ᠸᠠᠩ ᠢᠦᠢ ᠴᠢᠶᠠᠩ ᠪᠦᠬᠦ ᠬᠤᠰᠢᠭᠤᠨ ᠤ ᠠᠯᠪᠠᠨ ᠵᠢᠷᠣᠮ ᠤᠨ ᠰᠣᠷᠭᠠᠨ ᠬᠦᠮᠦᠵᠢᠯ ᠢ ᠴᠢᠨᠠᠷ ᠰᠠᠶᠢᠲᠠᠢ ᠲᠡᠩᠴᠡᠬᠦᠷᠢᠲᠡᠢ ᠬᠦᠭᠵᠢᠬᠦᠯᠬᠦ ᠠᠵᠢᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2022/8/18
    8 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠪᠦᠬᠦ ᠬᠤᠰᠢᠭᠤᠨ ᠤ ᠠᠯᠪᠠᠨ ᠵᠢᠷᠤᠮ ᠤᠨ ᠰᠣᠷᠭᠠᠨ ᠬᠦᠮᠦᠵᠢᠯ ᠢ ᠴᠢᠨᠠᠷ ᠰᠠᠶᠢᠲᠠᠢ ᠲᠡᠩᠴᠡᠬᠦᠷᠢᠲᠡᠢ ᠬᠦᠭᠵᠢᠬᠦᠯᠬᠦ ᠠᠵᠢᠯ ᠢ ᠪᠠᠶᠢᠴᠠᠭᠠᠨ ᠰᠣᠳᠣᠯᠪᠠ᠃
    ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠶᠠᠳᠣᠭᠠᠷ ᠪᠠᠭ᠎ᠠ ᠰᠣᠷᠭᠠᠭᠤᠯᠢ ᠶᠢᠨ ᠬᠤᠪᠢᠶᠠᠷᠢ ᠲᠤᠭᠤᠷᠢᠭ ᠲᠤ ᠬᠦᠷᠴᠦ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢᠨ ᠪᠠᠶᠢᠳᠠᠯ ᠢ ᠬᠢᠨᠠᠨ ᠪᠠᠶᠢᠴᠠᠭᠠᠪᠠ᠃     ᠸᠠᠩ ᠢᠦᠢ ᠴᠢᠶᠠᠩ ᠣᠷᠢᠳ ᠬᠤᠵᠢᠳ ᠬᠤᠰᠢᠭᠤ ᠬᠤᠶᠠᠳᠣᠭᠠᠷ ᠪᠠᠭ᠎ᠠ ᠰᠣᠷᠭᠠᠭᠤᠯᠢ᠂ ᠳᠣᠮᠳᠠᠳᠣ ᠰᠣᠷᠭᠠᠭᠤᠯᠢ᠂ ᠭᠤᠷᠪᠠᠳᠣᠭᠠᠷ ᠪᠠᠭ᠎ᠠ ᠰᠣᠷᠭᠠᠭᠤᠯᠢ ᠵᠡᠷᠭᠡ ᠰᠣᠷᠭᠠᠭᠤᠯᠢ ᠳᠤ ᠬᠦᠷᠴᠦ᠂ ᠪᠦᠬᠦ ᠬᠤᠰᠢᠭᠤᠨ ᠤ ᠠᠯᠪᠠᠨ ᠵᠢᠷᠤᠮ ᠤᠨ ᠰᠣᠷᠭᠠᠨ ᠬᠦᠮᠦᠵᠢᠯ ᠤᠨ ᠴᠢᠨᠠᠷ ᠰᠠᠶᠢᠲᠠᠢ ᠲᠡᠩᠴᠡᠬᠦᠷᠢᠲᠦ ᠬᠦᠭᠵᠢᠯᠲᠡ᠂ ᠰᠣᠷᠭᠠᠭᠤᠯᠢ ᠶᠢᠨ ᠪᠠᠶᠢᠭᠤᠯᠤᠯᠲᠠ᠂ ᠰᠣᠷᠭᠠᠭᠤᠯᠢ ᠡᠷᠬᠢᠯᠡᠬᠦ ᠬᠡᠪᠴᠢᠶ᠎ᠡ᠂ ᠪᠠᠭᠰᠢ ᠶᠢᠨ ᠡᠩᠨᠡᠭᠡ᠂ ᠰᠣᠷᠭᠠᠭᠤᠯᠢ ᠡᠷᠬᠢᠯᠡᠬᠦ ᠨᠦᠬᠦᠴᠡᠯ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠬᠢᠴᠢᠶᠡᠯ ᠤᠨ ᠲᠢᠩᠬᠢᠮ᠂ ᠪᠠᠶᠢᠷᠢ᠂ ᠬᠤᠭᠤᠯᠠᠨ ᠭᠡᠷ ᠵᠡᠷᠭᠡ ᠭᠠᠵᠠᠷ  ᠢᠶᠠᠷ ᠰᠣᠷᠣᠭᠴᠢᠳ ᠤᠨ ᠠᠮᠢᠳᠣᠷᠠᠯ ᠰᠣᠷᠣᠯᠭ᠎ᠠ ᠶᠢᠨ ᠨᠦᠬᠦᠴᠡᠯ ᠢ ᠬᠦᠨᠵᠡᠬᠡᠢ ᠣᠶᠢᠯᠠᠭᠠᠪᠠ᠃
    ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠶᠠᠳᠣᠭᠠᠷ ᠪᠠᠭ᠎ᠠ ᠰᠣᠷᠭᠠᠭᠤᠯᠢ ᠶᠢᠨ ᠬᠢᠴᠢᠶᠡᠯ ᠤᠨ ᠲᠢᠩᠬᠢᠮ ᠳᠤ ᠬᠦᠨᠵᠡᠬᠡᠶᠢᠷᠡᠵᠦ ᠰᠣᠷᠣᠭᠴᠢᠳ ᠤᠨ ᠰᠣᠷᠣᠯᠭ᠎ᠠ ᠶᠢᠨ ᠣᠷᠴᠢᠨ ᠲᠤᠭᠤᠷᠢᠨ ᠪᠠ ᠨᠦᠬᠦᠴᠡᠯ ᠢ ᠨᠠᠷᠢᠨ ᠣᠶᠢᠯᠠᠭᠠᠪᠠ᠃     ᠸᠠᠩ ᠢᠦᠢ ᠴᠢᠶᠠᠩ ᠠᠴᠠ ᠰᠣᠷᠭᠠᠭᠤᠯᠢ ᠨᠢ ᠶᠤᠰᠤ ᠰᠣᠷᠲᠠᠬᠤᠨ ᠢᠶᠠᠷ ᠬᠦᠮᠦᠨ ᠢ ᠬᠦᠮᠦᠵᠢᠬᠦᠯᠬᠦ ᠦᠨᠳᠦᠰᠦᠨ ᠡᠬᠦᠷᠭᠡ ᠶᠢ ᠡᠬᠦᠷᠭᠡᠯᠡᠵᠦ ᠪᠠᠶᠢᠭ᠎ᠠ ᠪᠤᠯᠬᠤᠷ ᠠᠯᠪᠠᠨ ᠵᠢᠷᠤᠮ ᠤᠨ ᠰᠣᠷᠭᠠᠨ ᠬᠦᠮᠦᠵᠢᠯ ᠤᠨ ᠴᠢᠨᠠᠷ ᠰᠠᠶᠢᠲᠠᠢ ᠲᠡᠩᠴᠡᠬᠦᠷᠢᠲᠦ ᠬᠦᠭᠵᠢᠯᠲᠡ ᠪᠠᠷ ᠣᠳᠣᠷᠢᠳᠣᠮᠵᠢ ᠪᠣᠯᠭᠠᠵᠤ᠂ ᠰᠣᠷᠭᠠᠨ ᠬᠦᠮᠦᠵᠢᠯ ᠢ ᠬᠠᠮᠤᠭ ᠤᠨ ᠲᠤᠮᠤ ᠠᠷᠠᠳ  ᠤᠨ ᠠᠮᠢᠳᠣᠷᠠᠯ ᠤᠨ ᠢᠨᠵᠧᠨᠧᠷᠢᠩ ᠪᠤᠯᠭᠠᠨ᠂ ᠰᠣᠷᠭᠠᠨ ᠬᠦᠮᠦᠵᠢᠯ ᠤᠨ ᠡᠬᠢ ᠰᠣᠷᠪᠣᠯᠵᠢ ᠶᠢ ᠰᠢᠨᠵᠢᠯᠡᠬᠦ ᠣᠬᠠᠭᠠᠨᠴᠢ ᠵᠦᠢ ᠵᠤᠬᠢᠰᠲᠠᠢ ᠪᠠᠷ ᠲᠤᠬᠢᠷᠠᠭᠤᠯᠵᠤ᠂ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠦᠬᠡᠷᠡᠴᠢᠯᠡᠯᠲᠡ  ᠶᠢ ᠬᠦᠨᠵᠡᠭᠡᠶᠢᠷᠡᠬᠦᠯᠦᠨ᠂ ᠠᠷᠠᠳ ᠲᠦᠮᠡᠨ ᠰᠡᠳᠬᠢᠯ ᠬᠠᠨᠣᠮᠵᠢᠲᠠᠢ ᠰᠣᠷᠭᠠᠨ ᠬᠦᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠣᠷᠭᠠᠨ ᠬᠦᠮᠦᠵᠢᠯ ᠤᠨ ᠡᠬᠢ ᠰᠣᠷᠪᠣᠯᠵᠢ ᠶᠢᠨ ᠲᠤᠬᠢᠷᠠᠭᠤᠯᠤᠯᠲᠠ ᠶᠢ ᠲᠠᠰᠣᠷᠠᠯᠲᠠ ᠦᠬᠡᠢ ᠲᠡᠭᠦᠯᠳᠡᠷᠵᠢᠬᠦᠯᠦᠨ ᠰᠢᠯᠢᠳᠡᠭᠵᠢᠬᠦᠯᠵᠦ᠂ ᠡᠯ᠎ᠡ ᠲᠦᠷᠦᠯ ᠤᠨ ᠵᠦᠬᠡᠯᠡᠨ ᠬᠠᠲᠠᠭᠤ ᠲᠤᠨᠤᠭ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠂ ᠨᠡᠩ ᠴᠢᠨᠠᠷ ᠰᠠᠶᠢᠲᠠᠢ ᠲᠡᠩᠴᠡᠬᠦᠷᠢᠲᠡᠢ ᠰᠤᠷᠭᠠᠨ ᠬᠦᠮᠦᠵᠢᠯ ᠤᠨ ᠬᠦᠭᠵᠢᠯᠲᠡ ᠶᠢᠨ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠰᠣᠷᠭᠠᠭᠤᠯᠢ ᠡᠷᠬᠢᠯᠡᠬᠦ ᠴᠢᠳᠠᠪᠤᠷᠢ ᠪᠠ ᠬᠢᠷᠢ ᠳᠦᠪᠰᠢᠨ ᠢ ᠴᠢᠷᠮᠠᠶᠢᠨ ᠳᠡᠭᠡᠭᠰᠢᠯᠡᠬᠦᠯᠵᠦ᠂ ᠨᠠᠷᠢᠯᠢᠭᠵᠢᠭᠰᠡᠨ ᠬᠠᠮᠢᠶᠠᠷᠤᠯᠲᠠ ᠶᠢ ᠬᠡᠷᠡᠭᠵᠢᠬᠦᠯᠦᠨ᠂ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠲᠤᠲᠠᠭᠤᠳᠠᠯ ᠢ ᠲᠠᠰᠣᠷᠠᠯᠲᠠ ᠦᠬᠡᠢ ᠨᠦᠬᠦᠪᠦᠷᠢᠯᠡᠵᠦ᠂ ᠰᠣᠷᠣᠭᠴᠢᠳ ᠲᠤ ᠠᠮᠣᠷ ᠳᠦᠪᠰᠢᠨ᠂ ᠲᠠᠭᠠᠯᠠᠮᠵᠢᠲᠠᠢ ᠠᠮᠢᠳᠣᠷᠠᠯ ᠰᠣᠷᠣᠯᠭ᠎ᠠ ᠶᠢᠨ ᠣᠷᠴᠢᠨ ᠲᠤᠭᠤᠷᠢᠨ ᠢ ᠬᠠᠩᠭᠠᠬᠤ ᠬᠡᠷᠡᠭᠲᠡᠢ᠃ ᠬᠤᠭᠤᠴᠠᠭ᠎ᠠ ᠭᠤᠭᠴᠤᠭ᠎ᠠ ᠶᠢ ᠴᠢᠩᠭ᠎ᠠ ᠡᠵᠡᠮᠳᠡᠨ᠂ ᠶᠠᠰᠣ ᠴᠢᠨᠠᠷ᠂ ᠠᠮᠣᠷ ᠳᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠬᠢᠴᠢᠶᠠᠯ ᠤᠨ ᠲᠢᠩᠬᠢᠮ᠂ ᠪᠠᠶᠢᠷᠢ᠂ ᠬᠤᠭᠤᠯᠠᠨ ᠭᠡᠷ ᠵᠡᠷᠭᠡ ᠭᠠᠵᠠᠷ  ᠤᠨ ᠰᠡᠯᠪᠢᠯᠲᠡ ᠦᠬᠡᠷᠡᠴᠢᠯᠡᠯᠲᠡ᠂ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠯ᠎ᠡ ᠲᠦᠷᠦᠯ ᠤᠨ ᠠᠵᠢᠯ ᠢ ᠦᠨᠳᠦᠷ ᠪᠠᠷᠢᠮᠵᠢᠶ᠎ᠠ ᠲᠠᠢ ᠴᠢᠨᠠᠷᠯᠢᠭ ᠰᠠᠶᠢᠲᠤᠷ ᠬᠢᠨ᠂ ᠨᠠᠮᠣᠷ ᠤᠨ ᠣᠯᠠᠷᠢᠯ ᠰᠣᠷᠣᠭᠴᠢᠳ ᠰᠣᠷᠭᠠᠭᠤᠯᠢ ᠳᠤ ᠣᠷᠣᠬᠤ ᠶᠢ ᠰᠠᠭᠠᠲᠠᠭᠠᠬᠤ ᠦᠬᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠣᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠬᠡᠶᠢᠯᠡᠨ  ᠡᠵᠡᠮᠳᠡᠬᠦ ᠠᠵᠢᠯ ᠢ ᠪᠠᠶᠢᠩᠭᠤᠵᠢᠭᠤᠯᠤᠨ ᠠᠳᠬᠤᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠯ᠎ᠡ ᠲᠦᠷᠦᠯ ᠤᠨ ᠠᠷᠭ᠎ᠠ ᠠᠪᠴᠠᠯ ᠢ ᠰᠠᠶᠢᠲᠤᠷ ᠨᠠᠶᠢᠲᠠᠪᠤᠷᠢᠵᠢᠭᠤᠯᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃
    ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠭᠤᠷᠪᠠᠳᠣᠭᠠᠷ ᠪᠠᠭ᠎ᠠ ᠰᠣᠷᠭᠠᠭᠤᠯᠢ ᠳᠤ ᠬᠦᠷᠴᠦ᠂ ᠪᠠᠭᠰᠢ ᠨᠠᠷ ᠲᠠᠢ ᠬᠢᠴᠢᠶᠡᠯᠡᠯᠬᠦ ᠠᠭᠤᠯᠭ᠎ᠠ ᠶᠢᠨ ᠲᠤᠬᠠᠢ ᠶᠠᠷᠢᠯᠴᠠᠪᠠ᠃
    ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠳᠣᠮᠳᠠᠳᠣ ᠰᠣᠷᠭᠠᠭᠤᠯᠢ ᠳᠤ ᠬᠦᠷᠴᠦ᠂ ᠬᠤᠭᠤᠯᠠᠨ ᠭᠡᠷ ᠤᠨ ᠡᠷᠬᠢᠯᠲᠡ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃     ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠬᠤᠰᠢᠭᠤ ᠰᠢᠭᠤᠳ ᠬᠠᠷᠢᠶ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号