ᠮᠠᠨ ᠤ ᠬᠤᠰᠢᠭᠤᠨ ᠤ ᠮᠣᠩᠭᠤᠯ ᠡᠮᠨᠡᠯᠬᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠮᠣᠩᠭᠤᠯ ᠡᠸᠦ᠋ᠷᠦᠫᠡ ᠡᠮ ᠢᠶᠠᠷ ᠰᠢᠨ᠎ᠡ ᠬᠡᠷᠢᠬᠦ ᠡᠪᠡᠳᠴᠢᠨ ᠢ ᠪᠦᠲᠦᠮᠵᠢᠲᠡᠢ ᠡᠮᠨᠡᠨ ᠵᠠᠰᠠᠵᠤ ᠪᠠᠶᠢᠨ᠎ᠠ
ᠨᠡᠶᠢᠲᠡᠯᠡᠭᠰᠡᠨ ᠴᠠᠭ᠄
2022/7/29
     ᠣᠳᠣᠬᠠᠨ ᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠬᠦᠭᠵᠢᠶᠡᠨ ᠲᠠᠢ ᠪᠤᠯᠤᠭᠰᠠᠨ ᠠᠴᠠ ᠮᠠᠯ ᠤᠨ ᠪᠷᠦ᠋ᠽᠧᠯ ᠡᠪᠡᠳᠴᠢᠨ ᠬᠦᠮᠦᠨ ᠳᠤ ᠬᠠᠯᠳᠠᠪᠤᠷᠢᠯᠠᠭᠰᠠᠨ ᠦᠵᠡᠭᠳᠡᠯ ᠮᠠᠰᠢ ᠠᠷᠪᠢᠨ ᠣᠷᠣᠰᠢᠵᠦ ᠪᠠᠶᠢᠭ᠎ᠠ ᠪᠠᠶᠢᠳᠠᠯ ᠳᠤ ᠴᠢᠭᠯᠡᠬᠦᠯᠦᠨ ᠬᠤᠰᠢᠭᠤᠨ ᠤ ᠮᠣᠩᠭᠤᠯ ᠡᠮᠨᠡᠯᠬᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠠᠴᠠ ᠡᠮᠴᠢ ᠠᠵᠢᠯᠲᠠᠨ ᠢᠶᠠᠨ ᠭᠠᠳᠠᠭᠰᠢ ᠲᠤᠮᠢᠯᠠᠨ ᠰᠣᠷᠣᠯᠴᠠᠭᠤᠯᠬᠤ ᠪᠠᠷ ᠳᠠᠮᠵᠢᠨ ᠡᠨᠡ ᠬᠦ ᠪᠷᠦ᠋ᠽᠧᠯ ᠡᠪᠡᠳᠴᠢᠨ ᠢ ᠪᠦᠲᠦᠮᠵᠢᠲᠡᠢ ᠡᠮᠨᠡᠨ ᠵᠠᠰᠠᠵᠤ ᠪᠠᠶᠢᠨ᠎ᠠ᠃      ᠪᠷᠦ᠋ᠽᠧᠯ ᠡᠪᠡᠳᠴᠢᠨ ᠬᠡᠳᠡᠭ ᠨᠢ ᠮᠠᠯ ᠤᠨ ᠬᠡᠬᠡᠯ ᠬᠠᠶᠠᠬᠤ ᠡᠪᠡᠳᠴᠢᠨ ᠪᠤᠶᠤ ᠰᠢᠨ᠎ᠡ ᠬᠡᠷᠢᠬᠦ ᠡᠪᠡᠳᠴᠢᠨ ᠢ ᠵᠢᠭᠠᠵᠤ ᠪᠤᠢ᠃ ᠡᠨᠡ   ᠨᠢ ᠮᠠᠯ ᠠᠴᠠ ᠬᠦᠮᠦᠨ ᠳᠤ᠂ ᠬᠦᠮᠦᠨ ᠠᠴᠠ ᠬᠦᠮᠦᠨ ᠳᠤ ᠬᠠᠯᠳᠠᠪᠤᠷᠢᠯᠠᠳᠠᠭ ᠶᠤᠮ᠃ ᠣᠲᠤᠭ ᠤᠨ ᠡᠮᠦᠨᠡᠲᠦ ᠬᠤᠰᠢᠭᠤᠨ ᠤ ᠮᠣᠩᠭᠤᠯ ᠡᠮᠨᠡᠯᠬᠡ ᠶᠢᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠶᠢᠨ ᠴᠡᠩᠬᠡᠯᠳᠦ᠋ᠬᠦᠷᠡᠩ ᠡᠮᠴᠢ ᠡᠨᠡ ᠬᠦ ᠪᠷᠦ᠋ᠽᠧᠯ ᠡᠪᠡᠳᠴᠢᠨ ᠢ ᠡᠮᠨᠡᠨ ᠵᠠᠰᠠᠬᠵᠤ ᠡᠬᠦᠷᠭᠡ ᠶᠢ ᠬᠦᠯᠢᠶᠡᠨ ᠠᠪᠴᠤ᠂ ᠨᠢᠳᠣᠨᠣᠨ ᠤ 10 ᠰᠠᠷ᠎ᠠ ᠠᠴᠠ ᠡᠨᠡ ᠵᠢᠯ ᠤᠨ 1 ᠰᠠᠷ᠎ᠠ ᠪᠤᠯᠲᠠᠯ᠎ᠠ ᠬᠦᠬᠡᠬᠤᠲᠠ ᠶᠢᠨ ᠣᠯᠠᠨ ᠣᠯᠣᠰ ᠤᠨ ᠮᠣᠩᠭᠤᠯ ᠡᠮᠨᠡᠯᠬᠡ ᠶᠢᠨ ᠬᠤᠷᠢᠶᠠᠨ ᠳᠤ ᠲᠤᠰᠬᠠᠶᠢᠯᠠᠨ ᠰᠣᠷᠣᠯᠴᠠᠵᠤ ᠢᠷᠡᠭᠰᠡᠨ ᠤ ᠳᠠᠷᠠᠭ᠎ᠠ᠂ ᠡᠳᠡᠭᠡᠷ ᠰᠢᠨ᠎ᠡ ᠬᠡᠷᠢᠬᠦ ᠡᠪᠡᠳᠴᠢᠨ ᠳᠤ ᠨᠡᠷᠪᠡᠭᠳᠡᠭᠰᠡᠨ ᠬᠦᠮᠦᠰ ᠲᠤ ᠮᠣᠩᠭᠤᠯ ᠡᠸᠦ᠋ᠷᠦᠫᠡ ᠡᠮᠨᠡᠯᠭᠡ ᠶᠢ ᠬᠠᠪᠰᠣᠷᠭᠠᠨ ᠡᠮᠨᠡᠭᠰᠡᠨ ᠳᠤ ᠦᠷ᠎ᠡ ᠳ᠋ᠦᠩ ᠨᠢ ᠶᠡᠭᠡ ᠰᠠᠶᠢᠨ ᠪᠠᠶᠢᠯ᠎ᠠ᠃ ᠣᠳᠣᠬᠠᠨ ᠳᠤ ᠲᠡᠬᠦᠨ ᠤ ᠡᠮᠴᠢᠯᠡᠭᠡ ᠪᠠᠷ ᠳᠠᠯᠠᠭᠠᠳ ᠬᠦᠮᠦᠨ ᠡᠮᠨᠡᠬᠦᠯᠵᠦ ᠪᠠᠶᠢᠬᠤ ᠪᠦᠭᠡᠳ ᠠᠷᠪᠠᠨ ᠬᠡᠳᠦᠨ ᠬᠦᠮᠦᠨ ᠨᠢ ᠴᠢᠰᠣᠨ ᠤ ᠰᠢᠯᠭᠠᠨ ᠪᠠᠶᠢᠴᠠᠭᠠᠯᠲᠠ ᠪᠠᠷ ᠳᠠᠮᠵᠢᠭᠠᠳ ᠨᠢᠭᠡᠨᠲᠡ ᠪᠦᠷᠢᠮᠦᠰᠦᠨ ᠢᠯᠡᠷᠢ ᠪᠤᠯᠤᠭᠰᠠᠨ ᠢ ᠬᠡᠷᠡᠴᠢᠯᠡᠭᠰᠡᠨ ᠪᠠᠶᠢᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号