ᠸᠠᠩ ᠢᠦᠢ ᠴᠢᠶᠠᠩ ᠨᠠᠩᠰᠤ ᠪᠠᠯᠭᠠᠰᠤᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/7
    7 ᠰᠠᠷ᠎ᠠ ᠶᠢᠨ 5 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠨᠠᠩᠰᠤ ᠪᠠᠯᠭᠠᠰᠤᠨ ᠳᠤ ᠬᠦᠨᠵᠡᠬᠡᠶᠢᠷᠡᠨ ᠴᠢᠬᠤᠯᠠ ᠲᠦᠷᠤᠯ ᠵᠦᠢᠯ᠂ ᠭᠤᠤᠯᠳᠠᠯᠭᠠᠳᠤ ᠠᠵᠢᠯ ᠳᠤ ᠪᠠᠶᠢᠴᠠᠭᠠᠨ ᠰᠤᠳᠤᠯᠤᠯᠳᠠ ᠬᠢᠪᠠ᠃     ᠸᠠᠩ ᠢᠦᠢ ᠴᠢᠶᠠᠩ ᠨᠠᠩᠰᠤ ᠪᠠᠯᠭᠠᠰᠤᠨ ᠤ ᠪᠠᠶᠠᠨᠰᠢᠯᠢ ᠭᠠᠴᠠᠭᠠᠨ ᠳᠤ᠂ ᠴᠢᠪᠠᠭᠠᠨ ᠮᠤᠳᠤᠨ ᠳᠤᠮᠳᠠ ᠡᠪᠡᠰᠤᠨ ᠡᠮ ᠳᠠᠷᠢᠬᠤ ᠲᠦᠷᠤᠯ ᠵᠦᠢᠯ ᠢ ᠪᠠᠶᠢᠴᠠᠭᠠᠨ ᠦᠵᠡᠵᠤ᠂ ᠲᠦᠷᠤᠯ ᠵᠦᠢᠯ ᠤᠨ ᠬᠡᠪᠴᠢᠶᠡᠵᠢᠯ᠂ ᠪᠡᠯᠡ ᠤᠷᠤᠭᠤᠯᠤᠯᠳᠠ᠂ ᠦᠷ᠎ᠠ ᠠᠰᠢᠭ ᠵᠡᠷᠬᠡ ᠪᠠᠶᠢᠳᠠᠯ ᠢ ᠨᠠᠷᠢᠯᠢᠭ ᠤᠶᠢᠯᠠᠭᠠᠪᠠ᠃ ᠳᠠᠷᠠ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠷᠰᠢᠶᠡᠵᠢᠯ᠂ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ᠂ ᠠᠵᠤ ᠠᠬᠤᠶᠢᠯᠠᠯ ᠤᠨ ᠳᠠᠳᠠᠨ ᠠᠪᠴᠢᠷᠠᠯᠳᠠ ᠵᠡᠷᠬᠡ ᠠᠷᠭ᠎ᠠ ᠪᠠᠷ ᠳᠠᠮᠵᠢᠭᠤᠯᠤᠨ ᠳᠡᠯᠬᠡᠷᠡᠬᠦᠯᠵᠤ ᠪᠤᠯᠬᠤ ᠠᠵᠤ ᠤᠶᠢᠯᠡᠰ ᠤᠨ ᠬᠦᠭᠵᠢᠯᠳᠠ ᠶᠢᠨ ᠵᠠᠭᠪᠤᠷ ᠢ ᠡᠷᠢᠯᠬᠢᠯᠡᠬᠦ ᠬᠡᠷᠡᠭᠳᠠᠢ᠃ ᠬᠦᠭᠵᠢᠯᠳᠠ ᠶᠢᠨ ᠦᠵᠡᠯᠳᠠ ᠪᠠᠨ ᠬᠤᠪᠢᠷᠠᠭᠤᠯᠤᠨ᠂ ᠠᠵᠤ ᠤᠶᠢᠯᠡᠰ ᠤᠨ ᠪᠦᠳᠤᠴᠠ ᠶᠢᠨ ᠳᠤᠬᠢᠷᠠᠭᠤᠯᠤᠯᠳᠠ ᠶᠢᠨ ᠠᠯᠬᠤᠴᠠ ᠪᠠᠨ ᠳᠠᠰᠤᠷᠠᠯᠳᠠ ᠦᠬᠡᠢ ᠲᠦᠷᠬᠡᠤᠨᠬᠡᠵᠤ᠂ ᠮᠠᠯᠴᠢᠨ ᠳᠠᠷᠢᠶᠠᠴᠢᠨ ᠢ ᠵᠢᠯᠤᠭᠤᠳᠤᠨ ᠦᠩᠬᠡᠷᠡᠭᠰᠡᠨ ᠤ ᠪᠦᠳᠤᠬᠦᠯᠢᠭ᠂ ᠤᠯᠠᠮᠵᠢᠯᠠᠯᠳᠤ ᠳᠠᠷᠢᠵᠤ ᠳᠡᠵᠢᠬᠡᠬᠦ ᠵᠠᠭᠪᠤᠷ ᠢ ᠨᠢ ᠬᠤᠪᠢᠷᠠᠭᠤᠯᠤᠨ᠂ ᠤᠰᠤᠨ ᠡᠬᠢ ᠰᠤᠷᠪᠤᠯᠵᠢ ᠳᠤᠳᠠᠮᠠᠭ᠂ ᠠᠮᠢ ᠠᠬᠤᠢ ᠬᠡᠪᠡᠷᠡᠭ ᠬᠢᠵᠠᠭᠠᠷᠯᠠᠯ ᠢ ᠬᠦᠴᠤᠯᠡᠨ ᠰᠢᠢᠤᠨᠪᠤᠷᠢᠯᠡᠵᠤ᠂ ᠨᠢᠬᠡᠴᠢ ᠭᠠᠵᠠᠷ ᠰᠢᠷᠤᠢ ᠶᠢᠨ ᠤᠨᠠᠯᠳᠠ ᠶᠢᠨ ᠨᠤᠷᠮ᠎ᠠ ᠶᠢ ᠳᠡᠬᠡᠭᠰᠢᠯᠡᠬᠦᠯᠬᠦ ᠬᠡᠷᠡᠭᠳᠠᠢ ᠬᠡᠪᠡ᠃     ᠸᠠᠩ ᠢᠦᠢ ᠴᠢᠶᠠᠩ ᠮᠤᠭᠠᠶᠢᠳᠤ ᠭᠠᠴᠠᠭ᠎ᠠ ᠶᠢᠨ ᠵᠢᠶᠠ ᠾᠧ ᠲᠢᠶᠠᠨ ᠬᠤᠸᠠ ᠤᠷᠴᠢᠨ ᠬᠠᠮᠠᠭᠠᠯᠠᠯᠳᠠ ᠶᠢᠨ ᠳᠤᠭᠤᠰᠬ᠎ᠠ ᠶᠢᠨ ᠤᠶᠢᠯᠡᠤᠨᠪᠤᠷᠢ ᠶᠢᠨ ᠬᠤᠶᠠᠳᠤᠭᠠᠷ ᠬᠤᠭᠤᠴᠠᠭᠠᠨ ᠤ ᠲᠦᠷᠤᠯ ᠵᠦᠢᠯ ᠤᠨ ᠪᠠᠶᠢᠭᠤᠯᠤᠯᠳᠠ ᠶᠢᠨ ᠳᠤᠬᠠᠢ ᠶᠢᠨ ᠳᠠᠯᠠᠪᠤᠷ ᠲᠤ᠂ ᠲᠦᠷᠤᠯ ᠵᠦᠢᠯ ᠤᠨ ᠳᠠᠨᠢᠯᠴᠠᠭᠤᠯᠭ᠎ᠠ ᠶᠢ ᠨᠠᠷᠢᠯᠢᠭ ᠰᠤᠨᠤᠰᠤᠨ᠂ ᠲᠦᠷᠤᠯ ᠵᠦᠢᠯ ᠤᠨ ᠪᠠᠶᠢᠭᠤᠯᠤᠯᠳᠠ ᠳᠤᠮᠳᠠ ᠳᠤᠯᠭᠠᠷᠠᠵᠤ ᠪᠠᠶᠢᠭ᠎ᠠ ᠬᠦᠴᠢᠷᠳᠠᠯ ᠪᠠ ᠠᠰᠠᠭᠤᠳᠠᠯ ᠢ ᠳᠤᠬᠠᠢ ᠶᠢᠨ ᠳᠠᠯᠠᠪᠤᠷ ᠲᠤ ᠨᠢ ᠵᠤᠬᠢᠴᠠᠭᠤᠯᠤᠨ ᠰᠢᠢᠤᠨᠪᠤᠷᠢᠯᠡᠪᠡ᠃ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠷᠢᠤᠨᠴᠢᠯᠡᠨ ᠤᠶᠢᠯᠡᠴᠢᠯᠡᠵᠤ᠂ ᠲᠦᠷᠤᠯ ᠵᠦᠢᠯ ᠤᠨ ᠪᠠᠶᠢᠭᠤᠯᠤᠯᠳᠠ ᠳᠤᠮᠳᠠ ᠳᠤᠯᠭᠠᠷᠠᠵᠤ ᠪᠠᠶᠢᠭ᠎ᠠ ᠵᠠᠮ᠂ ᠴᠠᠬᠢᠯᠭᠠᠨ ᠬᠦᠴᠤ ᠵᠡᠷᠬᠡ ᠳᠠᠯ᠎ᠠ ᠶᠢᠨ ᠪᠤᠳᠠᠳᠤ ᠬᠦᠴᠢᠷᠳᠠᠯ ᠢ ᠨᠢ ᠢᠳᠡᠪᠬᠢᠳᠠᠢ ᠵᠤᠬᠢᠴᠠᠭᠤᠯᠤᠨ ᠰᠢᠢᠤᠨᠪᠤᠷᠢᠯᠡᠬᠦ ᠬᠡᠷᠡᠭᠳᠠᠢ᠃ ᠬᠤᠪᠢ ᠤᠷᠤᠭᠤᠯᠬᠤ᠂ ᠬᠤᠷᠰᠢᠶᠠᠵᠢᠯ ᠪᠠᠶᠢᠭᠤᠯᠬᠤ᠂ ᠤᠶᠢᠯᠡᠴᠢᠯᠡᠬᠡᠨ ᠤ ᠪᠦᠯᠬᠦᠮ ᠪᠠᠶᠢᠭᠤᠯᠬᠤ ᠵᠡᠷᠬᠡ ᠠᠷᠭ᠎ᠠ ᠪᠠᠷ ᠠᠵᠤ ᠠᠬᠤᠶᠢᠯᠠᠯ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠤᠨᠬᠠᠨ᠂ ᠠᠵᠤ ᠠᠬᠤᠶᠢᠯᠠᠯ ᠠᠰᠢᠭ ᠤᠯᠵᠤ᠂ ᠭᠠᠴᠠᠭ᠎ᠠ ᠳᠤᠰᠬᠤᠨ ᠤᠷᠤᠯᠭ᠎ᠠ ᠪᠠᠨ ᠨᠡᠮᠡᠭᠳᠡᠬᠦᠯᠤᠨ᠂ ᠮᠠᠯᠴᠢᠨ ᠳᠠᠷᠢᠶᠠᠴᠢᠨ ᠠᠰᠢᠭ ᠬᠦᠷᠳᠡᠬᠦ ᠶᠢ ᠴᠢᠷᠮᠠᠶᠢᠨ ᠪᠡᠶᠡᠯᠡᠬᠦᠯᠬᠦ ᠬᠡᠷᠡᠭᠳᠠᠢ ᠬᠡᠵᠤ ᠱᠠᠭᠠᠷᠳᠠᠭᠰᠡᠨ ᠪᠠᠶᠢᠨ᠎ᠠ᠃     ᠸᠠᠩ ᠢᠦᠢ ᠴᠢᠶᠠᠩ ᠪᠠᠶ᠋ᠬᠠᠤᠰᠤ ᠭᠠᠴᠠᠭᠠᠨ ᠤ ᠯᠢᠨ ᠶᠧ ᠮᠦ᠋ ᠭᠧ ᠪᠤᠬᠢᠷᠳᠤᠯ ᠦᠬᠡᠢ ᠵᠢᠮᠢᠰ ᠤᠨ ᠬᠦᠷᠢᠶᠡᠯᠡᠩ  ᠳᠤ ᠵᠢᠮᠢᠰ ᠳᠡᠬᠦᠬᠦ ᠬᠦᠷᠢᠶᠡᠯᠡᠩ ᠤᠨ ᠬᠠᠮᠢᠶᠠᠷᠤᠯᠳᠠ ᠶᠢᠨ ᠵᠠᠭᠪᠤᠷ᠂ ᠬᠡᠪᠴᠢᠶᠡᠵᠢᠯ ᠪᠠ ᠦᠷ᠎ᠠ ᠠᠰᠢᠭ ᠢ ᠨᠠᠷᠢᠯᠢᠭ ᠤᠶᠢᠯᠠᠭᠠᠵᠤ᠂ ᠬᠡᠬᠡᠷ᠎ᠡ ᠪᠠᠭᠤᠳᠠᠯᠯᠠᠬᠤ ᠭᠠᠵᠠᠷ ᠤᠨ ᠪᠠᠶᠢᠭᠤᠯᠤᠯᠳᠠ ᠶᠢᠨ ᠪᠠᠶᠢᠳᠠᠯ ᠢ ᠳᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃ ᠬᠠᠮᠢᠶ᠎ᠠ ᠪᠦᠬᠦᠢ ᠬᠠᠷᠢᠭᠤᠴᠠᠯᠭᠠᠳᠠᠤᠨ ᠲᠤ ᠲᠦᠷᠤᠯ ᠵᠦᠢᠯ ᠤᠨ ᠪᠠᠶᠢᠭᠤᠯᠤᠯᠳᠠ ᠶᠢᠨ ᠠᠬᠢᠴᠠ ᠶᠢ ᠲᠦᠷᠬᠡᠤᠨᠬᠡᠨ᠂ ᠲᠦᠷᠤᠯ ᠵᠦᠢᠯ ᠤᠨ ᠡᠷᠳᠠ  ᠪᠠᠶᠢᠭᠤᠯᠤᠭᠳᠠᠨ ᠡᠷᠳᠠ ᠬᠡᠷᠡᠭᠯᠡᠯᠳᠠ ᠳᠤ ᠤᠷᠤᠵᠤ ᠡᠷᠳᠠ ᠪᠦᠳᠤᠮᠵᠢ ᠭᠠᠷᠭᠠᠬᠤ ᠶᠢ ᠠᠬᠢᠭᠤᠯᠬᠤ ᠬᠡᠷᠡᠭᠳᠠᠢ ᠬᠡᠵᠤ ᠵᠠᠬᠢᠭᠰᠡᠨ ᠪᠠᠶᠢᠨ᠎ᠠ᠃ ᠳᠠᠷᠠ᠂ ᠬᠠᠮᠳᠤ ᠶᠢᠨ ᠠᠵᠤ ᠠᠬᠤᠢ ᠶᠢᠨ ᠲᠦᠷᠤᠯ ᠵᠦᠢᠯ ᠢᠶᠠᠷ ᠵᠢᠯᠤᠭᠤᠳᠤᠯᠭ᠎ᠠ ᠪᠤᠯᠭᠠᠨ᠂ ︽ᠨᠠᠮ ᠤᠨ ᠡᠬᠦᠷ+ ᠠᠵᠤ ᠠᠬᠤᠶᠢᠯᠠᠯ+ ᠬᠤᠷᠰᠢᠶᠡᠵᠢᠯ+ ᠮᠠᠯᠴᠢᠨ ᠳᠠᠷᠢᠶᠠᠴᠢᠨ ᠡᠷᠤᠬᠡ︾ ᠶᠢᠨ ᠬᠦᠭᠵᠢᠯᠳᠠ ᠶᠢᠨ ᠵᠠᠭᠪᠤᠷ ᠢ ᠬᠡᠷᠡᠭᠵᠢᠬᠦᠯᠵᠤ᠂ ᠤᠨᠴᠠᠯᠢᠭᠳᠤ ᠢᠳᠡᠬᠡᠨ ᠪᠤᠯᠪᠠᠰᠤᠷᠠᠭᠤᠯᠬᠤ᠂ ᠵᠢᠮᠢᠰ ᠳᠡᠬᠦᠬᠦ ᠵᠡᠷᠬᠡ ᠠᠵᠤ ᠤᠶᠢᠯᠡᠰ ᠤᠨ ᠠᠭᠤᠰᠤᠯᠴᠠᠯ ᠬᠦᠭᠵᠢᠯᠳᠠ  ᠶᠢ ᠢᠳᠡᠪᠬᠢᠳᠠᠢ ᠠᠬᠢᠭᠤᠯᠤᠨ᠂ ᠬᠠᠮᠳᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠶᠢᠨ ᠬᠠᠮᠳᠤ ᠮᠠᠯᠴᠢᠨ ᠳᠠᠷᠢᠶᠠᠴᠢᠨ ᠤ ᠤᠷᠤᠯᠭ᠎ᠠ ᠶᠢ ᠪᠦᠳᠤᠮᠵᠢᠳᠠᠢ ᠳᠡᠬᠡᠭᠰᠢᠯᠡᠬᠦᠯᠬᠦ ᠬᠡᠷᠡᠭᠳᠠᠢ ᠬᠡᠪᠡ᠃     ᠬᠤᠰᠢᠭᠤ ᠤᠳᠤᠷᠢᠳᠤᠯᠭ᠎ᠠ ᠵᠣᠣ ᠱᠤᠸᠠᠨ᠂ ᠹᠦ᠋ ᠺᠧ᠂ ᠯᠢ ᠵᠢᠶᠠ ᠭᠤᠸᠠᠨ᠂ ᠶᠢᠤ ᠵᠢᠶᠠᠨ ᠴᠢᠩ ᠵᠢᠴᠢ ᠨᠠᠩᠰᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠤᠨ ᠬᠠᠮᠳᠤ ᠪᠠᠶᠢᠴᠠᠭᠠᠨ ᠰᠤᠳᠤᠯᠤᠯᠳᠠ ᠬᠢᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号