8 ᠰᠠᠷ᠎ᠠ 16 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠤᠯᠵᠠᠴᠢ | ᠪᠠᠯᠭᠠᠰᠤ᠂ ᠨᠠᠩᠰᠤ ᠪᠠᠯᠭᠠᠰᠤ ᠳᠤ ᠬᠦᠨᠵᠡᠬᠡᠶᠢᠷᠡᠨ ᠪᠤᠯᠪᠠᠰᠤᠨ ᠬᠤᠳᠠ ᠶᠢᠨ ᠴᠤᠭᠴᠠᠯᠠᠯᠳᠠ ᠶᠢᠨ ᠠᠵᠢᠯ ᠢ ᠬᠢᠨᠠᠨ | ᠵᠢᠯᠤᠭᠤᠤᠨᠪᠠ᠃ | ᠸᠠᠩ ᠢᠦᠢ ᠴᠢᠶᠠᠩ ᠤᠯᠵᠠᠴᠢ ᠪᠠᠯᠭᠠᠰᠤᠨ ᠳᠤᠭᠤᠷᠢᠭ᠂ ᠨᠠᠩᠰᠤ ᠪᠠᠯᠭᠠᠰᠤᠨ ᠳᠤᠭᠤᠷᠢᠭ᠂ ᠨᠠᠩᠰᠤ ᠭᠠᠴᠠᠭ᠎ᠠ᠂ | ᠬᠠᠷᠠᠭᠠᠨᠠᠳᠤ ᠭᠠᠴᠠᠭ᠎ᠠ ᠳᠤ ᠬᠦᠷᠴᠤ᠂ ᠪᠤᠯᠪᠠᠰᠤᠨ ᠬᠤᠳᠠ ᠶᠢᠨ ᠴᠤᠭᠴᠠᠯᠠᠯᠳᠠ ᠶᠢᠨ ᠠᠵᠢᠯ ᠪᠠ ᠪᠤᠯᠪᠠᠰᠤᠨ | ᠳᠤᠰᠬᠤᠨ ᠪᠠᠯᠭᠠᠰᠤᠨ ᠤ ᠪᠠᠶᠢᠭᠤᠯᠤᠯᠳᠠ ᠶᠢᠨ ᠪᠠᠶᠢᠳᠠᠯ ᠢ ᠳᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠪᠡ᠃ | ᠳᠠᠷᠠ᠂ ᠪᠤᠯᠪᠠᠰᠤᠨ ᠬᠤᠳᠠ ᠶᠢᠨ ᠴᠤᠭᠴᠠᠯᠠᠯᠳᠠ ᠪᠤᠯ ᠨᠢᠬᠡ ᠲᠦᠷᠤᠯ ᠤᠨ ᠠᠷᠠᠤᠨ ᠲᠦᠮᠡᠨ ᠳᠤ ᠵᠤᠯ ᠵᠢᠷᠭᠠᠯ | ᠤᠯᠭᠤᠬᠤ ᠤᠷᠳᠤ ᠬᠤᠭᠤᠴᠠᠭᠠᠨ ᠤ ᠠᠵᠢᠯ ᠪᠤᠯᠬᠤᠷ ︽ᠠᠷᠠᠤᠨ ᠤᠨ ᠲᠦᠯᠤᠬᠡ ᠴᠤᠭᠴᠠᠯᠠᠵᠤ ᠠᠷᠠᠤᠨ ᠲᠤ ᠠᠰᠢᠭ | ᠬᠦᠷᠳᠡᠬᠡᠬᠦ︾ ᠪᠠᠷ ᠵᠤᠷᠢᠯᠳᠠ ᠪᠤᠯᠭᠠᠨ᠂ ᠤᠯᠠᠨ ᠲᠦᠮᠡᠨ ᠤ ᠬᠠᠨᠤᠮᠵᠢ ᠪᠠ ᠵᠤᠯ ᠵᠢᠷᠭᠠᠯ ᠢᠶᠠᠷ ᠭᠠᠷᠳᠠᠴᠠ ᠪᠤᠯᠭᠠᠵᠤ᠂ | ︽ᠠᠵᠢᠯᠯᠠᠭ᠎ᠠ ᠪᠠᠷ ᠢᠶᠠᠨ ᠴᠤᠭᠴᠠᠯᠠᠬᠤ︾ ᠠᠴᠠ ︽ᠦᠵᠡᠯ ᠤᠬᠠᠮᠰᠠᠷ ᠠᠴᠠ ᠪᠠᠨ ᠴᠤᠭᠴᠠᠯᠠᠬᠤ︾ ᠳᠡᠰᠢ | ᠬᠤᠪᠢᠷᠠᠭᠤᠯᠬᠤ ᠶᠢ ᠠᠬᠢᠭᠤᠯᠬᠤ ᠬᠡᠷᠡᠭᠳᠠᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠴᠢᠩᠭᠠᠤᠨᠬᠠᠨ᠂ | ᠰᠢᠶᠠᠨ ᠤ ᠳᠡᠰ ᠤᠨ ᠡᠯ᠎ᠡ ᠤᠳᠤᠷᠢᠳᠤᠯᠭ᠎ᠠ᠂ ᠡᠯ᠎ᠡ ᠪᠠᠯᠭᠠᠰᠤ᠂ ᠡᠯ᠎ᠡ ᠰᠠᠯᠠᠭ᠎ᠠ ᠮᠦᠴᠢᠷ ᠤᠨ ᠭᠤᠤᠯ | ᠬᠠᠷᠢᠭᠤᠴᠠᠯᠭᠠᠳᠠᠤᠨ ᠪᠡᠶ᠎ᠡ ᠪᠠᠷ ᠢᠶᠠᠨ ᠦᠨᠳᠤᠰᠤᠨ ᠱᠠᠳᠤᠨ ᠳᠤ ᠬᠦᠨᠵᠡᠬᠡᠶᠢᠷᠡᠨ ᠳᠤᠬᠠᠢ ᠶᠢᠨ ᠳᠠᠯᠠᠪᠤᠷ ᠲᠤ | ᠠᠯᠪᠠᠯᠠᠵᠤ᠂ ᠤᠷᠤᠰᠢᠵᠤ ᠪᠠᠶᠢᠭ᠎ᠠ ᠠᠰᠠᠭᠤᠳᠠᠯ ᠢ ᠵᠤᠬᠢᠴᠠᠭᠤᠯᠵᠤ ᠰᠢᠢᠤᠨᠪᠤᠷᠢᠯᠡᠨ᠂ ᠪᠤᠯᠪᠠᠰᠤᠨ ᠬᠤᠳᠠ ᠶᠢᠨ | ᠴᠤᠭᠴᠠᠯᠠᠯᠳᠠ ᠶᠢᠨ ᠡᠯ᠎ᠡ ᠲᠦᠷᠤᠯ ᠤᠨ ᠠᠵᠢᠯ ᠢ ᠦᠨᠳᠤᠷ ᠪᠠᠷᠢᠮᠵᠢᠶ᠎ᠠ ᠪᠠᠷ ᠴᠢᠨᠠᠷᠯᠢᠭ ᠠᠬᠢᠭᠤᠯᠬᠤ ᠬᠡᠷᠡᠭᠳᠠᠢ᠃ | ᠠᠵᠢᠯ ᠤᠨ ᠨᠠᠷᠢᠯᠢᠭᠵᠢᠭᠤᠯᠤᠯᠳᠠ ᠶᠢᠨ ᠲᠦᠪᠰᠢᠨ ᠢ ᠳᠡᠬᠡᠭᠰᠢᠯᠡᠬᠦᠯᠤᠨ᠂ ᠪᠤᠯᠪᠠᠰᠤᠨ ᠬᠤᠳᠠ ᠶᠢᠨ ᠴᠤᠭᠴᠠᠯᠠᠯᠳᠠ | ᠶᠢᠨ ᠱᠠᠭᠠᠷᠳᠠᠯᠭ᠎ᠠ ᠪᠠ ᠪᠠᠷᠢᠮᠵᠢᠶ᠎ᠠ ᠶᠤᠰᠤᠭᠠᠷ ᠪᠠᠭᠤᠷᠠᠢ ᠳᠠᠯ᠎ᠠ ᠪᠠ ᠨᠠᠷᠢᠨ ᠳᠠᠯ᠎ᠠ ᠠᠴᠠ ᠭᠠᠷᠳᠠᠵᠤ᠂ ᠢᠯᠠ ᠪᠠᠶᠢᠭ᠎ᠠ | ᠴᠠᠬᠢᠯᠭᠠᠨ ᠱᠤᠭᠤᠮ ᠤᠨ ᠴᠡᠭᠴᠡᠯᠡᠯᠳᠠ᠂ ᠵᠠᠮ ᠵᠡᠬᠡᠯᠢ ᠶᠢᠨ ᠬᠠᠳᠠᠭᠤᠵᠢᠭᠤᠯᠤᠯᠳᠠ ᠭᠤᠶᠤᠵᠢᠭᠤᠯᠤᠯᠳᠠ᠂ | ᠲᠦᠷᠢᠮᠵᠢᠬᠦᠨ ᠳᠡᠷᠬᠡ ᠵᠤᠭᠰᠤᠭᠠᠯᠳᠠ ᠶᠢᠨ ᠡᠮᠬᠢ ᠲᠢᠭᠯᠢᠮ᠂ ᠤᠷᠴᠢᠨ ᠳᠤᠭᠤᠷᠢᠨ ᠡᠷᠡᠬᠦᠯ ᠬᠠᠮᠠᠭᠠᠯᠠᠯ ᠤᠨ | ᠴᠡᠭᠴᠡᠯᠡᠯᠳᠠ ᠵᠡᠷᠬᠡ ᠠᠵᠢᠯ ᠢ ᠰᠠᠶᠢᠳᠤᠷ ᠠᠤᠨᠬᠤᠨ᠂ ᠠᠷᠢᠭᠤᠨ ᠴᠡᠪᠡᠷ᠂ ᠠᠮᠤᠷ ᠲᠦᠪᠰᠢᠨ ᠡᠮᠬᠢ ᠲᠢᠭᠯᠢᠮ ᠲᠠᠢ | ᠠᠮᠢᠳᠤᠷᠠᠯ ᠤᠨ ᠤᠷᠴᠢᠨ ᠢ ᠪᠦᠷᠢᠯᠳᠤᠬᠦᠯᠬᠦ ᠬᠡᠷᠡᠭᠳᠠᠢ᠃ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠤᠨᠬᠠᠨ᠂ | ᠪᠤᠯᠪᠠᠰᠤᠨ ᠬᠤᠳᠠ ᠶᠢᠨ ᠤᠬᠠᠭᠤᠯᠭ᠎ᠠ ᠶᠢᠨ ᠬᠦᠴᠤᠯᠡᠴᠠ ᠪᠠᠨ ᠶᠡᠬᠡᠤᠨᠬᠡᠵᠤ᠂ ᠤᠯᠠᠨ ᠲᠦᠮᠡᠨ ᠤ ᠤᠷᠤᠯᠴᠠᠬᠤ | ᠨᠤᠷᠮ᠎ᠠ ᠪᠠ ᠮᠡᠳᠡᠴᠠ ᠶᠢᠨ ᠨᠤᠷᠮ᠎ᠠ ᠶᠢ ᠳᠡᠬᠡᠭᠰᠢᠯᠡᠬᠦᠯᠤᠨ᠂ ᠬᠦᠮᠤᠨ ᠪᠦᠬᠦᠨ ᠤᠷᠤᠯᠴᠠᠵᠤ ᠬᠠᠮᠳᠤ ᠪᠠᠷ ᠪᠠᠶᠢᠭᠤᠯᠤᠨ | ᠬᠠᠮᠳᠤ ᠪᠠᠷ ᠡᠳ᠋ᠯᠡᠬᠦ ᠤᠬᠢ ᠰᠠᠶᠢᠨ ᠤᠷᠴᠢᠨ ᠳᠤᠭᠤᠷᠢᠨ ᠢ ᠪᠦᠷᠢᠯᠳᠤᠬᠦᠯᠬᠦ ᠮᠦᠷᠳᠡᠬᠡᠨ ᠨᠠᠶᠢᠳᠡᠯᠢᠭ ᠳᠤᠷᠰᠢᠯᠭ᠎ᠠ | ᠠᠷᠭ᠎ᠠ ᠪᠠᠷᠢᠯ ᠢᠶᠠᠨ ᠳ᠋ᠦᠩᠨᠡᠨ ᠳᠡᠯᠬᠡᠷᠡᠬᠦᠯᠬᠦ ᠠᠵᠢᠯ ᠢ ᠰᠠᠶᠢᠳᠤᠷ ᠬᠢᠵᠤ᠂ ᠴᠤᠭᠴᠠᠯᠠᠯᠳᠠ ᠶᠢᠨ ᠠᠵᠢᠯ ᠤᠨ | ᠲᠦᠷᠢᠮᠵᠢᠬᠦᠨ ᠵᠢᠷᠤᠮᠵᠢᠭᠤᠨ ᠪᠠᠶᠢᠩᠭᠤ ᠶᠢᠨ ᠪᠠᠶᠢᠳᠠᠯ ᠢ ᠦᠨᠡᠨᠬᠦ ᠠᠬᠢᠭᠤᠯᠬᠤ ᠬᠡᠷᠡᠭᠳᠠᠢ᠃ | ᠬᠤᠰᠢᠭᠤ ᠤᠳᠤᠷᠢᠳᠤᠯᠭ᠎ᠠ ᠴᠢᠦ ᠯᠢᠨ᠂ ᠤᠷᠬᠢᠯ᠂ ᠹᠦ᠋ ᠺᠧ᠂ ᠨᠠᠩᠰᠤ ᠪᠠᠯᠭᠠᠰᠤ᠂ ᠬᠤᠰᠢᠭᠤ ᠰᠢᠭᠤᠤᠨ | ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠤᠷᠤᠯᠴᠠᠪᠠ᠃ | |