᠭ᠎ᠠ ᠵᠠᠩ ᠵᠧᠨ ᠹᠸᠢ ᠲᠠᠢ ᠬᠦᠨᠵᠡᠬᠡᠢ ᠬᠠᠷᠢᠯᠴᠠᠵᠤ᠂ ᠲᠦᠷᠦᠯ ᠵᠦᠢᠯ ᠤᠨ ᠠᠵᠢᠯᠯᠠᠮᠵᠢ᠂ ᠭᠠᠵᠠᠷ ᠰᠢᠷᠤᠢ ᠶᠢᠨ ᠪᠠᠲᠤᠯᠠᠭ᠎ᠠ᠂ ᠠᠵᠤ ᠦᠢᠯᠡᠰ ᠤᠨ ᠳᠦᠬᠦᠷᠴᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃     ᠡᠨᠡᠬᠦ ᠬᠤᠭᠤᠴᠠᠭᠠᠨ ᠳᠤ᠂ ᠪᠠᠶᠢᠴᠠᠭᠠᠯᠲᠠ ᠶᠢᠨ ᠳᠣᠭᠤᠶᠢᠯᠩ ᠤᠨ ᠬᠢᠨ ᠲᠦᠷᠦᠯ ᠵᠦᠢᠯ ᠤᠨ ᠪᠠᠶᠢᠭᠤᠯᠤᠯᠲᠠ  ᠶᠢᠨ ᠠᠵᠤ ᠠᠬᠤᠶᠢᠯᠠᠯ ᠣᠯᠣᠰ ᠤᠨ ᠴᠠᠬᠢᠯᠭᠠᠨ ᠬᠦᠴᠦᠨ ᠤ ᠪᠡᠯᠡ ᠣᠷᠣᠭᠤᠯᠣᠯᠲᠠ ᠶᠢᠨ ᠬᠠᠲᠤᠨ ᠭᠤᠤᠯ ᠤᠨ ᠳᠡᠭᠡᠳᠦ ᠣᠷᠣᠰᠬᠠᠯ ᠤᠨ ᠣᠰᠣᠨ ᠴᠠᠬᠢᠯᠭᠠᠨ ᠤ ᠨᠡᠭᠡᠭᠡᠨ ᠠᠰᠢᠭᠯᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ  ᠯᠤᠭ᠎ᠠ ᠰᠠᠭᠤᠳᠠᠯ ᠤᠨ ᠬᠤᠷᠠᠯ ᠬᠢᠵᠦ᠂ ᠪᠠᠶᠢᠴᠠᠭᠠᠯᠲᠠ ᠶᠢᠨ ᠳᠣᠭᠤᠶᠢᠯᠠᠩ ᠠᠴᠠ ᠣᠲᠤᠭ ᠤᠨ ᠡᠮᠦᠨᠡᠲᠦ ᠬᠤᠰᠢᠭᠤᠨ  ᠤ ᠠᠵᠤ ᠦᠢᠯᠡᠰ ᠤᠨ ᠬᠦᠭᠵᠢᠯᠲᠡ ᠶᠢᠨ ᠲᠡᠣᠬᠡᠨ ᠶᠠᠪᠤᠴᠠ᠂ ᠪᠡᠯᠡ ᠣᠷᠣᠭᠤᠯᠣᠯᠲᠠ ᠶᠢᠨ ᠣᠷᠴᠢᠨ ᠠᠬᠤᠢ ᠵᠢᠴᠢ ᠬᠤᠳᠠᠯᠳᠣᠭᠠᠴᠢᠨ ᠣᠷᠢᠵᠦ ᠪᠡᠯᠡ ᠲᠠᠲᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠨ ᠨᠠᠷᠢᠨ ᠲᠠᠨᠢᠯᠴᠠᠭᠤᠯᠤᠨ᠂ ᠬᠤᠶᠠᠷ ᠲᠠᠯ᠎ᠠ ᠪᠠᠷ ᠢᠶᠠᠨ ᠬᠦᠨᠵᠡᠬᠡᠢ ᠬᠠᠷᠢᠯᠴᠠᠵᠤ᠂ ᠬᠠᠮᠲᠤᠷᠠᠯᠴᠠᠭ᠎ᠠ ᠪᠠᠶᠢᠭᠤᠯᠬᠤ ᠲᠤᠬᠠᠢ ᠠᠩᠬ᠎ᠠ ᠠᠯᠬᠤᠮ ᠤᠨ ᠰᠠᠨᠠᠮᠵᠢ ᠲᠤᠭᠲᠠᠪᠠ᠃     ᠲᠢᠶᠡᠨᠵᠢᠨ ᠤ ᠺᠦ᠋ ᠫᠦᠸᠧ ᠰᠢᠨ᠎ᠡ ᠡᠨᠧᠷᠬᠢ ᠶᠢᠨ ᠬᠤᠪᠢ ᠣᠷᠣᠭᠤᠯᠣᠯᠲᠠ ᠶᠢᠨ ᠬᠢᠵᠠᠭᠠᠷᠲᠤ ᠺᠤᠮᠫᠠᠨᠢ ᠳᠤ᠂ ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠠᠵᠤ ᠠᠬᠤᠶᠢᠯᠠᠯ ᠤᠨ ᠰᠠᠯᠬᠢᠨ ᠬᠦᠴᠦᠨ ᠤ ᠴᠠᠬᠢᠯᠭᠠᠨ ᠤ ᠡᠵᠡᠮᠰᠢᠯ  ᠤᠨ ᠰᠢᠰᠲ᠋ᠧᠮ᠂ ᠰᠢᠨ᠎ᠡ ᠡᠨᠧᠷᠬᠢ ᠶᠢᠨ ᠳᠦᠬᠦᠬᠡᠷᠦᠮᠵᠢ ᠶᠢᠨ ᠡᠷᠬᠦᠬᠦᠷ ᠪᠠᠭᠠᠵᠢ᠂ ᠣᠶᠣᠨᠴᠢ ᠲᠤᠨᠤᠭᠯᠠᠯ ᠤᠨ ᠦᠢᠯᠡᠳᠪᠦᠷᠢᠯᠡᠯ ᠤᠨ ᠲᠠᠰᠤᠭ ᠢ ᠲᠤᠭᠤᠷᠢᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠢᠨ᠎ᠡ ᠡᠨᠧᠷᠬᠢ ᠶᠢᠨ ᠠᠵᠤ ᠦᠢᠯᠡᠰ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠲᠦᠷᠦᠯ ᠵᠦᠢᠯ ᠤᠨ ᠣᠷᠣᠨᠵᠢᠭᠤᠯᠣᠯᠲᠠ ᠶᠢᠨ ᠲᠤᠭᠤᠷᠢᠨ ᠳᠤ ᠰᠠᠭᠤᠳᠠᠯ ᠤᠨ ᠬᠤᠷᠠᠯ ᠬᠢᠬᠦ ᠶᠢᠨ ᠬᠠᠮᠲᠤ ᠪᠠᠶᠢᠯᠳᠣᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ ᠪᠠᠶᠢᠭᠤᠯᠪᠠ᠃     ᠴᠢᠩᠳᠣᠣ ᠶᠢᠨ ᠡᠸ᠋ᠨ ᠳ᠋ᠢᠶᠡᠨ ᡁᠢ ᠯᠣ᠋ ᠣᠷᠴᠢᠨ ᠬᠠᠮᠠᠭᠠᠯᠠᠯᠲᠠ ᠶᠢᠨ ᠺᠤᠮᠫᠠᠨᠢ᠂ ᠹᠦ᠋ ᠴᠢ ᠶᠣᠸᠡᠨ ᠰᠢᠨ᠎ᠡ ᠮᠠᠶ᠋ᠢᠭ ᠤᠨ ᠪᠠᠷᠢᠯᠭ᠎ᠠ ᠶᠢᠨ ᠮᠡᠲ᠋ᠧᠷᠢᠶᠡᠯ ᠤᠨ ᠺᠣᠮᠫᠠᠨᠢ ᠳᠤ᠂ ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠠᠵᠤ ᠠᠬᠤᠶᠢᠯᠠᠯ ᠤᠨ ᠬᠦᠭᠵᠢᠯᠲᠡ ᠶᠢᠨ ᠲᠡᠣᠬᠡᠨ ᠶᠠᠪᠤᠴᠠ᠂ ᠮᠡᠷᠭᠡᠵᠢᠯ ᠤᠨ ᠨᠦᠬᠡᠴᠡᠯᠡᠯᠲᠡ᠂ ᠳᠠᠪᠠᠭᠤᠯᠢᠭ ᠦᠢᠯᠡᠳᠬᠦᠨ  ᠢ ᠣᠶᠢᠯᠠᠭᠠᠵᠤ᠂ ᠣᠷᠴᠢᠨ ᠬᠠᠮᠠᠭᠠᠯᠠᠯᠲᠠ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠵᠢᠴᠢ ᠦᠷᠬᠡᠳᠬᠡᠯ ᠲᠦᠷᠦᠯ ᠵᠦᠢᠯ ᠢ ᠣᠷᠣᠨᠵᠢᠭᠤᠯᠬᠤ ᠲᠤᠬᠠᠢ ᠰᠠᠭᠤᠳᠠᠯ ᠤᠨ ᠬᠤᠷᠠᠯ ᠬᠢᠵᠦ ᠰᠠᠨᠠᠯ ᠢᠶᠠᠨ ᠰᠣᠯᠢᠯᠴᠠᠪᠠ᠃     ᠱᠠᠨᠳᠦ᠋ᠩ ᠤᠨ ᠰᠢᠨ ᠲᠠᠢ ᠬᠤᠲᠠ ᠶᠢᠨ ᠨᠡᠬᠦᠷᠡᠰᠦ ᠮᠠᠯᠲᠠᠭᠰᠠᠨ ᠠᠴᠠ ᠪᠣᠯᠵᠣ ᠰᠠᠭᠤᠭᠳᠠᠭᠰᠠᠨ ᠣᠷᠣᠨ ᠤ ᠨᠠᠷᠠᠨ ᠡᠨᠧᠷᠬᠢ ᠶᠢᠨ ᠳᠠᠭᠠᠭᠤᠯᠤᠭᠴᠢ ᠮᠡᠷᠭᠡᠵᠢᠯ ᠤᠨ ᠰᠠᠭᠤᠷᠢᠨ ᠭᠠᠵᠠᠷ ᠲᠤ᠂ ᠪᠠᠶᠢᠴᠠᠭᠠᠯᠲᠠ ᠶᠢᠨ ᠳᠣᠭᠤᠶᠢᠯᠠᠩ  ᠤᠨ ᠬᠢᠨ ︽ᠲᠠᠷᠢᠶᠠᠯᠠᠩ ᠨᠠᠷᠠᠨ ᠡᠨᠧᠷᠬᠢ ᠬᠠᠷᠢᠯᠴᠠᠨ ᠨᠦᠬᠦᠪᠦᠷᠢᠯᠡᠬᠦ︾ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠵᠢᠱᠢᠶ᠎ᠡ ᠦᠵᠡᠬᠦᠯᠬᠦ ᠲᠦᠷᠦᠯ ᠵᠦᠢᠯ ᠢ ᠲᠤᠭᠤᠷᠢᠨ ᠦᠵᠡᠵᠦ᠂ ᠰᠠᠭᠤᠷᠢᠨ ᠭᠠᠵᠠᠷ ᠤᠨ ᠨᠠᠷᠠᠨ ᠡᠨᠧᠷᠬᠢ  ᠶᠢᠨ ᠴᠠᠬᠢᠯᠭᠠᠨ᠂ ᠠᠮᠢ ᠠᠬᠤᠢ ᠶᠢᠨ ᠲᠠᠷᠢᠶᠠᠯᠠᠩ᠂ ᠰᠡᠯᠡᠬᠦᠴᠡᠯ ᠵᠢᠭᠤᠯᠴᠢᠯᠠᠯ᠂ ᠰᠢᠨᠵᠢᠯᠡᠭᠡ ᠮᠡᠷᠬᠡᠵᠢᠯ ᠤᠨ ᠰᠣᠳᠣᠯᠭ᠎ᠠ ᠬᠦᠮᠦᠵᠢᠯ ᠪᠣᠯᠪᠠᠰᠣᠷᠠᠯ ᠢ ᠴᠤᠭᠴᠠᠵᠢᠭᠤᠯᠤᠭᠰᠠᠨ ᠬᠦᠭᠵᠢᠬᠦᠯᠦᠯᠲᠡ ᠶᠢᠨ ᠵᠢᠱᠢᠶ᠎ᠡ ᠶᠢ ᠲᠤᠭᠤᠷᠢᠨ ᠦᠵᠡᠵᠦ ᠰᠣᠷᠣᠯᠴᠠᠪᠠ᠃     ᠱᠠᠨᠳᠦ᠋ᠩ ᠤᠨ ᠡᠨᠧᠷᠬᠢ ᠶᠢᠨ ᠰᠢᠨ ᠸᠧᠨ ᠠᠭᠤᠷᠬᠠᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠶᠡᠷᠦᠩᠬᠡᠢ ᠬᠡᠯᠲᠡᠰ ᠲᠤ᠂ ᠪᠠᠶᠢᠴᠠᠭᠠᠯᠲᠠ ᠶᠢᠨ ᠳᠣᠭᠤᠶᠢᠯᠠᠩ ᠤᠨ ᠬᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠡᠾᠧ ᠰᠢ ᠯᠢᠨ ᠲᠠᠢ ᠠᠭᠤᠯᠵᠠᠵᠤ᠂ ᠠᠵᠤ ᠠᠬᠤᠶᠢᠯᠠᠯ  ᠤᠨ ᠣᠯᠠᠨ ᠵᠢᠯ ᠤᠨ ᠲᠤᠷᠰᠢ ᠣᠷᠣᠨ ᠨᠣᠲᠤᠭ ᠤᠨ ᠠᠵᠤ ᠠᠬᠤᠢ ᠨᠡᠶᠢᠬᠡᠮ ᠤᠨ ᠬᠦᠭᠵᠢᠯᠲᠡ ᠳᠤ ᠦᠵᠡᠬᠦᠯᠦᠭᠰᠡᠨ ᠳᠣᠪᠣᠶᠢᠮ᠎ᠠ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠨ᠂ ᠠᠵᠤ ᠠᠬᠤᠶᠢᠯᠠᠯ ᠤᠨ ᠳᠡᠭᠡᠳᠦ ᠲᠡᠰ ᠤᠨ ᠺᠠᠳ᠋ᠷᠴᠣᠳ ᠲᠠᠢ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠣᠯᠠᠮ ᠦᠷᠬᠡᠳᠬᠡᠬᠦ᠂ ᠣᠷᠣᠨ ᠨᠣᠲᠤᠭ ᠠᠵᠣ ᠠᠬᠤᠶᠢᠯᠠᠯ ᠤᠨ ᠬᠤᠤᠰ ᠠᠮᠵᠢᠯᠲᠠ ᠶᠢ ᠪᠡᠶᠡᠯᠡᠬᠦᠯᠬᠦ ᠲᠤᠬᠠᠢ ᠬᠦᠨᠵᠡᠬᠡᠢ ᠶᠠᠷᠢᠯᠴᠠᠪᠠ᠃     ᠬᠤᠰᠢᠭᠤ ᠣᠳᠣᠷᠢᠳᠣᠯᠭ᠎ᠠ ᠰᠦᠨ ᠶᠢᠦ ᠵᠢᠶᠦ᠋ᠨ᠂ ᠶᠠᠩ ᠵᠢᠢ ᠴᠢᠶᠠᠩ᠂ ᠵᠠᠰᠠᠭ   ᠤᠨ ᠣᠷᠳᠣᠨ ᠤ ᠠᠯᠪᠠᠨ ᠭᠡᠷ᠂ ᠡᠨᠧᠷᠬᠢ ᠶᠢᠨ ᠳᠣᠪᠴᠢᠶ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠰᠢᠨᠵᠢᠯᠡᠭᠡ ᠮᠡᠷᠭᠡᠵᠢᠯ ᠪᠠ ᠴᠢᠳᠠᠪᠤᠷᠢᠲᠠᠨ ᠤ ᠦᠢᠯᠡᠴᠢᠯᠡᠬᠡᠨ ᠤ ᠲᠦᠪ᠂ ᠵᠧᠩ ᠲᠧᠩ ᠪᠦᠯᠦᠭᠯᠡᠯ ᠤᠨ ᠭᠤᠤᠯ ᠬᠠᠷᠢᠭᠤᠴᠠᠯᠭᠠᠲᠠᠳ ᠬᠠᠮᠲᠤ ᠰᠢᠨᠵᠢᠯᠡᠨ ᠪᠠᠶᠢᠴᠠᠭᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号