ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ 2022 ᠣᠨ ᠤ ᠲᠡᠭᠡᠷ᠎ᠡ ᠬᠠᠭᠠᠰ ᠵᠢᠯ ᠤᠨ ᠭᠤᠣᠯᠳᠠᠯᠭᠠᠳᠦ ᠲᠦᠷᠦᠯ ᠵᠣᠶᠢᠯ ᠭᠤᠣᠯᠳᠠᠯᠭᠠᠳᠦ ᠠᠵᠢᠯ ᠤᠨ ᠲᠣᠬᠢᠷᠠᠭᠤᠯᠣᠯᠳᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/7/7
    7 ᠰᠠᠷ᠎ᠠ ᠶᠢᠨ 5 ᠤ ᠡᠳᠦᠷ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ 2022 ᠣᠨ ᠤ ᠲᠡᠭᠡᠷ᠎ᠡ ᠬᠠᠭᠠᠰ ᠵᠢᠯ ᠤᠨ ᠭᠤᠣᠯᠳᠠᠯᠭᠠᠳᠦ ᠲᠦᠷᠦᠯ ᠵᠣᠶᠢᠯ ᠭᠤᠣᠯᠳᠠᠯᠭᠠᠳᠦ ᠠᠵᠢᠯ ᠤᠨ ᠲᠣᠬᠢᠷᠠᠭᠤᠯᠣᠯᠳᠠ ᠶᠢᠨ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠤᠨ ᠲᠡᠳ᠋ ᠱᠦᠵᠢ᠂ ᠬᠠᠮᠢᠶᠠᠷᠣᠯᠳᠠ ᠶᠢᠨ ᠵᠦᠪᠯᠡᠯ ᠤᠨ ᠲᠡᠳ᠋ ᠡᠷᠬᠢᠯᠡᠭᠴᠢ ᠰᠦᠨ ᠶᠢᠣ ᠵᠢᠶᠦ᠋ᠨ ᠬᠤᠷᠠᠯ ᠡᠷᠬᠢᠯᠡᠪᠡ᠃     ᠬᠤᠷᠠᠯ ᠠᠴᠠ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ 2022 ᠣᠨ ᠤ ᠲᠡᠭᠡᠷ᠎ᠡ ᠬᠠᠭᠠᠰ ᠵᠢᠯ ᠤᠨ ᠭᠤᠣᠯᠳᠠᠯᠭᠠᠳᠦ ᠲᠦᠷᠦᠯ ᠵᠣᠶᠢᠯ᠂ ᠭᠤᠣᠯᠳᠠᠯᠭᠠᠳᠦ ᠠᠵᠢᠯ ᠤᠨ ᠠᠬᠢᠴᠠ ᠶᠢᠨ ᠪᠠᠶᠢᠳᠠᠯ  ᠤᠨ ᠮᠡᠳᠡᠭᠦᠯᠦᠯᠳᠡ ᠶᠢ ᠰᠣᠨᠣᠰᠴᠦ᠂ ᠣᠳᠣᠬᠠᠨ ᠤ ᠬᠦᠭᠵᠢᠯᠳᠡ ᠪᠠᠶᠢᠳᠠᠯ ᠢ ᠪᠦᠬᠦ ᠲᠠᠯ᠎ᠠ ᠪᠠᠷ ᠵᠠᠳᠠᠯᠣᠨ ᠮᠠᠭᠠᠳᠯᠠᠵᠣ᠂ ᠲᠠᠷᠠᠭ᠎ᠠ ᠠᠯᠬᠤᠮ ᠤᠨ ᠠᠵᠢᠯ ᠳᠤ ᠲᠠᠬᠢᠨ ᠲᠣᠬᠢᠷᠠᠭᠤᠯᠣᠯᠳᠠ᠂ ᠪᠠᠶᠢᠷᠢᠯᠠᠭᠤᠯᠣᠯᠳᠠ᠂ ᠨᠠᠶᠢᠳᠠᠪᠦᠷᠢᠵᠢᠭᠤᠯᠣᠯᠳᠠ ᠬᠢᠪᠠ᠃     ᠬᠤᠷᠠᠯ ᠠᠴᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠪᠣᠯ ᠪᠦᠬᠦ ᠬᠤᠰᠢᠭᠤᠨ  ᠤ ᠠᠵᠣ ᠠᠬᠤᠢ ᠶᠢᠨ ᠬᠦᠭᠵᠢᠯᠳᠡ ᠶᠢᠨ ᠭᠤᠣᠯ ᠪᠠᠶᠢᠯᠳᠣᠭᠠᠨ ᠤ ᠲᠠᠯᠠᠪᠣᠷ ᠪᠣᠯᠬᠤᠷ ᠦᠵᠡᠯ ᠰᠠᠨᠠᠭ᠎ᠠ ᠪᠠᠨ ᠨᠢᠭᠡᠳᠭᠡᠨ᠂ ᠲᠠᠨᠢᠯᠳᠠ ᠪᠠᠨ ᠲᠡᠭᠡᠭᠰᠢᠯᠡᠭᠦᠯᠵᠣ᠂ ᠬᠦᠷᠢᠶᠡᠯᠡᠩ ᠲᠣᠭᠤᠷᠢᠭ ᠤᠨ ᠴᠢᠨᠠᠷᠯᠢᠭ ᠬᠦᠭᠵᠢᠯᠳᠡ ᠶᠢᠨ ᠠᠬᠢᠭᠤᠯᠬᠤ ᠰᠠᠨᠠᠭᠠᠴᠢᠯᠠᠭᠠᠳᠦ ᠴᠢᠨᠠᠷ ᠢᠶᠠᠨ ᠲᠡᠭᠡᠭᠰᠢᠯᠡᠭᠦᠯᠦᠨ᠂ ᠦᠵᠡᠯ ᠰᠠᠨᠠᠭ᠎ᠠ ᠪᠣᠯᠣᠨ ᠣᠶᠢᠯᠠ ᠠᠵᠢᠯᠯᠠᠭᠠᠨ ᠢᠶᠠᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠣᠯᠳᠠ ᠶᠢᠨ ᠵᠦᠪᠯᠡᠯ ᠤᠨ ᠰᠢᠢᠳᠪᠦᠷᠢᠳᠦ ᠪᠠᠶᠢᠷᠢᠯᠠᠭᠤᠯᠣᠯᠳᠠ ᠲᠡᠭᠡᠷ᠎ᠡ ᠨᠢᠭᠡᠳᠬᠡᠵᠣ᠂ ᠨᠡᠭᠡᠭᠡᠯᠳᠡ ᠶᠢᠨ ᠣᠷᠣᠨ ᠤ ᠡᠯ᠎ᠡ ᠲᠦᠷᠦᠯ  ᠤᠨ ᠠᠵᠢᠯ ᠤᠨ ︽ᠬᠤᠷᠳᠣᠴᠠ ᠪᠠᠨ ᠨᠡᠮᠡᠬᠦ ᠠᠵᠢᠯᠯᠠᠭᠠᠨ︾ ᠢ ᠪᠦᠬᠦ ᠲᠠᠯ᠎ᠠ ᠪᠠᠷ ᠡᠬᠢᠯᠡᠭᠦᠯᠣᠨ᠂ ᠮᠡᠳᠡᠭᠡ ᠵᠠᠩᠬᠢ᠂ ᠲᠣᠭᠢᠷᠠᠭᠤᠯᠣᠯᠳᠠ ᠶᠢ ᠰᠢᠯᠣᠭᠤᠳᠬᠠᠵᠣ᠂ ᠬᠦᠴᠦᠷᠭᠡᠭ ᠠᠵᠢᠯ ᠤᠨ ᠬᠠᠮᠳᠣᠷᠠᠯ ᠬᠦᠴᠦᠨ᠂ ᠬᠦᠭᠵᠢᠯᠳᠡ ᠶᠢᠨ ᠬᠠᠮᠳᠣᠷᠠᠯ ᠬᠦᠴᠦᠨ ᠢ ᠪᠦᠷᠢᠯᠳᠦᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ᠂ ᠭᠤᠣᠯ ᠬᠠᠷᠢᠭᠤᠴᠠᠯᠭ᠎ᠠ ᠳᠤ ᠴᠢᠭᠯᠡᠭᠦᠯᠦᠨ᠂ ᠭᠤᠣᠯ ᠣᠶᠢᠯᠠᠰ ᠢ ᠪᠣᠳᠠᠳᠠᠢ ᠠᠳᠬᠤᠵᠣ᠂ ᠨᠡᠭᠡᠭᠡᠯᠳᠡ ᠶᠢᠨ ᠣᠷᠣᠨ ᠤ ᠠᠵᠣ ᠠᠬᠤᠢ ᠶᠢᠨ ᠲᠣᠭᠳᠠᠭᠤᠨ ᠠᠵᠢᠯᠯᠠᠮᠵᠢ ᠶᠢ ᠪᠦᠬᠦ ᠲᠠᠯ᠎ᠠ ᠪᠠᠷ ᠪᠠᠷᠢᠮᠳᠠᠯᠠᠨ᠂ ᠣᠰᠣ᠂ ᠴᠠᠬᠢᠯᠭᠠᠨ᠂ ᠬᠡᠢ᠂ ᠲᠣᠯᠠᠭᠠᠯᠠᠭ᠎ᠠ ᠵᠡᠷᠭᠡ ᠴᠢᠳᠠᠪᠬᠢ ᠶᠢᠨ ᠴᠢᠨᠠᠷᠳᠡᠢ ᠰᠠᠭᠤᠷᠢ ᠲᠦᠬᠦᠭᠡᠷᠦᠮᠵᠢ ᠶᠢᠨ ᠲᠦᠭᠦᠷᠴᠢᠯᠡᠯᠳᠡ ᠶᠢ ᠲᠦᠷᠭᠡᠳᠬᠡᠵᠣ᠂ ᠣᠳᠣᠬᠠᠨ ᠤ ᠠᠵᠣ ᠣᠶᠢᠯᠠᠰ ᠤᠨ ᠬᠡᠯᠬᠢᠶᠡᠵᠢᠯ ᠪᠣᠯᠣᠨ ᠡᠬᠢ ᠪᠠᠶᠠᠯᠢᠭ ᠤᠨ ᠲᠠᠪᠠᠭᠤᠯᠢᠭ ᠢᠶᠠᠨ ᠠᠰᠢᠭᠯᠠᠨ᠂ ᠬᠤᠳᠠᠯᠳᠣᠭᠠᠴᠢᠨ ᠣᠷᠢᠬᠤ ᠶᠢ ᠲᠣᠪᠣᠶᠢᠯᠭᠠᠵᠣ᠂ ᠬᠦᠷᠢᠶ᠎ᠠ ᠴᠠᠷᠠᠭᠠᠨ ᠤ ᠬᠠᠮᠳᠣᠷᠠᠯᠴᠠᠭ᠎ᠠ ᠪᠠᠨ ᠴᠢᠩᠭᠠᠳᠬᠠᠨ᠂ ᠲᠦᠷᠦᠯ ᠵᠣᠶᠢᠯ ᠤᠨ ᠭᠡᠷ᠎ᠡ ᠲᠣᠭᠳᠠᠬᠤ ᠨᠣᠷᠮ᠎ᠠ ᠪᠣᠯᠣᠨ ᠨᠠᠶᠢᠳᠠᠪᠦᠷᠢᠵᠢᠭᠤᠯᠣᠯᠳᠠ ᠶᠢᠨ ᠨᠣᠷᠮ᠎ᠠ ᠪᠠᠨ ᠲᠡᠭᠡᠭᠰᠢᠯᠡᠭᠦᠯᠬᠦ ᠬᠡᠷᠡᠭᠳᠡᠢ᠃ ᠣᠯᠣᠰ ᠲᠦᠷᠦ ᠶᠢ ᠡᠷᠬᠢᠮᠯᠡᠨ᠂ ᠦᠨᠡᠨᠴᠢ ᠰᠢᠳᠣᠷᠭᠤ ᠪᠠᠷ ᠪᠦᠯᠬᠦᠮᠳᠡᠵᠣ᠂ ᠵᠣᠷᠢᠭᠳᠠᠢ ᠡᠭᠦᠷᠭᠡᠯᠡᠨ᠂ ᠬᠠᠣᠯᠢ ᠲᠦᠷᠢᠮ ᠢ ᠪᠠᠳᠦ ᠰᠠᠬᠢᠵᠣ᠂ ᠨᠡᠭᠡᠭᠡᠯᠳᠡ ᠶᠢᠨ ᠣᠷᠣᠨ ᠤ ᠴᠢᠨᠠᠷᠯᠢᠭ ᠬᠦᠭᠵᠢᠯᠳᠡ ᠳᠤ ᠣᠶᠣᠨ ᠤ ᠪᠠ ᠬᠦᠴᠦᠨ ᠴᠢᠳᠠᠯ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠣᠯᠳᠠ ᠶᠢᠨ ᠵᠦᠪᠯᠡᠯ ᠤᠨ ᠣᠳᠣᠷᠢᠳᠬᠤ ᠪᠠᠭ ᠤᠨ ᠪᠦᠷᠢᠯᠳᠦᠭᠦᠨ᠂ ᠨᠡᠭᠡᠭᠡᠯᠳᠡ ᠶᠢᠨ ᠣᠷᠣᠨ ᠤ ᠡᠯ᠎ᠡ ᠲᠣᠳᠣᠭᠠᠳᠦ ᠪᠠᠶᠢᠭᠤᠯᠣᠮᠵᠢ ᠶᠢᠨ ᠬᠠᠷᠢᠭᠤᠴᠠᠯᠭᠠᠳᠠᠳ ᠵᠢᠴᠢ ᠪᠦᠬᠦ ᠺᠠᠳ᠋ᠷ ᠠᠵᠢᠯᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号