ᠵᠢᠵᠢᠭ ᠠᠮᠲᠠᠲᠤ ᠬᠡᠮᠬᠡ ᠬᠠᠮᠲᠤ ᠶᠢᠨ ᠠᠵᠤ ᠠᠬᠤᠢ ᠶᠢᠨ ᠶᠡᠭᠡ ᠬᠦᠰᠡᠯ ᠡᠷᠡᠮᠡᠯᠵᠡᠯ ᠪᠣᠯᠪᠠ
ᠨᠡᠶᠢᠲᠡᠯᠡᠭᠰᠡᠨ ᠴᠠᠭ᠄
2022/7/6
    ᠣᠶᠢᠷ᠎ᠠ ᠶᠢᠨ ᠵᠢᠯ ᠤᠳ ᠲᠤ᠂ ᠣᠲᠤᠭ ᠤᠨ ᠡᠮᠦᠨᠡᠲᠦ ᠬᠤᠰᠢᠭᠤ ᠨᠠᠮ ᠤᠨ ᠵᠤᠬᠢᠶᠠᠨ ᠪᠠᠶᠢᠭᠤᠯᠤᠯᠲᠠ ᠪᠠᠷ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠬᠦᠯᠦᠨ ᠪᠠᠶᠠᠵᠢᠭᠤᠯᠬᠤ ᠶᠢ ᠠᠬᠢᠭᠤᠯᠬᠤ ᠦᠨᠳᠦᠰᠦᠨ ᠪᠠᠲᠤᠯᠠᠭ᠎ᠠ ᠪᠤᠯᠭᠠᠨ᠂ ᠠᠵᠤ ᠦᠢᠯᠡᠳᠪᠦᠷᠢ ᠪᠠ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠵᠦ᠂ ᠣᠯᠠᠨ ᠶᠠᠩᠵᠤ ᠶᠢᠨ ᠬᠦᠭᠵᠢᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠦᠭᠰᠡᠭᠡᠷ ᠢᠷᠡᠪᠡ᠃     ᠣᠳᠣᠬᠠᠨ ᠳᠤ ᠶᠠᠭ ᠰᠠᠶᠢᠬᠠᠨ ᠭᠤᠸᠠ ᠵᠢᠮᠢᠰ ᠪᠤᠯᠪᠠᠰᠣᠷᠠᠵᠤ ᠪᠠᠶᠢᠭ᠎ᠠ ᠴᠠᠭ ᠪᠤᠯᠬᠤᠷ ᠬᠤᠯᠠ ᠣᠶᠢᠷ᠎ᠠ ᠳᠤ  ᠪᠠᠨ ᠠᠯᠳᠠᠷᠲᠠᠢ ᠣᠯᠵᠠᠴᠢ ᠪᠠᠯᠭᠠᠰᠣ ᠶᠢᠨ ᠶᠡᠭᠡ ᠲᠤᠯᠤᠨ ᠲᠤᠰᠬᠤᠨ ᠤ ᠠᠮᠲᠠᠲᠤ ᠬᠡᠮᠬᠡ ᠴᠣ᠋ ᠵᠠᠬ᠎ᠠ ᠳᠡᠯᠭᠡᠬᠦᠷ ᠲᠤ ᠭᠠᠷᠴᠣ ᠡᠬᠢᠯᠡᠪᠡ᠃ ᠦᠷᠯᠦᠬᠡ ᠡᠷᠲᠡ ᠵᠦᠢᠯ ᠤᠨ ᠰᠢᠪᠠᠭᠤᠳ ᠤᠨ ᠵᠢᠷᠬᠢᠬᠦ ᠳᠠᠭᠤᠨ ᠢᠶᠠᠷ ᠣᠯᠵᠠᠴᠢ ᠪᠠᠯᠭᠠᠰᠣ ᠶᠢᠨ ᠶᠡᠭᠡ ᠲᠤᠯᠤᠨ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠦᠯᠡᠮᠵᠢᠨ ᠳᠤ ᠣᠷᠣᠬᠤ ᠳᠤ ᠠᠩᠭᠢᠯᠤᠮ᠎ᠠ ᠦᠨᠦᠷ ᠬᠠᠩᠬᠤᠯᠤᠨ ᠰᠡᠳᠬᠢᠯ ᠢ ᠰᠣᠭᠲᠤᠷᠠᠭᠤᠯᠵᠤ᠂ ᠲᠤᠰᠬᠤᠨ ᠤ ᠨᠠᠮ ᠤᠨ ᠡᠬᠦᠷ ᠤᠨ ᠱᠦᠵᠢ ᠲᠤᠰᠬᠤᠨ ᠤ ᠨᠠᠮ ᠤᠨ ᠬᠡᠰᠢᠬᠦᠳ ᠲᠠᠢ ᠪᠠᠨ ᠬᠠᠮᠲᠤ ᠠᠮᠲᠠᠲᠤ ᠬᠡᠮᠬᠡ ᠲᠡᠭᠦᠵᠦ ᠬᠤᠪᠢᠶᠠᠨ᠂ ᠪᠠᠭᠯᠠᠵᠤ ᠪᠤᠭᠤᠳᠠᠯᠯᠠᠭᠠᠳ ᠶᠡᠭᠠᠷᠠᠵᠤ ᠪᠠᠶᠢᠯ᠎ᠠ᠃     ᠶᠡᠭᠡ ᠲᠤᠯᠤᠨ ᠲᠤᠰᠬᠤᠨ ᠣᠯᠵᠠᠴᠢ ᠪᠠᠯᠭᠠᠰᠣ ᠶᠢᠨ ᠪᠠᠷᠠᠭᠤᠨ ᠲᠡᠬᠦᠷᠭᠡ ᠳᠤ ᠪᠠᠶᠢᠷᠢᠯᠠᠵᠤ᠂ ᠲᠠᠷᠢᠮᠠᠯ ᠤᠨ ᠦᠢᠯᠡᠰ ᠢᠶᠠᠷ ᠭᠤᠤᠯ ᠪᠤᠯᠭᠠᠨ᠂ ᠲᠡᠵᠢᠬᠡᠨ ᠦᠷᠡᠵᠢᠬᠦᠯᠬᠦ ᠦᠢᠯᠡᠰ ᠢᠶᠠᠷ ᠬᠠᠪᠰᠣᠷᠣᠮᠵᠢ ᠪᠤᠯᠭᠠᠭᠰᠠᠨ ᠲᠤᠰᠬᠤᠨ ᠶᠤᠮ᠃ ᠵᠠᠮ ᠬᠠᠷᠢᠯᠴᠠᠭ᠎ᠠ᠂ ᠪᠠᠶᠢᠷᠢᠰᠢᠯ ᠤᠨ ᠳᠠᠪᠠᠭᠤᠯᠢᠭ ᠲᠤ ᠪᠠᠨ ᠲᠦᠰᠢᠭᠯᠡᠨ ᠣᠨᠴᠠᠯᠢᠭᠲᠤ ᠵᠢᠮᠢᠰ ᠨᠣᠭᠤᠭ᠎ᠠ ᠲᠠᠷᠢᠬᠤ ᠭᠤᠤᠯᠯᠠᠬᠤ ᠠᠵᠤ ᠦᠢᠯᠡᠰ ᠢ ᠲᠤᠭᠲᠠᠭᠠᠵᠤ᠂ 2018 ᠣᠨ ᠠᠴᠠ ᠡᠬᠢᠯᠡᠨ᠂ ᠨᠢᠭᠡ ᠰᠠᠭᠤᠷᠢ ᠭᠤᠯᠳᠤᠩ ᠰᠠᠷᠠᠪᠴᠢ᠂ ᠬᠤᠶᠠᠷ ᠰᠠᠭᠤᠷᠢ ᠨᠠᠷᠠᠨ ᠬᠡᠷᠡᠯ ᠤᠨ ᠬᠦᠯᠡᠮᠵᠢ᠂ 12 ᠰᠠᠭᠤᠷᠢ ᠰᠦᠯᠢᠶᠤᠤ ᠪᠦᠷᠬᠦᠪᠴᠢᠲᠦ ᠬᠦᠯᠡᠮᠵᠢ  ᠲᠠᠢ ᠬᠠᠮᠲᠤ ᠶᠢᠨ ᠠᠵᠤ ᠠᠬᠤᠢ ᠶᠢᠨ ᠳᠦᠬᠦᠬᠡᠷᠦᠮᠵᠢᠲᠦ ᠲᠠᠷᠢᠶᠠᠯᠠᠩ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠵᠠᠢ᠃     ᠲᠦᠷᠦᠬᠦᠦ ᠣᠳᠠᠭᠠᠨ ᠤ ᠠᠮᠲᠠᠲᠤ ᠬᠡᠮᠬᠡ ᠵᠠᠬ᠎ᠠ ᠳᠡᠯᠭᠡᠭᠦᠷ ᠲᠤ ᠭᠠᠷᠤᠮᠠᠭᠴᠠ ᠵᠠᠬᠢᠶᠠᠯᠠᠭ᠎ᠠ ᠳᠦᠬᠦᠷᠴᠦ᠂ ᠵᠠᠬᠢᠶᠠᠯᠠᠭ᠎ᠠ ᠰᠠᠶᠢᠨ ᠪᠠᠶᠢᠬᠤ ᠳᠤ ᠣᠯᠠᠨ ᠢᠶᠠᠷ ᠢᠶᠠᠨ ᠨᠡᠩ ᠤᠷᠮ᠎ᠠ ᠲᠠᠢ ᠠᠵᠢᠯᠯᠠᠨ᠂ ᠦᠷᠯᠦᠬᠡ ᠡᠷᠲᠡ ᠲᠠᠪᠤᠨ ᠴᠠᠭ ᠬᠠᠭᠠᠰ ᠠᠴᠠ ᠠᠵᠢᠯ ᠢᠶᠠᠨ  ᠡᠬᠢᠯᠡᠬᠦᠯᠵᠦ᠂ ᠭᠤᠷᠪᠠᠨ ᠴᠠᠭ ᠪᠤᠯᠤᠯ ᠦᠬᠡᠢ ᠨᠢᠭᠡᠯᠡ ᠳᠡᠭᠡᠷ᠎ᠡ ᠵᠠᠬᠢᠶᠠᠯᠠᠭᠰᠠᠨ 1800 ᠵᠢᠩ ᠰᠢᠨ᠎ᠡ ᠰᠣᠷᠭᠤᠭ ᠠᠮᠲᠠᠲᠤ ᠬᠡᠮᠭᠡ ᠶᠢ ᠪᠤᠭᠤᠳᠠᠯᠯᠠᠵᠤ ᠪᠠᠭᠯᠠᠭᠠᠳ ᠳᠠᠷᠤᠢ ᠳᠤᠨᠢ ᠬᠤᠳᠠᠯᠳᠣᠨ ᠠᠪᠤᠭᠴᠢ ᠳᠤ ᠨᠢ ᠬᠦᠷᠭᠡᠵᠦ ᠦᠭᠪᠡ᠃ ᠭᠤᠸᠠ ᠵᠢᠮᠢᠰ ᠲᠡᠬᠦᠬᠦ ᠠᠴᠠ ᠠᠪᠤᠭᠠᠳ ᠢᠯᠭᠠᠬᠤ᠂ ᠪᠤᠭᠤᠳᠠᠯᠯᠠᠬᠤ᠂ ᠳᠡᠷᠭᠡᠨ ᠳᠤ ᠰᠠᠪᠠᠯᠠᠬᠤ᠂ ᠲᠡᠭᠡᠭᠡᠪᠦᠷᠢᠯᠡᠬᠦ ᠵᠡᠷᠭᠡ ᠪᠣᠢ ᠪᠦᠬᠦᠢ ᠠᠵᠢᠯ ᠢ ᠴᠦᠮ ᠨᠠᠮ ᠤᠨ ᠡᠬᠦᠷ ᠤᠨ ᠱᠦᠵᠢ ᠠᠴᠠ ︽ᠬᠤᠶᠠᠷ ᠵᠦᠪᠯᠡᠯ︾ ᠵᠢᠴᠢ ᠨᠠᠮ ᠤᠨ ᠬᠡᠰᠢᠬᠦᠳ ᠢᠶᠠᠨ ᠳᠠᠭᠠᠭᠤᠯᠵᠤ ᠲᠡᠰ ᠳᠠᠷᠠᠭᠠᠯᠠᠯ ᠲᠠᠢ ᠶᠠᠪᠤᠭᠳᠠᠭᠤᠯᠤᠨ᠂ ᠲᠤᠰᠬᠤᠨ ᠤ ᠵᠠᠷᠤᠳᠠᠯ ᠢᠶᠠᠨ ᠴᠢᠳᠠᠬᠤ ᠶᠢᠨ ᠲᠤᠲᠤᠷ᠎ᠠ ᠠᠷᠪᠢᠯᠠᠪᠠ᠃
    ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠬᠦ ᠪᠣᠯ ᠲᠠᠷᠢᠶᠠᠯᠠᠩ ᠮᠠᠯ ᠠᠵᠤ ᠠᠬᠤᠢ  ᠶᠢᠨ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠪᠠᠶᠢᠵᠦ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠨᠠᠶᠢᠲᠠ  ᠶᠢᠨ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠬᠦᠯᠬᠦ᠂ ᠨᠡᠶᠢᠬᠡᠮ ᠤᠨ ᠵᠠᠰᠠᠯᠲᠠ ᠶᠢ ᠳᠡᠬᠦᠯᠳᠡᠷᠵᠢᠬᠦᠯᠬᠦ᠂ ᠬᠠᠮᠲᠤᠪᠡᠷ ᠪᠠᠶᠠᠵᠢᠬᠤ ᠶᠢ ᠪᠡᠶᠡᠯᠡᠬᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠤᠯᠬᠤ ᠪᠦᠭᠡᠳ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠠᠬᠢᠭᠤᠯᠬᠤ ᠬᠦᠴᠦᠲᠡᠢ ᠭᠠᠷᠳᠠᠴᠠ ᠪᠠ ᠬᠤᠲᠠ ᠬᠦᠳᠡᠭᠡ ᠶᠢᠨ ᠬᠦᠭᠵᠢᠯᠲᠡ ᠶᠢ ᠨᠢᠭᠡᠳᠦᠯᠲᠡᠢ ᠲᠦᠯᠦᠪᠵᠢᠬᠦᠯᠬᠦ᠂ ᠨᠡᠶᠢᠬᠡᠮ ᠤᠨ ᠲᠤᠭᠲᠠᠭᠤᠨ ᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃
    ᠠᠮᠲᠠᠲᠤ ᠬᠡᠮᠬᠡ ᠨᠢ ᠰᠠᠭᠤᠭᠠᠯᠢ ᠠᠷᠠᠳ ᠤᠨ ᠬᠤᠯᠢᠰᠢᠨ ᠢᠳᠡᠭᠡᠨ ᠢ ᠡᠯᠪᠡᠭᠵᠢᠬᠦᠯᠬᠦ ᠪᠠᠷ ᠪᠠᠷᠠᠬᠤ ᠦᠬᠡᠢ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠣᠯᠠᠮ ᠨᠡᠮᠡᠭᠳᠡᠬᠦᠯᠵᠦ᠂ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠯᠲᠡ ᠶᠢᠨ ︽ᠶᠡᠭᠡ ᠬᠦᠰᠡᠯ ᠡᠷᠡᠮᠡᠯᠵᠡᠯ︾ ᠢ ᠣᠷᠢᠶᠠᠯᠠᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号