ᠶᠠᠩ ᠶᠢᠩ ᠰᠢᠨ ᠪᠣᠯᠪᠠᠰᠣᠨ ᠬᠤᠲᠠ ᠶᠢᠨ ᠴᠤᠭᠴᠠᠯᠠᠯᠲᠠ ᠵᠢᠴᠢ ᠠᠷᠠᠳ ᠤᠨ ᠠᠮᠢᠳᠣᠷᠠᠯ᠂ ᠬᠤᠲᠠ ᠶᠢᠨ ᠶᠠᠪᠤᠳᠠᠯ ᠤᠨ ᠬᠡᠰᠡᠭ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/7/4
    6 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠣᠯᠵᠠᠴᠢ ᠪᠠᠯᠭᠠᠰᠣᠨ ᠳᠤ ᠪᠣᠯᠪᠠᠰᠣᠨ ᠬᠤᠲᠠ ᠶᠢᠨ ᠴᠤᠭᠴᠠᠯᠠᠯᠲᠠ ᠵᠢᠴᠢ ᠠᠷᠠᠳ ᠤᠨ ᠠᠮᠢᠳᠣᠷᠠᠯ᠂ ᠬᠤᠲᠠ ᠶᠢᠨ ᠶᠠᠪᠤᠳᠠᠯ ᠤᠨ ᠬᠡᠰᠡᠭ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠣᠳᠣᠯᠪᠠ᠃     ᠶᠠᠩ ᠶᠢᠩ ᠰᠢᠨ ᠣᠷᠢᠳ ᠬᠤᠵᠢᠳ ᠡᠾᠧ ᠲᠠᠢ ᠰᠠᠭᠤᠭᠠᠯᠢ ᠲᠤᠭᠤᠷᠢᠭ᠂ ᠮᠣᠷᠢ ᠣᠷᠣᠯᠳᠣᠬᠤ ᠲᠠᠯᠠᠪᠤᠷ ᠤᠨ ᠰᠠᠭᠤᠭᠠᠯᠢ ᠲᠤᠭᠤᠷᠢᠭ᠂  ᠣᠣᠯ ᠤᠨ ᠠᠮᠣ ᠪᠣᠳᠠᠭᠠᠨ ᠤ ᠲᠤᠪᠴᠢᠶᠠᠨ ᠤ ᠰᠠᠭᠤᠭᠠᠯᠢ ᠲᠤᠭᠤᠷᠢᠭ ᠵᠢᠴᠢ ᠬᠤᠶᠠᠷ ᠺᠢᠯᠣᠮᠧᠲᠷ ᠲᠠᠬᠢ ᠬᠤᠲᠠ ᠬᠦᠳᠡᠭᠡ ᠶᠢᠨ ᠠᠭᠤᠯᠵᠠᠷ ᠭᠠᠵᠠᠷ ᠲᠤ ᠬᠦᠷᠴᠦ᠂ ᠰᠠᠭᠤᠭᠠᠯᠢ ᠲᠤᠭᠤᠷᠢᠭ ᠤᠨ ᠣᠷᠴᠢᠨ ᠲᠤᠭᠤᠷᠢᠨ ᠢ ᠪᠠᠶᠢᠴᠠᠭᠠᠵᠤ ᠦᠵᠡᠨ᠂ ᠲᠤᠬᠠᠢ ᠶᠢᠨ ᠲᠠᠯᠠᠪᠠᠢ ᠳᠤ ᠠᠯᠪᠠᠯᠠᠬᠤ ᠪᠠᠷ ᠳᠠᠮᠵᠢᠭᠤᠯᠤᠨ ᠣᠷᠣᠨ ᠰᠠᠭᠤᠴᠠ  ᠶᠢᠨ ᠬᠡᠷᠡᠮ ᠬᠠᠨ᠎ᠠ ᠶᠢᠨ ᠨᠢᠯᠠᠭᠠᠰᠣ ᠭᠤᠤᠵᠢᠭᠰᠠᠨ᠂ ᠵᠠᠮ ᠤᠨ ᠭᠠᠳᠠᠷᠭᠤ ᠬᠤᠭᠵᠢᠷᠠᠭᠰᠠᠨ ᠵᠢᠴᠢ ᠨᠡᠶᠢᠲᠡ ᠶᠢᠨ ᠬᠡᠷᠡᠭᠯᠡᠭᠡᠨ ᠤ ᠬᠡᠰᠡᠭ ᠲᠦᠬᠦᠬᠡᠷᠦᠮᠵᠢ ᠶᠢᠨ ᠰᠡᠯᠪᠢᠯᠲᠡ ᠵᠡᠷᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠪᠡ᠃ ᠲᠡᠷᠡ᠂ ᠣᠯᠵᠠᠴᠢ ᠪᠠᠯᠭᠠᠰᠣ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠤᠭ᠎ᠠ ᠪᠠᠷᠢᠮᠲᠠ ᠪᠠ ᠬᠦᠷᠢᠶ᠎ᠡ ᠬᠡᠪᠴᠢᠶ᠎ᠠ ᠪᠠᠨ ᠪᠦᠬᠦ ᠲᠠᠯ᠎ᠠ ᠪᠠᠷ ᠲᠤᠲᠤᠷᠬᠠᠢ ᠪᠠᠶᠢᠴᠠᠭᠠᠵᠤ᠂ ᠰᠡᠯᠪᠢᠨ ᠲᠡᠬᠦᠯᠳᠡᠷᠵᠢᠬᠦᠯᠬᠦ ᠪᠠᠷ ᠭᠤᠤᠯ ᠪᠤᠯᠭᠠᠬᠤ ᠵᠠᠷᠴᠢᠮ ᠢ ᠪᠠᠷᠢᠮᠲᠠᠯᠠᠨ᠂ ᠨᠢᠭᠡᠳᠦᠯᠲᠡᠢ ᠲᠦᠯᠦᠪᠵᠢᠬᠦᠯᠦᠨ ᠲᠦᠰᠦᠪᠯᠡᠵᠦ᠂ ᠢᠨᠵᠧᠨᠧᠷᠢᠩ ᠤᠨ ᠶᠠᠰᠣ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠪᠦᠯᠦᠭ ᠪᠦᠯᠦᠭ ᠢᠶᠠᠷ ᠬᠡᠷᠡᠭᠵᠢᠬᠦᠯᠦᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠤᠲᠠ ᠬᠦᠳᠡᠭᠡ ᠶᠢᠨ ᠠᠭᠤᠯᠵᠠᠷ ᠭᠠᠵᠠᠷ ᠲᠤ ᠡᠷᠦᠬᠡ ᠳᠤ ᠬᠦᠨᠵᠡᠬᠡᠶᠢᠷᠡᠨ ᠪᠠᠶᠢᠴᠠᠭᠠᠵᠤ᠂ ᠰᠠᠭᠤᠭᠠᠯᠢ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠦᠢᠴᠡᠳ ᠬᠤᠷᠢᠶᠠᠨ᠂ ᠣᠷᠴᠢᠨ ᠲᠤᠭᠤᠷᠢᠨ ᠤ ᠡᠷᠡᠬᠦᠯ ᠬᠠᠮᠠᠭᠠᠯᠠᠯ ᠪᠠ ᠬᠤᠳᠠᠯᠳᠣᠭᠠᠨ ᠤ ᠡᠷᠦᠬᠡ ᠶᠢᠨ ᠳᠦᠷᠢᠮᠵᠢᠬᠦᠨ ᠡᠵᠡᠩᠨᠡᠯᠲᠡ ᠶᠢ ᠪᠠᠶᠢᠩᠭᠤᠵᠢᠭᠤᠯᠤᠨ ᠠᠳᠬᠤᠵᠤ᠂ ᠬᠤᠲᠠ ᠪᠠᠯᠭᠠᠰᠣᠨ ᠤ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠳᠦᠪᠰᠢᠨ ᠢ ᠲᠠᠰᠣᠷᠠᠯᠲᠠ ᠦᠬᠡᠢ. ᠳᠡᠭᠡᠭᠰᠢᠯᠡᠬᠦᠯᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠠᠨ ᠵᠢᠦᠢ ᠰᠠᠭᠤᠭᠠᠯᠢ ᠲᠤᠭᠤᠷᠢᠭ᠂ ᠡᠾᠧ ᠰᠢᠶᠤᠤ ᠰᠠᠭᠤᠭᠠᠯᠢ ᠲᠤᠭᠤᠷᠢᠭ ᠲᠤ᠂ ᠶᠠᠩ ᠶᠢᠩ ᠰᠢᠨ ᠠᠴᠠ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠯᠲᠡ ᠪᠠ ᠴᠠᠬᠢᠯᠭᠠᠨ ᠱᠠᠲᠤ ᠨᠡᠮᠡᠵᠦ ᠣᠭᠰᠠᠷᠠᠬᠤ ᠵᠡᠷᠭᠡ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ  ᠨᠠᠷᠢᠨ ᠰᠣᠨᠣᠰᠴᠣ᠂ ᠠᠷᠠᠳ ᠤᠨ ᠠᠮᠢᠳᠣᠷᠠᠯ ᠤᠨ ᠲᠦᠷᠦᠯ ᠵᠦᠢᠯ ᠤᠨ ᠪᠠᠶᠢᠭᠤᠯᠤᠯᠲᠠ᠂ ᠰᠠᠭᠤᠭᠠᠯᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠵᠦᠢ ᠵᠤᠬᠢᠰᠲᠠᠢ ᠲᠦᠰᠦᠪᠯᠡᠵᠦ᠂ ᠲᠦᠷᠦᠯ ᠵᠦᠢᠯ ᠤᠨ ᠬᠡᠷᠡᠭᠵᠢᠬᠦᠯᠦᠯᠲᠡ ᠶᠢ ᠲᠦᠷᠬᠡᠳᠬᠡᠨ᠂ ᠠᠷᠠᠳ ᠣᠯᠠᠨ ᠳᠤ ᠳᠦᠬᠦᠮ ᠳᠦᠳᠡ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠠᠬᠤᠢ ᠶᠢ ᠪᠦᠬᠦ ᠬᠦᠴᠦᠨ ᠢᠶᠠᠷ ᠬᠠᠩᠭᠠᠵᠤ᠂ ᠠᠷᠠᠳ ᠤᠨ ᠠᠮᠢᠳᠣᠷᠠᠯ ᠤᠨ ᠬᠠᠷᠠᠭᠠᠯᠵᠠᠯ ᠤᠨ ᠪᠤᠲᠠᠲᠤ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠵᠢᠷᠠ ᠪᠠᠷᠠᠭᠤᠨ ᠵᠡᠬᠡᠯᠢ ᠳᠤ᠂ ᠶᠠᠩ ᠶᠢᠩ ᠰᠢᠨ ᠠᠴᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠣᠭᠰᠠᠨ ᠤ ᠳᠠᠷᠠᠭ᠎ᠠ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠬᠡᠨ ᠪᠠᠶᠢᠭᠤᠯᠤᠯᠲᠠ ᠶᠢᠨ ᠲᠤᠪᠴᠢᠶ᠎ᠠ ᠪᠠ ᠣᠯᠵᠠᠴᠢ ᠪᠠᠯᠭᠠᠰᠣ ᠬᠠᠮᠲᠤᠷᠠᠨ ᠬᠦᠴᠢᠷ ᠪᠡᠷᠭᠡ ᠶᠢ ᠢᠯᠠᠨ ᠳᠠᠪᠠᠵᠤ᠂ ᠡᠮᠦᠨᠡᠬᠢ ᠬᠤᠭᠤᠴᠠᠭᠠᠨ ᠤ ᠭᠠᠷᠳᠠᠮ ᠤᠨ ᠬᠦᠢᠴᠡᠳᠬᠡᠯᠲᠡ ᠵᠢᠴᠢ ᠡᠯ᠎ᠡ ᠲᠦᠷᠦᠯ ᠤᠨ ᠪᠡᠯᠡᠳᠬᠡᠯ ᠠᠵᠢᠯ ᠢ ᠲᠦᠷᠬᠡᠳᠬᠡᠨ᠂ ᠲᠦᠷᠦᠯ ᠵᠦᠢᠯ ᠬᠤᠭᠤᠴᠠᠭ᠎ᠠ ᠠᠬᠢᠴᠠ ᠶᠤᠰᠤᠭᠠᠷ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠣᠶᠢᠷ᠎ᠠ ᠬᠠᠪᠢ ᠶᠢᠨ ᠰᠠᠭᠤᠭᠠᠯᠢ ᠣᠯᠠᠨ ᠲᠦᠮᠡᠨ ᠳᠤ ᠳᠦᠬᠦᠮ ᠳᠦᠳᠡ ᠶᠠᠪᠤᠵᠤ ᠰᠠᠭᠤᠬᠤ ᠨᠦᠬᠦᠴᠡᠯ ᠢ ᠡᠷᠲᠡᠬᠡᠨ ᠬᠠᠩᠭᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃     ᠪᠠᠶᠢᠴᠠᠭᠠᠯᠲᠠ ᠶᠢᠨ ᠳᠠᠷᠠᠭ᠎ᠠ᠂ ᠶᠠᠩ ᠶᠢᠩ ᠰᠢᠨ ᠬᠤᠷᠠᠯ ᠬᠤᠷᠠᠯᠳᠣᠭᠤᠯᠵᠣ᠂ ᠪᠠᠯᠭᠠᠰᠣᠨ ᠲᠤᠭᠤᠷᠢᠭ ᠤᠨ ᠰᠠᠭᠤᠷᠢ ᠳᠦᠬᠦᠬᠡᠷᠦᠮᠵᠢ ᠶᠢᠨ ᠰᠡᠯᠪᠢᠯᠲᠡ᠂ ᠬᠠᠭᠤᠴᠢᠨ ᠰᠠᠭᠤᠭᠠᠯᠢ ᠲᠤᠭᠤᠷᠢᠭ ᠤᠨ ᠦᠬᠡᠷᠡᠴᠢᠯᠡᠯᠲᠡ ᠵᠡᠷᠭᠡ ᠣᠴᠢᠷ ᠶᠠᠪᠤᠳᠠᠯ ᠢ ᠲᠤᠰᠬᠠᠢ ᠰᠠᠲᠤᠪ ᠢᠶᠠᠷ ᠰᠣᠳᠣᠯᠪᠠ᠃ ᠲᠡᠷᠡ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠳᠡᠭᠡᠳᠦ ᠱᠠᠲᠤ ᠲᠠᠢ ᠬᠠᠷᠢᠯᠴᠠᠨ ᠵᠤᠬᠢᠴᠠᠭᠤᠯᠬᠤ ᠪᠠᠨ ᠴᠢᠩᠭᠠᠳᠬᠠᠵᠤ᠂ ᠪᠡᠯᠡ ᠮᠦᠩᠭᠦ ᠶᠢ ᠢᠳᠡᠪᠬᠢᠲᠡᠢ ᠪᠠᠷ ᠣᠯᠣᠨ᠂ ᠠᠷᠪᠢᠴᠢ ᠮᠦᠷᠲᠡᠭᠡᠨ ᠬᠡᠷᠡᠭᠴᠡᠭᠡᠲᠡᠢ ᠵᠠᠷᠴᠢᠮ ᠢ ᠪᠠᠷᠢᠮᠲᠠᠯᠠᠵᠤ᠂ ᠲᠦᠷᠦᠯ ᠵᠦᠢᠯ ᠤᠨ ᠪᠤᠲᠠᠲᠤ ᠪᠠᠶᠢᠳᠠᠯ ᠶᠤᠰᠤᠭᠠᠷ᠂ ᠡᠯ᠎ᠡ ᠲᠦᠷᠦᠯ ᠤᠨ ᠢᠨᠵᠧᠨᠧᠷᠢᠩ ᠢ ᠪᠦᠯᠦᠭ ᠬᠤᠪᠢᠶᠠᠵᠦ ᠬᠡᠷᠡᠭᠵᠢᠬᠦᠯᠦᠨ᠂ ᠬᠤᠲᠠ ᠪᠠᠯᠭᠠᠰᠣᠨ ᠤ ᠬᠡᠪ ᠴᠢᠨᠰᠠᠭ᠎ᠠ ᠪᠠ ᠠᠷᠠᠳ ᠣᠯᠠᠨ ᠤ ᠬᠦᠷᠲᠡᠮᠵᠢ᠂ ᠵᠤᠯ ᠵᠢᠷᠭᠠᠯ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠬᠤᠰᠢᠭᠤ ᠣᠳᠣᠷᠢᠳᠣᠯᠭ᠎ᠠ ᠱᠢ ᠬᠤᠢ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠵᠢᠴᠢ ᠣᠯᠵᠠᠴᠢ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠵᠣ ᠲᠤᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号