ᠪᠤᠷᠤᠪᠠᠯᠭᠠᠰᠣ ᠪᠠᠯᠭᠠᠰᠣ ︽ᠲᠠᠪᠤᠵᠢᠭᠤᠯᠤᠯᠲᠠ ᠶᠢ ᠬᠠᠮᠲᠤᠪᠡᠷ ᠠᠳᠬᠤᠵᠤ᠂ ᠦᠨᠳᠦᠰᠦᠨ ᠱᠠᠲᠤᠨ ᠢ | ᠶᠡᠬᠡᠪᠡᠷ ᠠᠳᠬᠤᠬᠤ︾ ᠶᠡᠷᠦᠩᠬᠡᠢ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠲᠠᠪᠤᠷᠢᠵᠢᠭᠤᠯᠵᠤ᠂ ︽ᠬᠤᠪᠢᠰᠬᠠᠯᠲᠤ | ᠬᠦᠳᠡᠯᠬᠡᠬᠦᠷ᠂ ᠪᠦᠬᠦ ᠬᠦᠷᠢᠶ᠎ᠡ ᠴᠠᠷᠠᠭᠠᠨ ᠤ ᠨᠠᠮ ᠤᠨ ᠪᠠᠶᠢᠭᠤᠯᠤᠯᠲᠠ︾ ︽16585︾ ᠠᠵᠢᠯ ᠤᠨ ᠰᠢᠨ᠎ᠡ | ᠲᠤᠭᠲᠠᠯᠴᠠᠭ᠎ᠠ ᠪᠠ ︽152︾ ᠨᠠᠮ ᠤᠨ ᠪᠠᠶᠢᠭᠤᠯᠤᠯᠲᠠ ᠶᠢᠨ ᠵᠠᠭᠪᠤᠷ ᠢᠶᠠᠷ ᠵᠢᠯᠤᠭᠤᠳᠤᠯᠭ᠎ᠠ ᠪᠤᠯᠭᠠᠵᠤ᠂ ︽ᠲᠠᠪᠤ | ᠶᠢ ᠬᠦᠴᠦᠷᠬᠡᠭᠵᠢᠬᠦᠯᠬᠦ︾ ᠪᠠᠶᠢᠭᠤᠯᠤᠯᠲᠠ ᠶᠢᠨ ᠪᠠᠷᠢᠮᠵᠢᠶ᠎ᠠ ᠶᠤᠰᠤᠭᠠᠷ᠂ ᠪᠦᠬᠦ ᠪᠠᠯᠭᠠᠰᠣᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠪᠤᠲᠠᠲᠤ ᠪᠠᠶᠢᠳᠠᠯ ᠳᠤ ᠰᠠᠭᠤᠷᠢᠯᠠᠨ᠂ ᠶᠡᠷᠦᠩᠬᠡᠢ ᠱᠠᠭᠠᠷᠳᠠᠯᠭ᠎ᠠ ᠶᠢ | ᠲᠤᠲᠤᠷᠬᠠᠶᠢᠯᠠᠵᠤ᠂ ᠬᠡᠷᠡᠭᠵᠢᠬᠦᠯᠦᠯᠲᠡ ᠶᠢᠨ ᠠᠯᠬᠤᠮ ᠳᠠᠷᠠᠭ᠎ᠠ ᠶᠢ ᠨᠠᠷᠢᠯᠢᠭᠵᠢᠭᠤᠯᠤᠨ᠂ ︽ᠬᠠᠮᠤᠭ ᠤᠨ ᠬᠦᠴᠦᠷᠬᠡᠭ | ᠨᠠᠮ ᠤᠨ ᠡᠬᠦᠷ︾ ᠤᠨ ᠴᠤᠭᠴᠠᠯᠠᠯᠲᠠ ᠶᠢᠨ ᠠᠵᠢᠯ ᠢ ᠬᠢᠨᠠᠮᠠᠭᠠᠢ ᠦᠷᠨᠢᠬᠦᠯᠵᠦ᠂ ᠨᠠᠮ ᠤᠨ ᠡᠬᠦᠷ ᠤᠨ ᠪᠦᠬᠦ ᠲᠠᠯ᠎ᠠ | ᠶᠢᠨ ᠳᠠᠪᠰᠢᠯᠲᠠ ᠶᠢ ᠠᠬᠢᠭᠤᠯᠤᠨ᠂ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠳᠤ | ᠬᠦᠴᠦᠯᠡᠪᠡ᠃ | ᠣᠳᠣᠬᠠᠨ ᠪᠣᠯᠲᠠᠯ᠎ᠠ᠂ ᠬᠤᠲᠠ ᠶᠢᠨ ᠲᠡᠰ ᠤᠨ 2 ᠬᠠᠮᠤᠭ ᠤᠨ ᠬᠦᠴᠦᠷᠬᠡᠭ ᠨᠠᠮ ᠤᠨ ᠡᠬᠦᠷ ︵ᠲᠠᠷᠢᠶᠠᠨ | ᠰᠢᠯᠢ ᠭᠠᠴᠠᠭ᠎ᠠ᠂ ᠵᠡᠬᠡᠷᠬᠡᠨᠡᠲᠦ ᠲᠤᠰᠬᠤᠨ︶᠂ ᠬᠤᠰᠢᠭᠤ ᠳᠡᠰ ᠤᠨ 15 ᠬᠠᠮᠤᠭ ᠤᠨ ᠬᠦᠴᠦᠷᠬᠡᠭ ᠨᠠᠮ ᠤᠨ ᠡᠬᠦᠷ | ᠢ ᠴᠤᠭᠴᠠᠯᠠᠵᠤ᠂ ᠲᠤᠰ ᠵᠢᠯ ᠳᠤ 8 ᠬᠠᠮᠤᠭ ᠤᠨ ᠬᠦᠴᠦᠷᠬᠡᠭ ᠨᠠᠮ ᠤᠨ ᠡᠬᠦᠷ ᠢ ᠰᠢᠨ᠎ᠡ ᠪᠠᠷ ᠮᠡᠳᠡᠬᠦᠯᠦᠨ | ᠴᠤᠭᠴᠠᠯᠠᠵᠤ᠂ 29 ᠭᠠᠴᠠᠭ᠎ᠠ ᠲᠤᠰᠬᠤᠨ ᠪᠦᠬᠦᠨ ᠢ ᠨᠢᠭᠡᠳᠦᠬᠡᠷ ᠲᠦᠷᠦᠯ ᠤᠨ ᠨᠠᠮ ᠤᠨ ᠵᠤᠬᠢᠶᠠᠨ ᠪᠠᠶᠢᠭᠤᠯᠤᠯᠲᠠ | ᠪᠤᠯᠭᠠᠪᠠ᠃ | ᠴᠤᠭᠴᠠᠯᠠᠯᠲᠠ ᠶᠢᠨ ᠬᠠᠷᠠᠯᠲᠠ ᠪᠠᠨ ᠲᠤᠲᠤᠷᠬᠠᠶᠢᠯᠠᠵᠤ᠂ ᠬᠠᠷᠢᠯᠴᠠᠭ᠎ᠠ ᠪᠠᠷ ᠳᠠᠶᠢᠴᠢᠯᠠᠬᠤ ᠶᠢ ᠰᠠᠶᠢᠲᠤᠷ | ᠠᠳᠬᠤᠪᠠ᠃ ᠳᠡᠭᠡᠳᠦ ᠱᠠᠲᠤᠨ ᠤ ᠱᠠᠭᠠᠷᠳᠠᠯᠭ᠎ᠠ ᠶᠤᠰᠤᠭᠠᠷ᠂ ᠪᠠᠯᠭᠠᠰᠣᠨ ᠤ ᠨᠠᠮ ᠤᠨ ᠬᠤᠷᠢᠶ᠎ᠠ ᠠᠴᠠ ᠠᠵᠢᠯ ᠤᠨ | ᠬᠤᠯᠪᠤᠭᠠᠨ ᠤ ᠴᠡᠭ ᠢ ᠪᠠᠶᠢᠭᠤᠯᠵᠤ᠂ ᠪᠠᠯᠭᠠᠰᠣᠨ ᠤ ᠣᠳᠣᠷᠢᠳᠬᠤ ᠪᠠᠭ ᠠᠴᠠ ᠲᠤᠯᠤᠭᠠᠶᠢᠯᠠᠵᠤ ᠪᠦᠬᠦ ᠪᠠᠯᠭᠠᠰᠣᠨ ᠤ | 32 ᠭᠠᠴᠠᠭ᠎ᠠ ᠲᠤᠰᠬᠤᠨ ᠨᠠᠶᠢᠬᠡᠮ ᠲᠤᠭᠤᠷᠢᠭ ᠲᠠᠢ ︽ᠬᠠᠮᠤᠭ ᠤᠨ ᠬᠦᠴᠦᠷᠬᠡᠭ ᠨᠠᠮ ᠤᠨ ᠡᠬᠦᠷ︾ ᠤᠨ | ᠬᠤᠯᠪᠤᠭᠠᠨ ᠤ ᠴᠡᠭ ᠢ ᠴᠤᠭᠴᠠᠯᠠᠨ᠂ ᠡᠯ᠎ᠡ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠨᠠᠮ ᠤᠨ ᠡᠬᠦᠷ ᠠᠴᠠ | ᠦᠪᠡᠷᠰᠡᠳ ᠢᠶᠠᠨ ᠴᠤᠭᠴᠠᠯᠠᠬᠤ ᠶᠢ ᠪᠦᠬᠦ ᠲᠠᠯ᠎ᠠ ᠪᠠᠷ ᠵᠢᠯᠤᠭᠤᠳᠪᠠ᠃ ᠳᠡᠭᠡᠳᠦ ᠳᠣᠣᠷᠠᠲᠤ ᠱᠠᠲᠤ ᠬᠤᠯᠪᠤᠭᠠᠯᠠᠨ | ᠬᠦᠳᠡᠯᠦᠯᠴᠡᠬᠦ᠂ ᠴᠤᠭ ᠠᠳᠬᠤᠵᠣ ᠬᠠᠮᠲᠤᠪᠡᠷ ᠬᠠᠮᠢᠶᠠᠷᠬᠤ ᠨᠠᠮ ᠤᠨ ᠡᠬᠦᠷ ᠤᠨ ᠪᠠᠶᠢᠭᠤᠯᠤᠯᠲᠠ ᠶᠢᠨ ᠠᠵᠢᠯ ᠤᠨ | ᠲᠤᠭᠲᠠᠯᠴᠠᠭ᠎ᠠ ᠶᠢ ᠪᠦᠷᠢᠯᠳᠦᠬᠦᠯᠪᠡ᠃ ᠡᠬᠦᠨ ᠤ ᠬᠠᠮᠲᠤ ᠪᠤᠷᠤᠪᠠᠯᠭᠠᠰᠣ ᠪᠠᠯᠭᠠᠰᠣᠨ ᠤ ᠨᠡᠶᠢᠲᠡᠯᠡᠯ ᠤᠨ ᠸᠢᠴᠠᠲ | ᠳᠠᠪᠴᠠᠩ ᠢᠶᠠᠷ ︽ᠪᠢᠳᠡᠨ ᠤ ᠬᠠᠮᠤᠭ ᠤᠨ ᠬᠦᠴᠦᠷᠭᠡᠭ ᠨᠠᠮ ᠤᠨ ᠡᠬᠦᠷ︾ ᠤᠨ ᠲᠤᠰᠬᠠᠢ ᠳᠠᠪᠴᠠᠩ ᠢ | ᠪᠠᠶᠢᠭᠤᠯᠵᠤ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠠᠵᠢᠯ ᠤᠨ | ᠲᠤᠷᠰᠢᠯᠭ᠎ᠠ᠂ ᠣᠨᠴᠠᠯᠢᠭᠲᠤ ᠠᠵᠢᠯ ᠤᠨ ᠠᠷᠭ᠎ᠠ ᠮᠠᠶ᠋ᠢᠭ ᠢ ᠨᠡᠶᠢᠲᠡᠯᠡᠨ᠂ ᠦᠨᠳᠦᠰᠦᠨ ᠱᠠᠲᠣᠨ ᠤ ᠨᠠᠮ ᠤᠨ | ᠵᠤᠬᠢᠶᠠᠨ ᠪᠠᠶᠢᠭᠤᠯᠤᠯᠲᠠ ᠳᠣᠮᠳᠠ ᠬᠡᠪ ᠳᠠᠭᠤᠷᠢᠶᠠᠯ ᠪᠤᠯᠭᠠᠬᠤ ᠣᠬᠢ ᠰᠠᠶᠢᠨ ᠬᠡᠪ ᠰᠣᠷᠲᠠᠯ ᠢ ᠢᠳᠡᠪᠬᠢᠲᠡᠢ ᠪᠠᠷ ᠪᠤᠢ | ᠪᠤᠯᠭᠠᠪᠠ᠃ | ᠲᠤᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠯᠲᠠ ᠬᠢᠬᠦ ᠶᠢ ᠰᠠᠶᠢᠲᠤᠷ ᠠᠳᠬᠤᠵᠤ᠂ ᠳᠣᠪᠣᠶᠢᠮ᠎ᠠ | ᠠᠰᠠᠭᠤᠳᠠᠯ ᠢ ᠰᠢᠢᠳᠪᠦᠷᠢᠯᠡᠪᠡ᠃ ᠠᠵᠢᠯ ᠤᠨ ᠠᠬᠢᠭᠤᠯᠤᠯᠲᠠ ᠶᠢᠨ ᠬᠤᠷᠠᠯ ᠢ ᠬᠤᠷᠠᠯᠳᠣᠭᠤᠯᠬᠤ᠂ ᠦᠷᠬᠦᠯᠵᠢ ᠶᠢᠨ | ᠴᠢᠨᠠᠷᠲᠠᠢ ᠪᠠᠷ ᠱᠠᠭᠠᠷᠳᠠᠨ ᠪᠠᠶᠢᠴᠠᠭᠠᠬᠤ᠂ ᠳᠠᠰᠢᠷᠠᠮ ᠢᠶᠠᠷ ᠰᠣᠩᠭᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ | ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ︽ᠬᠠᠮᠤᠭ ᠤᠨ ᠬᠦᠴᠦᠷᠭᠡᠭ ᠨᠠᠮ ᠤᠨ ᠡᠬᠦᠷ︾ ᠤᠨ ᠴᠤᠭᠴᠠᠯᠠᠯᠲᠠ | ᠶᠢᠨ ᠪᠠᠶᠢᠳᠠᠯ ᠳᠤ ᠱᠠᠲᠤᠴᠢ ᠴᠢᠨᠠᠷᠲᠠᠢ ᠲᠤᠬᠢᠷᠠᠭᠤᠯᠤᠯᠲᠠ ᠶᠢ ᠬᠡᠷᠡᠭᠵᠢᠬᠦᠯᠪᠡ᠃ ᠨᠠᠮ ᠤᠨ ᠬᠡᠰᠢᠬᠦᠨ ᠣᠳᠣᠷᠢᠳᠬᠤ | ᠺᠠᠳ᠋ᠷᠴᠣᠳ ᠠᠴᠠ ᠰᠠᠨᠠᠭᠠᠴᠢᠯᠠᠭ᠎ᠠ ᠠᠴᠠ ᠪᠠᠨ ᠣᠷᠣᠯᠴᠠᠬᠤ᠂ ᠬᠤᠯᠪᠤᠭᠠᠨ ᠤ ᠴᠡᠭ ᠤᠨ ᠭᠤᠷᠪᠠᠨ ᠬᠤᠷᠠᠯ ᠨᠢᠬᠡ | ᠬᠢᠴᠢᠶᠡᠯ ᠢ ᠵᠢᠯᠤᠭᠤᠳᠬᠤ᠂ ᠭᠤᠤᠯ ᠰᠡᠳᠦᠪᠲᠤ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠬᠦᠯᠬᠦ ᠵᠡᠷᠭᠡ ᠨᠠᠮ ᠤᠨ | ᠵᠤᠬᠢᠶᠠᠨ ᠪᠠᠶᠢᠭᠤᠯᠤᠯᠲᠠ ᠶᠢᠨ ᠠᠮᠢᠳᠣᠷᠠᠯ ᠢ ᠠᠮᠢᠳᠣᠯᠢᠭᠵᠢᠭᠤᠯᠤᠨ᠂ ᠨᠠᠮ ᠤᠨ ᠡᠬᠦᠷ ᠤᠨ ᠣᠯᠣᠰ ᠲᠦᠷᠦ ᠶᠢᠨ | ᠴᠢᠳᠠᠪᠬᠢ᠂ ᠰᠠᠭᠤᠷᠢᠨ ᠭᠠᠵᠠᠷ ᠤᠨ ᠪᠠᠶᠢᠭᠤᠯᠤᠯᠲᠠ᠂ ᠨᠠᠮ ᠤᠨ ᠬᠡᠰᠢᠬᠦᠳ ᠤᠨ ᠡᠩᠨᠡᠭᠡ ᠵᠡᠷᠭᠡ ᠪᠠᠶᠢᠭᠤᠯᠤᠯᠲᠠ ᠶᠢᠨ | ᠪᠠᠶᠢᠳᠠᠯ ᠢ ᠣᠶᠢᠯᠠᠭᠠᠵᠤ᠂ ᠨᠠᠮ ᠤᠨ ᠡᠬᠦᠷ ᠤᠨ ᠪᠠᠶᠢᠭᠤᠯᠤᠯᠲᠠ ᠶᠢᠨ ᠬᠠᠷᠠᠯᠲᠠ ᠪᠠᠨ ᠲᠤᠲᠤᠷᠬᠠᠶᠢᠯᠠᠬᠤ᠂ ᠠᠵᠢᠯ | ᠤᠨ ᠲᠤᠲᠠᠭᠤᠳᠠᠯ ᠢᠶᠠᠨ ᠨᠦᠬᠦᠪᠦᠷᠢᠯᠡᠬᠦ ᠶᠢ ᠬᠠᠪᠰᠣᠷᠪᠠ᠃ | ᠠᠵᠢᠯ ᠤᠨ ᠶᠠᠪᠤᠴᠠ ᠶᠢ ᠴᠢᠩᠭᠠᠳᠬᠠᠵᠤ᠂ ᠱᠠᠲᠤ ᠳᠠᠷᠠᠭᠠᠯᠠᠨ ᠦᠨᠡᠯᠡᠬᠦ ᠶᠢ ᠰᠠᠶᠢᠲᠤᠷ ᠬᠢᠪᠡ᠃ ︽ᠬᠠᠮᠤᠭ | ᠤᠨ ᠬᠦᠴᠦᠷᠬᠡᠭ ᠨᠠᠮ ᠤᠨ ᠡᠬᠦᠷ︾ ᠤᠨ ᠦᠨᠡᠯᠡᠯᠲᠡ ᠶᠢᠨ ᠪᠠᠷᠢᠮᠵᠢᠶ᠎ᠠ ᠶᠢ ᠭᠠᠴᠠᠭ᠎ᠠ ᠲᠤᠰᠬᠤᠨ ᠨᠡᠶᠢᠬᠡᠮ ᠲᠤᠭᠤᠷᠢᠭ | ᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ︽ᠠᠷᠪᠠᠨ ᠣᠳᠣᠨ ᠲᠡᠰ︾ ᠤᠨ ᠬᠠᠮᠢᠶᠠᠷᠤᠯᠲᠠ ᠪᠠ ︽ᠣᠳᠣᠨ | ᠦᠷᠢᠰᠦᠯᠳᠦᠬᠦ︾ ᠠᠵᠢᠯᠯᠠᠭᠠᠨ ᠵᠡᠷᠭᠡ ᠠᠵᠢᠯ ᠲᠠᠢ ᠣᠷᠭᠠᠨᠢᠭ ᠢᠶᠠᠷ ᠣᠶᠠᠯᠳᠣᠭᠤᠯᠵᠣ᠂ ᠦᠨᠡᠯᠡᠯᠲᠡ ᠶᠢᠨ ᠠᠵᠢᠯ ᠤᠨ | ᠳᠣᠮᠳᠠ ᠵᠤᠬᠢᠶᠠᠨ ᠪᠠᠶᠢᠭᠤᠯᠤᠯᠲᠠ᠂ ᠨᠠᠮ ᠤᠨ ᠬᠡᠰᠢᠬᠦᠨ᠂ ᠣᠯᠠᠨ ᠲᠦᠮᠡᠨ᠂ ᠨᠡᠶᠢᠬᠡᠮ ᠤᠨ ᠬᠦᠷᠢᠶᠡᠯᠡᠯ ᠢ ᠣᠯᠬᠤ | ᠪᠠᠷ ᠦᠨᠳᠦᠰᠦᠨ ᠦᠨᠡᠯᠡᠯᠲᠡ ᠶᠢᠨ ᠪᠠᠷᠢᠮᠵᠢᠶ᠎ᠠ ᠶᠢ ᠳᠣᠪᠣᠶᠢᠯᠭᠠᠨ᠂ ︽ᠳᠦᠷᠪᠡ ᠶᠢ ᠦᠨᠡᠯᠡᠬᠦ︾ ᠠᠵᠢᠯ ᠤᠨ | ᠲᠤᠭᠲᠠᠴᠠ ᠶᠢ ᠴᠢᠩᠭᠠᠳᠬᠠᠵᠤ᠂ ᠴᠤᠭᠴᠠᠯᠠᠯᠲᠠ ᠶᠢᠨ ᠬᠠᠷᠠᠯᠲᠠ ᠪᠠᠨ ᠠᠮᠵᠢᠯᠲᠠᠲᠠᠢ ᠪᠡᠶᠡᠯᠡᠬᠦᠯᠪᠡ᠃ |