ᠶᠠᠩ ᠶᠢᠩ ᠰᠢᠨ ᠨᠢᠩᠰᠢᠶᠠ ᠶᠢᠨ ᠰᠦᠵᠸᠣ ᠢᠷᠭᠠᠢ ᠶᠢᠨ ᠬᠠᠮᠲᠤᠷᠠᠭᠰᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠲᠦᠷᠦᠯ ᠵᠦᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/7/7
    7 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ  ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠶᠠᠩ ᠶᠢᠩ ᠰᠢᠨ ᠰᠢᠨᠵᠢᠯᠡᠨ ᠪᠠᠶᠢᠴᠠᠭᠠᠯᠲᠠ ᠶᠢᠨ ᠳᠣᠭᠤᠶᠢᠯᠠᠩ ᠢᠶᠠᠨ ᠳᠠᠭᠠᠭᠤᠯᠤᠨ ᠨᠢᠩᠰᠢᠶᠠ ᠶᠢᠨ ᠰᠦᠵᠸᠤ ᠢᠷᠭᠠᠢ ᠶᠢᠨ ᠬᠠᠮᠲᠤᠷᠠᠭᠰᠠᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠣᠷᠴᠢᠨ ᠬᠠᠮᠠᠭᠠᠯᠠᠯᠲᠠ ᠶᠢᠨ ᠠᠵᠤ ᠦᠢᠯᠡᠰ ᠤᠨ ᠲᠦᠷᠦᠯ ᠵᠦᠢᠯ᠂ ᠰᠢᠨ᠎ᠡ ᠡᠨᠧᠷᠬᠢ ᠶᠢᠨ ᠲᠦᠷᠦᠯ ᠵᠦᠢᠯ ᠵᠢᠴᠢ ᠬᠤᠳᠠᠯᠳᠣᠭᠠᠴᠢᠨ ᠣᠷᠢᠵᠦ ᠪᠡᠯᠡ ᠲᠠᠲᠠᠬᠤ ᠠᠵᠢᠯ  ᠤᠨ ᠲᠤᠬᠠᠢ ᠬᠠᠷᠢᠯᠴᠠᠪᠠ᠃     ᠨᠢᠩᠰᠢᠶᠠ ᠶᠢᠨ ᠰᠦᠵᠸᠤ ᠢᠷᠭᠠᠢ ᠶᠢᠨ ᠬᠠᠮᠲᠤᠷᠠᠭᠰᠠᠨ ᠠᠵᠤ ᠦᠢᠯᠡᠰ ᠤᠨ ᠬᠦᠷᠢᠶᠡᠯᠡᠩ ᠤᠨ ᠺᠠᠩ ᠮᠦᠸᠧ ᠰᠢᠨᠵᠢᠯᠡᠭᠡ ᠮᠡᠷᠬᠡᠵᠢᠯ ᠤᠨ ᠬᠢᠵᠠᠭᠠᠷᠲᠤ ᠺᠣᠮᠫᠠᠨᠢ ᠳᠤ᠂ ᠪᠠᠶᠢᠴᠠᠭᠠᠯᠲᠠ ᠶᠢᠨ ᠳᠣᠭᠤᠶᠢᠯᠠᠩ ᠠᠴᠠ ᠺᠣᠮᠫᠠᠨᠢ ᠶᠢᠨ ᠲᠦᠷᠦᠯ ᠵᠦᠢᠯ ᠤᠨ ᠦᠵᠡᠬᠦᠯᠬᠡ ᠶᠢ ᠲᠤᠭᠤᠷᠢᠨ ᠦᠵᠡᠬᠦ ᠶᠢᠨ ᠬᠠᠮᠲᠤ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠬᠤ᠂ ᠲᠦᠷᠦᠯ ᠵᠦᠢᠯ ᠤᠨ ᠣᠷᠣᠨᠵᠢᠯᠲᠠ ᠶᠢ ᠠᠬᠢᠭᠤᠯᠬᠤ᠂ ᠬᠠᠮᠲᠤᠪᠡᠷ ᠠᠰᠢᠭ ᠬᠦᠷᠲᠡᠬᠦ ᠶᠢ ᠪᠡᠶᠡᠯᠡᠬᠦᠯᠬᠦ ᠲᠤᠬᠠᠢ ᠺᠠᠩ ᠮᠦᠸᠧ ᠰᠢᠨᠵᠢᠯᠡᠭᠡ ᠮᠡᠷᠬᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠬᠤᠢ ᠲᠠᠢ ᠰᠠᠭᠤᠳᠠᠯ ᠤᠨ ᠬᠤᠷᠠᠯ ᠬᠤᠷᠠᠯᠳᠣᠵᠣ ᠵᠦᠪᠳᠡᠯᠴᠡᠪᠡ᠃     ᠶᠠᠩ ᠶᠢᠩ ᠰᠢᠨ ᠠᠴᠠ ᠣᠲᠤᠭ ᠤᠨ ᠡᠮᠦᠨᠡᠲᠦ ᠬᠤᠰᠢᠭᠤᠨ ᠤ ᠡᠬᠢ ᠰᠣᠷᠪᠣᠯᠵᠢ ᠡᠯᠪᠡᠭ ᠳᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠳᠣᠪᠣᠶᠢᠮ᠎ᠠ ᠪᠤᠯᠬᠤᠷ ᠦᠨᠡᠨᠴᠢ ᠢᠳᠡᠭᠡᠮᠵᠢᠲᠡᠢ᠂ ᠪᠤᠲᠠᠲᠤ ᠬᠦᠴᠦᠨ ᠢᠶᠠᠷ ᠬᠦᠴᠦᠷᠬᠡᠭ ᠠᠵᠤ ᠠᠬᠤᠶᠢᠯᠠᠯ ᠤᠳ ᠤᠨ ᠪᠡᠯᠡ ᠣᠷᠣᠭᠤᠯᠣᠨ ᠦᠢᠯᠡᠰ ᠪᠤᠰᠬᠠᠬᠤ᠂ ᠪᠤᠬᠢᠷᠳᠣᠯ ᠦᠬᠡᠢ ᠬᠦᠭᠵᠢᠯᠲᠡ ᠶᠢ ᠬᠠᠮᠲᠤᠪᠡᠷ ᠰᠦᠪᠡᠭᠴᠢᠯᠡᠬᠦ ᠶᠢ ᠪᠠᠶᠠᠷᠯᠠᠨ ᠣᠭᠲᠣᠵᠣ ᠪᠠᠶᠢᠨ᠎ᠠ᠃ ᠣᠷᠣᠨ ᠨᠣᠲᠤᠭ ᠠᠵᠤ ᠠᠬᠤᠶᠢᠯᠠᠯ ᠬᠤᠶᠠᠷ ᠲᠠᠯ᠎ᠠ  ᠪᠠᠷ ᠢᠶᠠᠨ ᠲᠤᠰ ᠣᠳᠠᠭᠠᠨ ᠤ ᠵᠦᠪᠳᠡᠯᠴᠡᠭᠡ ᠪᠠᠷ ᠳᠣᠬᠢᠶᠠᠯ ᠪᠤᠯᠭᠠᠵᠤ᠂ ᠬᠦᠭᠵᠢᠯᠲᠡ ᠶᠢᠨ ᠠᠵᠠ ᠳᠣᠬᠢᠶᠠᠯ ᠢ ᠡᠵᠡᠮᠳᠡᠨ᠂ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠵᠤᠷᠢᠯᠭ᠎ᠠ ᠪᠠᠨ ᠦᠳᠲᠡᠷ ᠲᠦᠷᠬᠡᠨ ᠬᠦᠢᠴᠡᠳᠬᠡᠨ᠂ ᠬᠠᠮᠲᠤᠷᠠᠯᠴᠠᠭᠠᠨ ᠤ ᠲᠦᠷᠦᠯ ᠵᠦᠢᠯ ᠤᠨ ᠣᠷᠣᠨᠵᠢᠭᠤᠯᠣᠯᠲᠠ ᠨᠠᠶᠢᠲᠠᠪᠤᠷᠢᠵᠢᠭᠤᠯᠤᠯᠲᠠ ᠶᠢ ᠬᠠᠮᠲᠤᠪᠡᠷ ᠠᠬᠢᠭᠤᠯᠵᠤ᠂ ᠬᠤᠶᠠᠷ ᠲᠠᠯ᠎ᠠ ᠶᠢᠨ ᠠᠰᠢᠭᠲᠠᠢ ᠬᠦᠭᠵᠢᠯᠲᠡ ᠶᠢ ᠪᠡᠶᠡᠯᠡᠬᠦᠯᠬᠦ ᠶᠢ ᠬᠦᠰᠡᠵᠦ ᠪᠠᠶᠢᠨ᠎ᠠ᠃ ᠣᠲᠤᠭ ᠤᠨ ᠡᠮᠦᠨᠡᠲᠦ ᠬᠤᠰᠢᠭᠤ ᠠᠵᠤ ᠠᠬᠤᠶᠢᠯᠠᠯ ᠤᠨ ᠪᠡᠯᠡ ᠣᠷᠣᠭᠤᠯᠣᠯᠲᠠ ᠴᠤᠭᠴᠠᠯᠠᠯᠲᠠ ᠳᠤ ᠪᠦᠬᠦ ᠬᠦᠴᠦᠨ ᠢᠶᠠᠷ ᠳᠡᠮᠵᠢᠯᠭᠡ ᠬᠠᠪᠰᠣᠷᠣᠯᠭ᠎ᠠ ᠬᠠᠩᠭᠠᠨ᠂ ᠠᠵᠤ ᠠᠬᠤᠶᠢᠯᠠᠯ ᠤᠨ ᠣᠷᠣᠨ ᠨᠣᠲᠤᠭ ᠲᠤ ᠪᠡᠯᠡ ᠣᠷᠣᠭᠤᠯᠣᠨ ᠦᠢᠯᠡᠰ ᠪᠤᠰᠬᠠᠬᠤ ᠳᠤ ᠣᠬᠢ ᠰᠠᠶᠢᠨ ᠣᠷᠴᠢᠨ ᠠᠬᠤᠢ  ᠶᠢ ᠪᠦᠷᠢᠯᠳᠦᠬᠦᠯᠵᠦ᠂ ᠴᠢᠨᠠᠷ ᠰᠠᠶᠢᠲᠠᠢ ᠦᠢᠯᠡᠴᠢᠯᠡᠭᠡ ᠶᠢ ᠬᠠᠩᠭᠠᠨ᠎ᠠ ᠬᠡᠵᠦ ᠬᠡᠯᠡᠭᠰᠡᠨ ᠪᠠᠶᠢᠨ᠎ᠠ᠃     ᠸᠠᠩ ᠬᠤᠢ ᠠᠴᠠ ᠣᠲᠤᠭ ᠤᠨ ᠡᠮᠦᠨᠡᠲᠦ ᠬᠤᠰᠢᠭᠤᠨ ᠤ ᠳᠡᠮᠵᠢᠯᠭᠡ ᠳᠤ ᠲᠠᠯᠠᠷᠬᠠᠯ ᠢᠶᠠᠨ ᠳᠡᠪᠰᠢᠬᠦᠯᠵᠦ᠂ ᠠᠵᠤ ᠠᠬᠤᠶᠢᠯᠠᠯ ᠣᠷᠣᠨ ᠨᠣᠲᠤᠭ ᠬᠤᠶᠠᠷ ᠲᠠᠯ᠎ᠠ ᠠᠴᠠ ᠣᠷᠴᠢᠨ ᠬᠠᠮᠠᠭᠠᠯᠠᠯᠲᠠ ᠶᠢᠨ ᠠᠵᠤ ᠦᠢᠯᠡᠰ᠂ ᠰᠢᠨ᠎ᠡ ᠡᠨᠧᠷᠬᠢ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ ᠬᠦᠨᠵᠡᠬᠡᠶᠢᠷᠡᠬᠦᠯᠦᠨ ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠣᠯᠠᠮ ᠦᠷᠬᠡᠳᠬᠡᠨ᠂ ᠣᠷᠣᠨ ᠪᠦᠰᠡ ᠬᠤᠯᠪᠤᠭᠠᠯᠠᠨ ᠬᠦᠳᠡᠯᠦᠯᠴᠡᠬᠦ᠂ ᠬᠠᠮᠲᠤᠪᠡᠷ ᠠᠰᠢᠭ ᠬᠦᠷᠲᠡᠬᠦ ᠶᠢ ᠴᠢᠷᠮᠠᠶᠢᠨ ᠪᠡᠶᠡᠯᠡᠬᠦᠯᠦᠨ᠎ᠡ ᠬᠡᠵᠦ ᠢᠯᠡᠷᠬᠡᠶᠢᠯᠡᠭᠰᠡᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠰᠦᠨ ᠶᠢᠦ ᠵᠢᠶᠦ᠋ᠨ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠱᠢ ᠵᠢᠶᠦ᠋ᠨ᠂ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠰᠢᠨᠵᠢᠯᠡᠨ ᠪᠠᠶᠢᠴᠠᠭᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号