ᠪᠤᠷᠤᠪᠠᠯᠭᠠᠰᠣ ᠪᠠᠯᠭᠠᠰᠣ ᠡᠮᠡᠭᠳᠡᠶᠢᠴᠣᠳ ᠤᠨ ᠬᠦᠴᠦᠨ ᠢ ᠨᠢᠭᠲᠠᠷᠠᠭᠤᠯᠤᠨ ᠢᠳᠡᠪᠬᠢᠯᠡᠬᠦᠯᠵᠦ ᠪᠤᠢ
ᠨᠡᠶᠢᠲᠡᠯᠡᠭᠰᠡᠨ ᠴᠠᠭ᠄
2022/7/7
    ᠪᠤᠷᠤᠪᠠᠯᠭᠠᠰᠣ ᠪᠠᠯᠭᠠᠰᠣ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ᠂ ᠨᠠᠮ ᠤᠨ ᠬᠡᠰᠢᠬᠦᠨ᠂ ᠡᠮᠡᠭᠳᠡᠶᠢᠴᠣᠳ ᠤᠨ ᠬᠤᠯᠪᠤᠭ᠎ᠠ ᠵᠡᠷᠭᠡ ᠬᠦᠴᠦᠨ ᠢ ᠪᠠᠳᠠᠷᠠᠭᠤᠯᠬᠤ ᠶᠢᠨ ᠲᠦᠯᠦᠬᠡ᠂ ︽ᠨᠠᠮ ᠤᠨ ᠡᠬᠦᠷ + ᠡᠮᠡᠭᠳᠡᠶᠢᠴᠣᠳ ᠤᠨ ᠬᠤᠯᠪᠤᠭ᠎ᠠ + ᠨᠠᠮ ᠤᠨ ᠬᠡᠰᠢᠬᠦᠨ︾ ᠬᠡᠬᠦ ᠠᠷᠭ᠎ᠠ ᠮᠠᠶ᠋ᠢᠭ ᠢᠶᠠᠷ 32 ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠡᠮᠡᠭᠳᠡᠶᠢᠴᠣᠳ ᠤᠨ ᠬᠤᠯᠪᠤᠭ᠎ᠠ ᠠᠴᠠ ᠲᠤᠰ  ᠭᠠᠴᠠᠭᠠᠨ ᠤ ᠡᠮᠡᠭᠲᠡᠶᠢᠴᠣᠳ ᠢᠶᠠᠨ ᠵᠤᠬᠢᠶᠠᠨ ᠪᠠᠶᠢᠭᠤᠯᠤᠨ ᠰᠠᠶᠢᠨ ᠳᠣᠷ᠎ᠠ ᠶᠢᠨ ᠦᠢᠯᠡᠴᠢᠯᠡᠬᠡᠨ ᠤ ᠠᠩᠬᠢ ᠶᠢ ᠪᠦᠷᠢᠯᠳᠦᠬᠦᠯᠵᠦ᠂ ᠵᠢᠱᠢᠶᠡᠴᠢ ᠳᠠᠶᠢᠴᠢᠯᠠᠯᠲᠠ ᠶᠢᠨ ᠦᠢᠯᠡᠳᠦᠯ ᠪᠠ ᠡᠮᠡᠭᠳᠡᠶᠢᠴᠣᠳ ᠤᠨ ᠦᠢᠯᠡᠳᠦᠯ ᠢ ᠡᠷᠴᠢᠮᠲᠡᠢ ᠪᠠᠳᠠᠷᠠᠭᠤᠯᠣᠨ᠂ ᠣᠢ ᠰᠢᠭᠤᠢ ᠨᠣᠲᠤᠭ ᠪᠡᠯᠴᠢᠭᠡᠷ ᠤᠨ ᠴᠡᠭᠴᠡᠯᠡᠯᠲᠡ᠂ ᠭᠠᠵᠠᠷ ᠳᠣᠣᠷᠠᠬᠢ ᠣᠰᠣ ᠶᠢ ᠬᠠᠣᠯᠢ ᠪᠤᠰᠤ ᠪᠠᠷ ᠬᠡᠷᠡᠭᠯᠡᠬᠦ ᠲᠤᠰᠬᠠᠢ ᠪᠠᠶᠢᠴᠠᠭᠠᠯᠲᠠ ᠴᠡᠭᠴᠡᠯᠡᠯᠲᠡ ᠪᠠ ᠡᠮᠡᠭᠲᠡᠶᠢᠴᠣᠳ ᠪᠤᠯᠤᠨ ᠬᠡᠣᠬᠡᠳ ᠢ ᠮᠡᠬᠡᠯᠡᠨ ᠬᠤᠳᠠᠯᠳᠣᠭᠠᠯᠠᠬᠤ ᠶᠠᠯᠠᠲᠤ ᠠᠵᠢᠯᠯᠠᠭᠠᠨ ᠳᠤ ᠲᠤᠰᠬᠠᠢ ᠴᠤᠬᠢᠯᠲᠠ ᠦᠭᠭᠦ ᠠᠵᠢᠯᠯᠠᠭ᠎ᠠ ᠶᠢᠨ ᠲᠤᠭᠤᠷᠢᠨ ᠳᠤ ᠰᠠᠶᠢᠨ ᠳᠣᠷ᠎ᠠ ᠶᠢᠨ ᠦᠢᠯᠡᠴᠢᠯᠡᠭᠡᠨ  ᠤ ᠠᠵᠢᠯᠯᠠᠭᠠᠨ ᠢ ᠢᠳᠡᠪᠬᠢᠲᠡᠢ ᠪᠠᠷ ᠦᠷᠨᠢᠬᠦᠯᠪᠡ᠃     ᠠᠵᠢᠯᠯᠠᠭᠠᠨ ᠳᠤ᠂ ᠡᠮᠡᠭᠲᠡᠶᠢᠴᠣᠳ ᠤᠨ ᠰᠠᠶᠢᠨ ᠳᠣᠷ᠎ᠠ ᠶᠢᠨ ᠦᠢᠯᠡᠴᠢᠯᠡᠬᠡᠨ ᠤ ᠠᠩᠬᠢ ᠠᠴᠠ ᠣᠢ ᠰᠢᠭᠤᠢ ᠨᠣᠲᠤᠭ ᠪᠡᠯᠴᠢᠭᠡᠷ ᠤᠨ ᠴᠡᠭᠴᠡᠯᠡᠯᠲᠡ᠂ ᠭᠠᠵᠠᠷ ᠳᠣᠣᠷᠠᠬᠢ ᠣᠰᠣ ᠶᠢ ᠬᠠᠣᠯᠢ ᠪᠤᠰᠤ ᠪᠠᠷ ᠬᠡᠷᠡᠭᠯᠡᠬᠦ᠂ ᠡᠮᠡᠭᠲᠡᠶᠢᠴᠣᠳ ᠪᠤᠯᠤᠨ ᠬᠡᠣᠬᠡᠳ ᠢ ᠮᠡᠬᠡᠯᠡᠨ ᠬᠤᠳᠠᠯᠳᠣᠭᠠᠯᠠᠬᠤ ᠶᠠᠯᠠᠲᠤ ᠠᠵᠢᠯᠯᠠᠭᠠᠨ ᠳᠤ ᠴᠣᠬᠢᠯᠲᠠ ᠦᠭᠭᠦ ᠣᠬᠠᠭᠤᠯᠤᠭᠴᠢ᠂ ᠬᠢᠨᠠᠯᠲᠠ ᠲᠠᠯᠪᠢᠭᠴᠢ ᠪᠤᠯᠵᠤ᠂ ᠣᠢ ᠰᠢᠭᠤᠢ ᠨᠣᠲᠤᠭ ᠪᠡᠯᠴᠢᠭᠡᠷ ᠤᠨ ᠴᠡᠭᠴᠡᠯᠡᠯᠲᠡ᠂ ᠭᠠᠵᠠᠷ ᠳᠣᠣᠷᠠᠬᠢ ᠣᠰᠣ ᠶᠢ ᠬᠠᠣᠯᠢ ᠪᠤᠰᠤ ᠪᠠᠷ ᠬᠡᠷᠡᠭᠯᠡᠬᠦ᠂ ᠡᠮᠡᠭᠲᠡᠶᠢᠴᠣᠳ ᠪᠤᠯᠤᠨ ᠬᠡᠣᠬᠡᠳ ᠢ ᠮᠡᠬᠡᠯᠡᠨ ᠬᠤᠳᠠᠯᠳᠣᠭᠠᠯᠠᠬᠤ ᠶᠠᠯᠠᠲᠤ ᠠᠵᠢᠯᠯᠠᠭᠠᠨ ᠳᠤ ᠴᠣᠬᠢᠯᠲᠠ ᠦᠭᠭᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠵᠢᠴᠢ ᠬᠦᠬᠢᠬᠦᠯᠦᠯ ᠤᠨ ᠲᠤᠭᠲᠠᠴᠠ ᠶᠢ ᠬᠤᠯᠪᠤᠭ᠎ᠠ ᠪᠤᠯᠭᠠᠨ ᠨᠠᠶᠢᠷᠠᠭᠤᠯᠵᠤ ᠵᠣᠬᠢᠶᠠᠨ᠂ ᠴᠦᠬᠡᠨ ᠲᠤᠭᠠᠲᠤ ᠦᠨᠳᠦᠰᠦᠲᠡᠨ ᠤ ᠦᠬᠡ ᠬᠡᠯᠡ  ᠪᠠᠷ ᠬᠠᠤᠯᠢ ᠪᠤᠰᠤ ᠪᠠᠷ ᠠᠲᠠᠷ ᠬᠠᠭᠠᠯᠪᠤᠷᠢᠯᠠᠬᠤ᠂ ᠣᠰᠣᠨ ᠤ ᠡᠬᠢ ᠰᠣᠷᠪᠣᠯᠵᠢ ᠶᠢᠨ ᠬᠠᠮᠠᠭᠠᠯᠠᠯᠲᠠ᠂ ᠡᠮᠡᠭᠲᠡᠶᠢᠴᠣᠳ ᠪᠤᠯᠤᠨ ᠬᠡᠣᠬᠡᠳ ᠢ ᠮᠡᠬᠡᠯᠡᠨ ᠬᠤᠳᠠᠯᠳᠣᠭᠠᠯᠠᠬᠤ ᠶᠠᠯᠠᠲᠤ ᠠᠵᠢᠯᠯᠠᠭᠠᠨ ᠳᠤ ᠴᠣᠬᠢᠯᠲᠠ ᠦᠭᠭᠦ ᠵᠡᠷᠭᠡ ᠬᠠᠣᠯᠢ ᠳᠦᠷᠢᠮ ᠤᠨ ᠮᠡᠳᠡᠯᠭᠡ ᠶᠢ ᠶᠡᠬᠡᠪᠡᠷ ᠣᠬᠠᠭᠤᠯᠪᠠ᠃     ᠡᠮᠡᠭᠲᠡᠶᠢᠴᠣᠳ ᠤᠨ ᠰᠠᠶᠢᠨ ᠳᠣᠷ᠎ᠠ ᠶᠢᠨ ᠦᠢᠯᠡᠴᠢᠯᠡᠬᠡᠨ ᠤ ᠠᠩᠬᠢ ᠶᠢᠨ ᠬᠢᠨ ᠠᠮᠢ ᠠᠬᠤᠢ ᠶᠢᠨ ᠬᠠᠮᠠᠭᠠᠯᠠᠯᠲᠠ ᠶᠢᠨ ᠹᠷᠣᠨᠲ ᠲᠤ ᠡᠷᠡᠮᠡᠬᠡᠶᠢᠯᠡᠨ ᠣᠷᠣᠭᠰᠢᠯᠠᠵᠣ᠂ ᠠᠵᠢᠯ ᠤᠨ ᠪᠠᠶᠢᠷᠢᠨ ᠳᠤ ᠪᠠᠨ ᠰᠢᠭᠤᠷᠬᠠᠶᠢᠯᠠᠬᠤ  ᠪᠠᠷ ᠪᠠᠷᠠᠬᠤ ᠦᠬᠡᠢ ᠬᠡᠷ ᠪᠦᠯᠢ ᠶᠢᠨ ᠢᠶᠠᠨ ᠲᠦᠯᠦᠬᠡ ᠵᠢᠳᠬᠦᠨ᠂ ᠣᠳᠣ ᠦᠶ᠎ᠡ ᠶᠢᠨ ᠡᠮᠡᠭᠲᠡᠶᠢᠴᠣᠳ ᠤᠨ ᠵᠣᠷᠢᠭᠲᠠᠢ ᠪᠠᠷ ᠮᠠᠷᠠᠶᠢᠨ ᠲᠡᠮᠡᠴᠡᠬᠦ᠂ ᠬᠠᠷᠠᠮ ᠦᠬᠡᠢ ᠵᠤᠷᠢᠭᠤᠯᠬᠤ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠬᠦᠯᠪᠡ᠃ ᠲᠤᠰ ᠣᠳᠠᠭᠠᠨ ᠤ ᠠᠵᠢᠯᠯᠠᠭᠠᠨ ᠢᠶᠠᠷ ᠡᠮᠡᠭᠲᠡᠶᠢᠴᠣᠳ ᠤᠨ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠬᠡᠢ ᠡᠮᠡᠭᠲᠡᠢ ᠺᠠᠳ᠋ᠷᠴᠣᠳ ᠤᠨ ᠬᠠᠮᠲᠤ ᠶᠢᠨ ᠬᠦᠴᠦᠨ ᠢ ᠨᠢᠭᠲᠠᠷᠠᠭᠤᠯᠤᠨ᠂ ᠬᠤᠶᠢᠰᠢᠳᠠ ᠶᠢᠨ ᠠᠵᠢᠯ ᠳᠤ ᠪᠠᠨ ᠬᠦᠳᠡᠯᠭᠡᠭᠴᠢ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠷᠢᠯᠡᠵᠦ᠂ ᠡᠮᠡᠭᠲᠡᠶᠢᠴᠣᠳ ᠤᠨ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢᠨ ᠳᠣᠮᠳᠠᠬᠢ ᠦᠢᠯᠡᠳᠦᠯ ᠢ ᠣᠯᠠᠮ ᠨᠢᠬᠡ ᠠᠯᠬᠤᠮ ᠪᠠᠳᠠᠷᠠᠭᠤᠯᠤᠨ᠂ ᠪᠤᠬᠢᠷᠳᠣᠯ ᠦᠬᠡᠢ ᠠᠵᠤ ᠠᠬᠤᠢ ᠶᠢᠨ ᠬᠦᠭᠵᠢᠯᠲᠡ ᠶᠢᠨ ᠰᠢᠪᠲᠤᠯᠤᠯᠲᠠ ᠶᠢᠨ ᠠᠵᠢᠯᠯᠠᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号